ᠬᠥᠮᠦᠰ ᠡ᠂ ᠰᠦ ᠲᠠᠢ ᠴᠠᠢ ᠶᠢ 2 ᠴᠠᠭ ᠤᠨ ᠳᠣᠲᠣᠷ᠎ᠠ ᠤᠤᠭᠤᠵᠤ ᠪᠠᠷᠠᠪᠠᠯ ᠬᠠᠮᠤᠭ ᠰᠠᠶᠢᠨ︕
ᠨᠡᠶᠢᠲᠡᠯᠡᠭᠰᠡᠨ ᠴᠠᠭ᠄
2024/7/1
      ᠰᠦ ᠲᠠᠢ ᠴᠠᠢ ᠨᠢ ᠠᠮᠢᠳᠤᠷᠠᠯ ᠳᠤᠮᠳᠠ ᠣᠯᠠᠨ ᠤ ᠳᠤᠷ᠎ᠠ ᠪᠠᠬ᠎ᠠ ᠶᠢ ᠲᠠᠲᠠᠭᠰᠠᠨ ᠤᠮᠳᠠᠭᠠᠨ ᠪᠤᠯᠬᠤ ᠪᠦᠭᠡᠳ ᠠᠮᠲᠠ ᠨᠢ ᠰᠠᠶᠢᠬᠠᠨ ᠮᠥᠷᠲᠡᠭᠡᠨ ᠬᠥᠮᠦᠨ ᠤ ᠰᠡᠳᠬᠢᠯ ᠰᠠᠨᠠᠭ᠎ᠠ ᠶᠢ ᠠᠭᠤᠵᠢᠷᠠᠭᠤᠯᠳᠠᠭ᠃      ᠲᠡᠭᠡᠪᠡᠯ ᠰᠦ ᠲᠠᠢ ᠴᠠᠢ ᠶᠢ ᠵᠠᠪᠠᠯ ᠬᠤᠶᠠᠷ ᠴᠠᠭ ᠤᠨ ᠳᠣᠲᠣᠷ᠎ᠠ ᠤᠤᠭᠤᠵᠤ ᠪᠠᠷᠠᠬᠤ ᠴᠢᠬᠤᠯᠠᠳᠠᠢ ᠦᠦ︖ ᠰᠦ ᠲᠠᠢ ᠴᠠᠶ ᠶᠢ ᠶᠡᠷᠦ ᠳᠡᠭᠡᠨ ᠴᠠᠶ᠂ ᠦᠨᠢᠶᠡᠨ ᠰᠦ ᠪᠠᠷ ᠬᠢᠳᠡᠭ᠂ ᠠᠮᠲᠠ ᠶᠢ ᠨᠢ ᠲᠣᠬᠢᠷᠠᠭᠤᠯᠬᠤ ᠶᠢᠨ ᠲᠤᠰᠠᠳᠠ ᠪᠠᠰᠠ ᠰᠢᠬᠢᠷ᠂ ᠵᠥᠭᠡᠬᠡᠶ᠂ ᠪᠢᠰᠢᠯᠠᠭ᠂ ᠵᠢᠮᠢᠰ᠂ ᠰᠦ ᠶᠢᠨ ᠣᠬᠢ ᠵᠡᠷᠭᠡ ᠶᠢ ᠨᠡᠮᠡᠵᠦ᠂ ᠠᠮᠲᠠ ᠶᠢ ᠨᠢ ᠨᠠᠩ ᠣᠯᠠᠨ ᠵᠦᠢᠯ ᠤᠨ ᠪᠣᠯᠭᠠᠳᠠᠭ᠃ ᠨᠢᠭᠡ ᠴᠣᠮᠣ ᠰᠦ ᠲᠠᠢ ᠴᠠᠢ ᠶᠢ ᠬᠡᠳᠦᠶ ᠴᠠᠭ ᠤᠨ ᠳᠣᠲᠣᠷ᠎ᠠ ᠤᠤᠭᠤᠵᠤ ᠪᠠᠷᠠᠬᠤ ᠴᠢᠬᠤᠯᠠᠳᠠᠢ ᠪᠣᠢ︖ ᠠᠮᠤᠷ ᠲᠦᠪᠰᠢᠨ ᠪᠠ ᠠᠮᠲᠠ ᠶᠢᠨ ᠮᠡᠳᠡᠷᠡᠮᠵᠢ ᠠᠴᠠ ᠠᠪᠴᠤ ᠬᠡᠯᠡᠪᠡᠯ᠂ 2 ᠴᠠᠭ ᠤᠨ ᠲᠤᠳᠤᠷ᠎ᠠ ᠪᠣᠯ ᠨᠡᠯᠢᠶᠡᠳ ᠰᠠᠶᠢᠨ ᠰᠣᠩᠭᠤᠯᠲᠠ ᠪᠤᠯᠤᠨ᠎ᠠ᠃ ᠬᠡᠷᠪᠡ ᠰᠦ ᠲᠠᠢ ᠴᠠᠶ ᠶᠢ ᠬᠡᠲᠦ ᠤᠳᠠᠭᠠᠨ ᠲᠠᠯᠪᠢᠪᠡᠯ᠂ ᠡᠯ᠎ᠡ ᠵᠦᠢᠯ ᠤᠨ ᠪᠠᠺᠲ᠋ᠧᠷᠢ ᠶᠢᠨ ᠮᠢᠺᠷᠣᠪ ᠴᠥᠮ ᠶᠡᠭᠡ ᠬᠡᠮᠵᠢᠶ᠎ᠡ ᠪᠠᠷ ᠦᠷᠡᠵᠢᠨ ᠲᠥᠯᠵᠢᠬᠦ ᠶᠢᠨ ᠤᠯᠠᠮ ᠢᠶᠠᠷ ᠢᠳᠡᠭᠡᠨ ᠤ ᠠᠮᠤᠷ ᠲᠦᠪᠰᠢᠨ ᠤ ᠳᠠᠯᠳᠠ ᠬᠡᠮ ᠢ ᠪᠣᠶ ᠪᠣᠯᠭᠠᠳᠠᠭ᠃      ᠴᠠᠭ ᠬᠤᠭᠤᠴᠠᠭ᠎ᠠ ᠥᠩᠭᠡᠷᠡᠬᠦ ᠶᠢ ᠳᠠᠭᠠᠯᠳᠤᠨ᠂ ᠡᠩ ᠲᠡᠷᠢᠬᠦᠨ ᠳᠤ ᠰᠦ ᠲᠠᠢ ᠴᠠᠢ ᠶᠢᠨ ᠳᠣᠲᠣᠷᠠᠬᠢ ᠪᠦᠷᠢᠯᠳᠦᠬᠦᠨ ᠳᠤ ᠬᠤᠪᠢᠷᠠᠯᠲᠠ ᠭᠠᠷᠴᠤ᠂ ᠦᠨᠦᠷ ᠠᠮᠲᠠ ᠨᠢ ᠴᠦ ᠠᠭᠠᠵᠢᠮ ᠢᠶᠠᠷ ᠠᠯᠳᠠᠭᠳᠠᠳᠠᠭ᠃ ᠳᠠᠷᠠᠭ᠎ᠠ ᠨᠢ᠂ ᠴᠠᠭ ᠬᠤᠭᠤᠴᠠᠭ᠎ᠠ ᠥᠩᠭᠡᠷᠡᠬᠦ ᠶᠢ ᠳᠠᠭᠠᠯᠳᠤᠨ᠂ ᠭᠠᠳᠠᠨ᠎ᠠ ᠤᠳᠠᠭᠠᠨ ᠲᠠᠯᠪᠢᠭᠰᠠᠨ ᠰᠦ ᠲᠠᠢ ᠴᠠᠶ ᠨᠢ ᠬᠦᠷᠦᠳᠡᠭ ᠪᠠᠶᠢᠨ᠎ᠠ᠃      ᠡᠶᠢᠮᠦ ᠠᠴᠠ᠂ ᠠᠮᠳᠠ ᠶᠢ ᠨᠢ ᠪᠠᠳᠤᠯᠠᠬᠤ ᠶᠢᠨ ᠲᠤᠰᠠᠳᠠ᠂ ᠴᠢᠳᠠᠬᠤ ᠶᠢᠨ ᠲᠤᠳᠤᠷ᠎ᠠ ᠬᠤᠷᠳᠤᠨ ᠤᠤᠭᠤᠵᠤ ᠪᠠᠷᠠᠪᠠᠯ ᠵᠤᠬᠢᠨ᠎ᠡ᠃ ᠬᠠᠮᠤᠭ ᠰᠡᠭᠦᠯ ᠳᠤᠨᠢ᠂ ᠰᠦ ᠲᠠᠢ ᠴᠠᠶ ᠠᠮᠲᠠᠲᠠᠶ ᠪᠣᠯᠪᠠᠴᠤ ᠲᠡᠭᠦᠨ ᠳᠤ ᠬᠤᠪᠳᠣᠭᠯᠠᠵᠤ ᠪᠣᠯᠬᠤ ᠥᠬᠡᠶ᠂ ᠲᠡᠷᠡ ᠨᠢ ᠶᠠᠭᠠᠬᠢᠯ᠎ᠡ ᠴᠤ ᠭᠡᠰᠡᠨ ᠰᠢᠬᠢᠷ ᠶᠡᠬᠡᠲᠡᠶ ᠲᠣᠰᠣ ᠶᠡᠬᠡᠲᠡᠶ ᠢᠳᠡᠭᠡᠨ ᠶᠤᠮ︕
 
ᠢᠷᠡᠯᠲᠡ᠄ ᠠᠷᠡᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号