ᠦᠬᠡᠷ ᠤᠨ ᠮᠢᠬ᠎ᠠ ᠶᠠᠭᠠᠬᠢᠭᠠᠳ 5 ᠵᠢᠯ ᠤᠨ ᠲᠤᠷᠰᠢᠬᠢ ᠬᠠᠮᠤᠭ ᠤᠨ ᠬᠢᠮᠳᠠ ᠬᠡᠮᠵᠢᠶᠡᠨ ᠳᠤ ᠭᠦᠷᠦᠭᠰᠡᠨ ᠪᠣᠶ︖
ᠨᠡᠶᠢᠲᠡᠯᠡᠭᠰᠡᠨ ᠴᠠᠭ᠄
2024/7/1
      ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠬᠢᠨᠠᠨ ᠬᠡᠮᠵᠢᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 6 ᠰᠠᠷ᠎ᠠ ᠶᠢᠨ 21 ᠤ ᠡᠳᠦᠷ᠂ ᠪᠥᠬᠦ ᠤᠯᠤᠰ ᠤᠨ ᠬᠦᠳᠡᠭᠡ ᠠᠵᠤ ᠠᠬᠤᠢ ᠶᠢᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠦᠬᠡᠷ ᠤᠨ ᠮᠢᠬᠠᠨ ᠤ ᠳᠤᠮᠳᠠᠴᠢ ᠦᠨ᠎ᠡ ᠺᠢᠯᠣᠭ᠍ᠷᠠᠮ ᠪᠦᠷᠢ ᠳᠡᠭᠡᠨ 60. 91 ᠲᠥᠭᠦᠷᠢᠭ ᠬᠦᠷᠴᠦ᠂ 1 ᠰᠠᠷ᠎ᠠ ᠶᠢᠨ ᠳᠤᠮᠳᠠᠴᠢ ᠦᠨ᠎ᠡ ᠠᠴᠠ ᠺᠢᠯᠣᠭ᠍ᠷᠠᠮ ᠪᠦᠷᠢ ᠳᠡᠭᠡᠨ 80.41 ᠲᠥᠭᠦᠷᠢᠭ ᠬᠢᠮᠳᠠᠷᠠᠵᠠᠢ᠃ 6 ᠰᠠᠷ᠎ᠠ ᠶᠢᠨ 2 ᠳ᠋ᠤᠭᠠᠷ ᠭᠠᠷᠠᠭ ᠪᠣᠯᠲᠠᠯ᠎ᠠ᠂ ᠪᠥᠬᠦ ᠤᠯᠤᠰ ᠤᠨ ᠦᠬᠡᠷ ᠤᠨ ᠮᠢᠬᠠᠨ ᠤ ᠭᠠᠷᠠᠭ ᠤᠨ ᠳᠤᠮᠳᠠᠴᠢ ᠦᠨ᠎ᠡ ᠨᠢ ᠺᠢᠯᠣᠭ᠍ᠷᠠᠮ ᠪᠦᠷᠢ ᠳᠡᠭᠡᠨ 69.96 ᠲᠥᠭᠦᠷᠢᠭ ᠪᠣᠯᠤᠨ ᠬᠢᠮᠳᠠᠷᠠᠵᠦ᠂ ᠠᠳᠠᠯᠢ ᠬᠤᠭᠤᠴᠠᠭᠠᠨ ᠤ ᠬᠢ ᠠᠴᠠ ᠪᠠᠨ 16.4 % ᠪᠠᠷ ᠬᠢᠮᠳᠠᠷᠠᠵᠦ᠂ 18 ᠭᠠᠷᠠᠭ ᠳᠠᠷᠠᠭᠠᠯᠠᠨ ᠬᠢᠮᠳᠠᠷᠠᠭᠠᠳ 2019 ᠣᠨ ᠤ ᠲᠦᠪᠰᠢᠨ ᠳᠤ ᠬᠦᠷᠲᠡᠯ᠎ᠡ ᠬᠢᠮᠳᠠᠷᠠᠬᠰᠠᠨ ᠪᠠᠶᠢᠨ᠎ᠠ᠃      ᠣᠷᠳᠣ ᠬᠤᠭᠤᠴᠠᠭ᠎ᠠ ᠪᠠᠷ ᠦᠨ᠎ᠡ ᠨᠢ ᠦᠰᠴᠦ ᠪᠠᠶᠢᠬᠰᠠᠨ ᠦᠬᠡᠷ ᠤᠨ ᠮᠢᠬ᠎ᠠ ᠶᠠᠭᠠᠬᠢᠭᠠᠳ 5 ᠵᠢᠯ ᠤᠨ ᠲᠤᠷᠰᠢᠬᠢ ᠬᠠᠮᠤᠭ ᠤᠨ ᠬᠢᠮᠳᠠ ᠬᠡᠮᠵᠢᠶᠡᠨ ᠳᠤ ᠭᠦᠷᠦᠭᠰᠡᠨ ᠪᠣᠶ︖ᠶᠠᠩ ᠴᠦᠨ ᠤ ᠦᠵᠡᠬᠦ ᠪᠠᠷ᠂ ᠣᠳᠣᠬᠠᠨ ᠳᠤ ᠦᠬᠡᠷ ᠤᠨ ᠮᠢᠬᠠᠨ ᠤ ᠦᠨ᠎ᠡ ᠦᠷᠭᠦᠯᠵᠢᠯᠡᠨ ᠬᠢᠮᠳᠠᠷᠠᠵᠦ ᠪᠠᠶᠢᠭ᠎ᠠ ᠨᠢ ᠤᠯᠤᠰ ᠤᠨ ᠳᠣᠲᠣᠭᠠᠳᠤ ᠶᠢᠨ ᠬᠡᠷᠡᠭᠯᠡᠭᠡᠨ ᠤ ᠨᠡᠮᠡᠭᠳᠡᠯ ᠤᠳᠠᠭᠠᠰᠢᠷᠠᠵᠤ᠂ ᠭᠠᠳᠠᠭᠠᠳᠤ ᠠᠴᠠ ᠣᠷᠣᠭᠤᠯᠤᠭᠰᠠᠨ ᠦᠬᠡᠷ ᠤᠨ ᠮᠢᠬ᠎ᠠ ᠨᠡᠮᠡᠭᠳᠡᠭᠰᠡᠨ ᠤ ᠤᠴᠢᠷ ᠠᠴᠠ ᠪᠤᠯᠤᠬᠰᠠᠨ ᠪᠦᠭᠡᠳ ᠪᠠᠰᠠ ᠠᠯᠠᠰᠢᠨ ᠦᠬᠡᠷ ᠤᠨ ᠦᠢᠯᠡᠳᠪᠦᠷᠢᠯᠡᠯ ᠨᠡᠮᠡᠭᠳᠡᠭᠰᠡᠨ ᠵᠢᠴᠢ ᠰᠦ ᠶᠢᠨ ᠦᠢᠯᠡᠰ ᠵᠡᠷᠭᠡ ᠬᠤᠯᠪᠣᠭᠳᠠᠯ ᠪᠥᠬᠦᠶ ᠠᠵᠤ ᠦᠢᠯᠡᠰ ᠤᠨ ᠨᠥᠯᠥᠭᠡ ᠠᠴᠠ ᠪᠤᠯᠵᠠᠢ᠃ ᠤᠯᠠᠷᠢᠯ ᠤᠨ ᠴᠢᠨᠠᠷᠲᠠᠢ᠂ ᠦᠶᠡᠯᠡᠯ ᠤᠨ ᠴᠢᠨᠠᠷᠲᠠᠢ ᠬᠦᠴᠦᠨ ᠵᠦᠢᠯ ᠪᠠᠶᠢᠬᠤ ᠪᠠᠷ ᠪᠠᠷᠠᠬᠤ ᠦᠭᠡᠢ᠂ ᠪᠠᠰᠠ ᠬᠠᠩᠭᠠᠯᠭ᠎ᠠ ᠬᠡᠷᠡᠭᠴᠡᠭᠡ ᠶᠢᠨ ᠲᠠᠯ᠎ᠠ ᠠᠴᠠ ᠢᠷᠡᠭᠰᠡᠨ ᠪᠦᠲᠦᠴᠡ ᠶᠢᠨ ᠴᠢᠨᠠᠷᠲᠠᠢ ᠬᠦᠴᠦᠨ ᠵᠦᠢᠯ ᠪᠠᠶᠢᠨ᠎ᠠ᠃      ᠬᠠᠩᠭᠠᠯᠭ᠎ᠠ ᠶᠢᠨ ᠨᠡᠮᠡᠭᠳᠡᠯ ᠨᠢ ᠮᠠᠨ ᠤ ᠤᠯᠤᠰ ᠤᠨ ᠦᠬᠡᠷ ᠤᠨ ᠮᠢᠬᠠᠨ ᠤ ᠭᠠᠷᠤᠯᠲᠠ ᠵᠢᠯ ᠳᠠᠷᠠᠭᠠᠯᠠᠨ ᠨᠡᠮᠡᠭᠳᠡᠵᠦ ᠪᠠᠶᠢᠬᠤ ᠵᠢᠴᠢ ᠭᠠᠳᠠᠭᠠᠳᠤ ᠶᠢᠨ ᠦᠬᠡᠷ ᠤᠨ ᠮᠢᠬ᠎ᠠ ᠶᠢ ᠤᠷᠤᠭᠤᠯᠬᠤ ᠶᠠᠪᠤᠳᠠᠯ ᠦᠷᠭᠦᠯᠵᠢᠯᠡᠨ ᠨᠡᠮᠡᠭᠳᠡᠵᠦ ᠪᠠᠶᠢᠬᠤ ᠠᠴᠠ ᠢᠷᠡᠯᠲᠡ ᠲᠠᠢ ᠶᠤᠮ᠃ ᠮᠠᠨ ᠤ ᠤᠯᠤᠰ ᠤᠨ ᠦᠬᠡᠷ ᠤᠨ ᠮᠢᠬᠠᠨ ᠤ ᠭᠠᠷᠤᠯᠲᠠ 10 ᠵᠢᠯ ᠳᠠᠷᠠᠭᠠᠯᠠᠨ ᠨᠡᠮᠡᠭᠳᠡᠵᠦ᠂ ᠡᠨᠡ ᠬᠦ ᠬᠤᠭᠤᠴᠠᠭᠠᠨ ᠳᠠᠬᠢ ᠬᠠᠩᠭᠠᠯᠭ᠎ᠠ ᠶᠢᠨ ᠬᠡᠮᠵᠢᠶ᠎ᠡ 140 ᠲᠦᠮᠡᠨ ᠲᠣᠨ ᠨᠡᠮᠡᠭᠳᠡᠪᠡ᠃ 2023 ᠣᠨ ᠳᠤ᠂ ᠮᠠᠨ ᠤ ᠤᠯᠤᠰ ᠤᠨ ᠦᠬᠡᠷ ᠤᠨ ᠮᠢᠬᠠᠨ ᠤ ᠭᠠᠷᠤᠯᠲᠠ 753 ᠲᠦᠮᠡᠨ ᠲᠣᠨ ᠳᠤ ᠬᠦᠷᠴᠦ᠂ ᠲᠦᠷᠦᠬᠦᠦ ᠵᠢᠯ ᠤᠨ ᠬᠢ ᠠᠴᠠ ᠪᠠᠨ 4.8 % ᠪᠠᠷ ᠨᠡᠮᠡᠭᠳᠡᠵᠠᠢ᠃ ᠡᠭᠦᠨ ᠠᠴᠠ ᠭᠠᠳᠠᠨ᠎ᠠ᠂ 2013 ᠣᠨ ᠠᠴᠠ ᠨᠠᠭᠠᠰᠢ᠂ ᠮᠠᠨ ᠤ ᠤᠯᠤᠰ ᠤᠨ ᠦᠬᠡᠷ ᠤᠨ ᠮᠢᠬ᠎ᠠ ᠶᠢ ᠭᠠᠳᠠᠭᠠᠳᠤ ᠠᠴᠠ ᠣᠷᠣᠭᠤᠯᠬᠤ ᠬᠡᠮᠵᠢᠶ᠎ᠡ ᠲᠠᠰᠤᠷᠠᠯᠲᠠ ᠥᠬᠡᠶ ᠨᠡᠮᠡᠭᠳᠡᠵᠦ᠂ 2023 ᠣᠨ ᠳᠤ ᠮᠠᠨ ᠤ ᠤᠯᠤᠰ ᠤᠨ ᠦᠬᠡᠷ ᠤᠨ ᠮᠢᠬ᠎ᠠ ᠶᠢ ᠭᠠᠳᠠᠭᠠᠳᠤ ᠠᠴᠠ ᠣᠷᠣᠭᠤᠯᠤᠬᠰᠠᠨ ᠬᠡᠮᠵᠢᠶ᠎ᠡ 273.7 ᠲᠦᠮᠡᠨ ᠲᠣᠨ ᠳᠤ ᠬᠦᠷᠴᠦ᠂ 2013 ᠣᠨ ᠤ ᠭᠠᠳᠠᠭᠠᠳᠤ ᠠᠴᠠ ᠤᠷᠤᠭᠤᠯᠤᠬᠰᠠᠨ ᠬᠡᠮᠵᠢᠶ᠎ᠡ ᠶᠢᠨ 9.3 ᠳᠠᠬᠢᠨ ᠪᠣᠯᠵᠠᠶ᠃      ᠬᠡᠷᠡᠭᠴᠡᠭᠡᠨ ᠤ ᠨᠡᠮᠡᠭᠳᠡᠯ ᠤᠨ ᠬᠡᠮᠵᠢᠶ᠎ᠡ ᠤᠳᠠᠭᠠᠰᠢᠷᠠᠵᠤ ᠪᠠᠶᠢᠭ᠎ᠠ ᠨᠢ ᠭᠤᠣᠯᠳᠠᠭᠤ ᠪᠦᠲᠦᠴᠡ ᠶᠢᠨ ᠴᠢᠨᠠᠷᠲᠠᠶ ᠪᠠ ᠦᠶᠡᠯᠡᠯ ᠤᠨ ᠴᠢᠨᠠᠷᠲᠠᠶ ᠬᠤᠶᠠᠷ ᠲᠠᠯ᠎ᠠ ᠶᠢᠨ ᠬᠦᠴᠦᠨ ᠵᠦᠢᠯ ᠳᠤ ᠨᠥᠯᠥᠭᠡᠯᠡᠭᠳᠡᠭᠰᠡᠨ ᠠᠴᠠ ᠪᠤᠯᠵᠠᠢ᠃ ᠬᠡᠷᠡᠭᠴᠡᠭᠡ ᠱᠠᠭᠠᠷᠳᠠᠯᠭ᠎ᠠ ᠶᠢᠨ ᠪᠦᠲᠦᠴᠡ ᠶᠢᠨ ᠴᠢᠨᠠᠷᠲᠠᠶ ᠪᠠᠭᠤᠷᠠᠯᠲᠠ ᠨᠢ ᠬᠤᠲᠠ ᠬᠥᠳᠡᠭᠡ ᠶᠢᠨ ᠣᠷᠣᠯᠭ᠎ᠠ ᠵᠠᠷᠤᠯᠭ᠎ᠠ ᠶᠢᠨ ᠨᠡᠮᠡᠭᠳᠡᠯ ᠤᠨ ᠬᠡᠮᠵᠢᠶ᠎ᠡ ᠤᠳᠠᠭᠠᠰᠢᠷᠠᠵᠤ᠂ ᠮᠢᠬᠠᠨ ᠤ ᠲᠦᠷᠦᠯ ᠤᠨ ᠦᠢᠯᠡᠳᠬᠦᠨ ᠤ ᠲᠤᠳᠤᠷ᠎ᠠ ᠦᠨ᠎ᠡ ᠬᠠᠩᠰᠢ ᠪᠠᠷ ᠬᠠᠮᠤᠭ ᠤᠨ ᠥᠨᠳᠥᠷ ᠦᠬᠡᠷ ᠤᠨ ᠮᠢᠬᠠᠨ ᠤ ᠦᠢᠯᠡᠳᠬᠦᠨ ᠨᠢ ᠵᠠᠶᠢᠯᠠᠰᠢ ᠥᠬᠡᠶ ᠰᠠᠭᠤᠭᠠᠯᠢ ᠠᠷᠠᠳ ᠤᠨ ᠬᠡᠷᠡᠭᠯᠡᠭᠡᠨ ᠤ ᠬᠦᠰᠡᠯ ᠰᠠᠨᠠᠭ᠎ᠠ ᠪᠠᠭᠤᠷᠠᠵᠦ ᠪᠠᠶᠢᠭ᠎ᠠ ᠬᠢᠵᠠᠭᠠᠷᠯᠠᠯ ᠳᠤ ᠤᠴᠠᠷᠠᠬᠤ ᠨᠢ ᠲᠠᠮᠵᠢᠭ ᠦᠭᠡᠢ᠃ ᠦᠶᠡᠯᠡᠯ ᠤᠨ ᠲᠠᠯ᠎ᠠ ᠠᠴᠠ ᠠᠪᠴᠤ ᠬᠡᠯᠡᠪᠡᠯ᠂ ᠰᠠᠭᠤᠭᠠᠯᠢ ᠠᠷᠠᠳ ᠮᠢᠬᠠᠨ ᠤ ᠲᠦᠷᠦᠯ ᠤᠨ ᠬᠡᠷᠡᠭᠯᠡᠭᠡ ᠳᠤ ᠤᠯᠠᠷᠢᠯ ᠪᠠ ᠠᠭᠠᠷ ᠤᠨ ᠳᠤᠯᠠᠭᠠᠨ ᠤ ᠨᠥᠯᠥᠭᠡ ᠶᠢ ᠭᠥᠷᠳᠡᠳᠡᠭ᠃ ᠵᠣᠨ ᠤ ᠤᠯᠠᠷᠢᠯ ᠳᠤ ᠠᠭᠤᠷ ᠠᠮᠢᠰᠬᠤᠯ ᠳᠤᠯᠠᠭᠠᠷᠠᠬᠤ ᠶᠢ ᠳᠠᠭᠠᠯᠳᠤᠨ᠂ ᠰᠠᠭᠤᠭᠠᠯᠢ ᠠᠷᠠᠳ ᠤᠨ ᠮᠢᠬᠠᠨ ᠤ ᠲᠦᠷᠦᠯ ᠤᠨ ᠤᠯᠠᠷᠢᠯ ᠤᠨ ᠴᠢᠨᠠᠷᠲᠠᠶ ᠬᠡᠷᠡᠭᠯᠡᠭᠡᠨ ᠤ ᠬᠡᠷᠡᠭᠴᠡᠭᠡ ᠪᠠᠭᠠᠰᠬᠤ ᠨᠢ ᠪᠠᠰᠠ ᠴᠤ ᠣᠶᠢᠷ᠎ᠠ ᠶᠢᠨ ᠬᠤᠭᠤᠴᠠᠭᠠᠨ ᠳᠤ ᠦᠬᠡᠷ ᠤᠨ ᠮᠢᠬᠠᠨ ᠤ ᠦᠨ᠎ᠡ ᠬᠢᠮᠳᠠᠷᠠᠬᠰᠠᠨ ᠰᠢᠯᠲᠠᠭᠠᠨ ᠤ ᠨᠢᠭᠡ ᠪᠤᠯᠬᠤ ᠶᠤᠮ᠃      ᠦᠬᠡᠷ ᠤᠨ ᠮᠢᠬ᠎ᠠ ᠬᠢᠮᠳᠠᠷᠠᠵᠦ ᠪᠠᠶᠢᠭ᠎ᠠ ᠨᠢ ᠭᠤᠤᠯᠳᠠᠭᠤ ᠬᠢᠮᠳᠠ ᠪᠠᠷ ᠭᠠᠳᠠᠭᠠᠳᠤ ᠠᠴᠠ ᠣᠷᠣᠭᠤᠯᠤᠭᠰᠠᠨ ᠦᠬᠡᠷ ᠤᠨ ᠮᠢᠬ᠎ᠠ ᠪᠠ ᠬᠢᠮᠳᠠ ᠰᠠᠭᠠᠯᠢ ᠶᠢᠨ ᠦᠨᠢᠶᠡᠨ ᠤ ᠮᠢᠬᠠᠨ ᠤ ᠳᠠᠪᠬᠤᠷ ᠨᠥᠯᠥᠭᠡ ᠶᠢ ᠬᠦᠷᠳᠡᠭᠰᠡᠨ ᠠᠴᠠ ᠪᠤᠯᠵᠠᠢ᠃ ᠣᠶᠢᠷ᠎ᠠ ᠶᠢᠨ ᠵᠢᠯ ᠤᠳ ᠲᠤ᠂ ᠦᠬᠡᠷ ᠤᠨ ᠮᠢᠬ᠎ᠠ ᠶᠢ ᠭᠠᠳᠠᠭᠠᠳᠤ ᠠᠴᠠ ᠣᠷᠣᠭᠤᠯᠬᠤ ᠵᠠᠬ᠎ᠠ ᠳᠡᠯᠭᠡᠭᠦᠷ  ᠤᠨ ᠢᠷᠡᠯᠲᠡ ᠠᠯᠬᠤᠮ ᠠᠯᠬᠤᠮ ᠢᠶᠠᠷ ᠥᠷᠭᠡᠵᠢᠵᠦ᠂ ᠦᠬᠡᠷ ᠤᠨ ᠮᠢᠬ᠎ᠠ ᠶᠢ ᠭᠠᠳᠠᠭᠠᠳᠤ ᠠᠴᠠ ᠣᠷᠣᠭᠤᠯᠬᠤ ᠤᠯᠤᠰ ᠲᠠᠰᠤᠷᠠᠯᠲᠠ ᠥᠬᠡᠶ ᠤᠯᠠᠰᠢᠷᠠᠵᠦ᠂ ᠢᠯᠠᠩᠭᠤᠶ᠎ᠠ ᠠᠦ᠋ᠰᠲᠷᠠᠯᠢᠶ᠎ᠠ ᠵᠡᠷᠭᠡ ᠤᠯᠤᠰ ᠤᠨ ᠦᠬᠡᠷ ᠤᠨ ᠮᠢᠬ᠎ᠠ ᠶᠢ ᠣᠷᠣᠭᠤᠯᠬᠤ ᠳᠤ ᠪᠣᠭᠤᠮᠲᠠ ᠶᠢᠨ ᠭᠠᠶᠢᠯᠢ ᠠᠪᠬᠤ ᠦᠭᠡᠢ ᠪᠤᠯᠤᠬᠰᠠᠨ ᠠᠴᠠ ᠭᠠᠳᠠᠭᠠᠳᠤ ᠶᠢᠨ ᠬᠢᠮᠳᠠ ᠦᠬᠡᠷ ᠤᠨ ᠮᠢᠬ᠎ᠠ ᠶᠢ ᠣᠷᠣᠭᠤᠯᠬᠤ ᠬᠡᠮᠵᠢᠶ᠎ᠡ ᠨᠡᠮᠡᠭᠳᠡᠵᠠᠢ᠃ ᠡᠭᠦᠨ ᠤ ᠬᠠᠮᠲᠤ᠂ ᠶᠡᠭᠡ ᠬᠡᠮᠵᠢᠶ᠎ᠡ ᠪᠠᠷ ᠵᠠᠬ᠎ᠠ ᠳᠡᠯᠭᠡᠭᠦᠷ ᠲᠤ ᠬᠠᠩᠭᠠᠵᠦ ᠪᠠᠶᠢᠭ᠎ᠠ ᠰᠠᠭᠠᠯᠢ ᠶᠢᠨ ᠦᠨᠢᠶᠡᠨ ᠤ ᠮᠢᠬᠠᠨ ᠤ ᠦᠨ᠎ᠡ ᠨᠢ ᠴᠦ ᠡᠩ ᠤᠨ ᠦᠬᠡᠷ ᠤᠨ ᠮᠢᠬᠠᠨ ᠤ ᠦᠨ᠎ᠡ ᠠᠴᠠ ᠬᠢᠮᠳᠡ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号