ᠰᠦᠯᠵᠢᠶᠡᠨ ᠦᠢᠯᠡᠰ ᠡᠷᠬᠢᠯᠡᠭᠴᠢ — ᠲᠤᠷᠭᠠᠨ
ᠨᠡᠶᠢᠲᠡᠯᠡᠭᠰᠡᠨ ᠴᠠᠭ᠄
2024/7/11
      ᠲᠤᠤᠷ ᠰᠦᠯᠵᠢᠶ᠎ᠡ ᠡᠯᠧᠺᠲᠷᠤᠨ ᠬᠤᠳᠠᠯᠳᠤᠭ᠎ᠠ ᠬᠦᠭᠵᠢᠭᠰᠡᠨ ᠦᠨᠦ ᠶᠢᠨ ᠴᠠᠭ ᠲᠤ ᠰᠦᠯᠵᠢᠶᠡᠨ ᠠᠴᠠ ᠪᠠᠷᠠᠭ᠎ᠠ ᠲᠠᠸᠠᠷ ᠬᠤᠳᠠᠯᠳᠤᠨ ᠠᠪᠬᠤ ᠨᠢ ᠬᠦᠮᠦᠰ ᠲᠤ ᠨᠡᠩ ᠶᠡᠭᠡ ᠵᠤᠭ᠎ᠠ ᠴᠡᠩᠭᠡᠯ ᠪᠤᠶᠤ ᠬᠦᠷᠳᠡᠭᠡᠮᠵᠢ ᠶᠢᠨ ᠲᠦᠷᠦᠭᠳᠡᠯ ᠢ ᠤᠯᠭᠤᠳᠠᠭ᠃ ᠮᠦᠨ ᠴᠦ ᠡᠯᠧᠺᠲᠷᠤᠨ ᠬᠤᠳᠠᠯᠳᠤᠭ᠎ᠠ ᠶᠢ ᠵᠦᠪ ᠠᠰᠢᠭᠯᠠᠵᠦ ᠴᠢᠳᠠᠳᠠᠭ ᠬᠦᠮᠦᠰ ᠤᠨ ᠪᠤᠳᠤᠯ ᠳᠤ ᠰᠦᠯᠵᠢᠶᠡᠨ ᠠᠴᠠ ᠬᠤᠳᠠᠯᠳᠤᠵᠦ ᠠᠪᠤᠭᠰᠠᠨ ᠪᠠᠷᠠᠭ᠎ᠠ ᠲᠠᠸᠠᠷ ᠨᠢ ᠡᠭᠦᠳᠡᠨ ᠲᠡᠯᠭᠡᠭᠦᠷ ᠠᠴᠠ ᠰᠤᠩᠭᠤᠯᠳᠠ ᠤᠯᠠᠨ ᠪᠤᠶᠤ ᠦᠨ᠎ᠡ ᠬᠠᠩᠰᠢ ᠨᠢ ᠬᠢᠮᠳᠠ ᠰᠠᠨᠠᠭᠳᠠᠳᠠᠭ ᠪᠠᠶᠢᠨ᠎ᠠ᠃ ᠡᠭᠦᠨ ᠤ ᠲᠤᠮᠳᠠ ᠪᠠᠰᠠ ᠨᠢᠭᠡ ᠲᠦᠷᠦᠯ ᠤᠨ ᠬᠦᠮᠦᠰ ᠲᠢᠺ ᠲᠤᠺ ᠪᠤᠶᠤ ᠪᠤᠰᠤᠳ ᠰᠦᠯᠵᠢᠶᠡᠨ ᠬᠠᠶ᠋ᠢᠭ ᠢᠶᠠᠷ ᠲᠡᠯᠭᠡᠭᠦᠷ ᠮᠠᠶᠢᠮᠠᠢ ᠡᠷᠬᠢᠯᠡᠵᠦ ᠦᠪᠡᠷ  ᠤᠨ ᠠᠵᠢᠯ ᠦᠢᠯᠡᠰ ᠢᠶᠠᠨ ᠪᠤᠯᠭᠠᠵᠦ ᠶᠠᠪᠤᠬᠤ ᠨᠢ ᠠᠮᠢᠳᠤᠷᠠᠬᠤ ᠶᠢᠨ ᠰᠢᠨ᠎ᠡ ᠨᠢᠭᠡᠨ ᠤᠬᠠᠭᠠᠨ ᠪᠤᠯᠬᠤ ᠨᠢ ᠮᠡᠳᠡᠭᠡᠵᠢ
微信图片_20240711093459.jpg
      ᠲᠤᠷᠭᠠᠨ ᠠᠯᠠᠱᠠ ᠨᠤᠳᠤᠭ ᠲᠠᠢ᠂ ᠪᠠᠭ᠎ᠠ ᠠᠴᠠ ᠪᠠᠨ ᠠᠯᠪᠠᠨ ᠠᠵᠢᠯ ᠲᠠᠢ ᠠᠪᠤ ᠡᠵᠢ ᠲᠠᠢ ᠪᠠᠨ ᠠᠶᠢᠮᠠᠭ  ᠤᠨ ᠲᠦᠪ ᠪᠠᠶᠠᠠᠬᠤᠳᠠ ᠳᠤ ᠡᠷᠬᠡ ᠲᠡᠩᠭᠢ ᠦᠰᠦᠭᠰᠡᠨ ᠲᠡᠷᠡ ᠪᠠᠷ2012 ᠤᠨ ᠳᠤ ᠶᠡᠭᠡ ᠰᠤᠷᠭᠠᠭᠤᠯᠢ ᠪᠠᠨ ᠲᠡᠭᠦᠰᠭᠡᠵᠦ ᠦᠪᠦᠷ ᠮᠤᠩᠭᠤᠯ ᠤᠨ ᠷᠠᠳᠢᠤ᠋ ᠲᠧᠯᠸᠢᠰ ᠬᠤᠷᠢᠶᠠᠨ ᠳᠤ ᠠᠵᠢᠯᠯᠠᠵᠦ ᠪᠠᠶᠢᠭᠰᠠᠨ ᠢᠶᠠᠨ2013 ᠤᠨ ᠳᠤ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠳᠤ ᠬᠠᠨᠢ ᠶᠢᠨ ᠵᠠᠶᠠᠭ᠎ᠠ ᠬᠤᠯᠪᠤᠨ ᠮᠤᠷᠳᠠᠵᠦ ᠢᠷᠡᠭᠰᠡᠨ ᠪᠢᠯᠡ᠃ ︽ᠦᠪᠡᠷ ᠤᠨ ᠰᠤᠷᠤᠭᠰᠠᠨ ᠮᠡᠷᠭᠡᠵᠢᠯ ᠢᠶᠠᠷ ᠢᠶᠠᠨ ᠰᠠᠶ᠋ᠢᠬᠠᠨ ᠠᠵᠢᠯ ᠤᠨ ᠪᠡᠶᠢᠷᠢ ᠲᠡᠭᠡᠷ᠎ᠡ ᠪᠠᠨ ᠭᠠᠷᠴᠦ ᠪᠠᠶᠢᠭᠠᠳ ᠲᠡᠭᠦᠨ ᠢ ᠪᠠᠨ ᠲᠠᠶᠠᠭᠳᠠᠵᠦ ᠬᠦᠮᠦᠨ ᠤ ᠨᠤᠳᠤᠭ ᠲᠤ ᠢᠷᠡᠵᠦ ᠠᠮᠢᠳᠤᠷᠠᠨ᠎ᠠ ᠬᠡᠳᠡᠭ ᠪᠤᠯ ᠪᠢ ᠡᠨᠡ ᠬᠦᠮᠦᠨ ᠳᠤ ᠮᠠᠰᠢ ᠬᠠᠶᠢᠷᠠᠳᠠᠢ ᠬᠡᠰᠡᠨ ᠦᠭᠡ ︾ ᠬᠡᠮᠡᠨ ᠲᠤᠷᠭᠠᠨ ᠪᠢᠳᠡᠨ ᠳᠤ ᠨᠢᠭᠤᠷ ᠲᠦᠭᠦᠷᠡᠩ ᠵᠢᠷᠭᠠᠯ ᠤᠨ ᠮᠢᠰᠢᠶᠡᠳᠦ ᠲᠠᠢ ᠶᠠᠷᠢᠨ᠎ᠡ᠃ ᠡᠨᠡ ᠬᠦ ᠵᠤᠷᠢᠯᠳᠠ ᠨᠢ ᠲᠡᠭᠦᠨ ᠢ ᠭᠤᠮᠤᠳᠠᠭᠠᠯ ᠦᠭᠡᠢ ᠤᠳᠠᠯ ᠦᠭᠡᠢ ᠲᠤᠷᠭᠠᠨ ᠨᠦᠬᠦᠷ ᠲᠠᠢ ᠪᠠᠨ ᠦᠬᠢᠨ ᠦᠷ᠎ᠡ ᠲᠠᠢ ᠪᠤᠯᠵᠦ ᠦᠷ᠎ᠡ ᠶᠢᠨ ᠵᠤᠯᠠᠢ ᠦᠨᠦᠷᠯᠡᠭᠰᠡᠨ ᠨᠢ ᠲᠡᠳᠡ ᠬᠤᠶᠠᠷ ᠤᠨ ᠰᠡᠳᠬᠢᠯ ᠢ ᠨᠢ ᠤᠯᠠᠮ ᠪᠠᠳᠤᠳᠬᠠᠭᠰᠠᠨ ᠪᠢᠯᠡ᠃      ᠵᠤᠷᠢᠭᠰᠠᠨ ᠵᠦᠢᠯ ᠢᠶᠠᠨ ᠵᠤᠷᠢᠭ ᠲᠠᠢ ᠬᠢᠳᠡᠭ ᠲᠤᠷᠭᠠᠨ ᠮᠠᠨ ᠤ ᠬᠤᠰᠢᠭᠤᠨ ᠳᠤ ᠢᠷᠡᠩᠭᠦᠳᠡ ︽ᠲᠤᠷᠭᠠᠨ ᠵᠠᠮ︾ ᠭᠡᠬᠦ ᠦᠨᠳᠦᠰᠦᠳᠡᠨ ᠤ ᠪᠠᠷᠠᠭ᠎ᠠ ᠲᠠᠸᠠᠷ ᠤᠨ ᠲᠡᠯᠭᠡᠭᠦᠷ ᠡᠷᠬᠢᠯᠡᠵᠦ ᠬᠤᠳᠠ ᠬᠦᠳᠡᠭᠡ ᠳᠠᠬᠢ ᠬᠦᠮᠦᠰ ᠤᠨ ᠬᠦᠷᠢᠶᠡᠯᠡᠯ ᠢ ᠶᠡᠬᠡᠳᠡ ᠤᠯᠵᠦ ᠪᠠᠶᠢᠪᠠ᠃ ᠤᠶᠢᠷ᠎ᠠ ᠶᠢᠨ ᠬᠡᠳᠦᠨ ᠵᠢᠯ ᠠᠴᠠ ᠰᠦᠯᠵᠢᠶᠡᠨ ᠡᠯᠧᠺᠲᠷᠤᠨ ᠬᠤᠳᠠᠯᠳᠤᠭᠠᠨ ᠤ ᠬᠦᠭᠵᠢᠯᠳᠡ ᠶᠢᠨ ᠬᠠᠨᠳᠤᠰᠢ ᠮᠠᠰᠢ ᠰᠠᠶᠢᠨ ᠪᠠᠶᠢᠬᠤ ᠶᠢ ᠠᠩᠬᠠᠷᠴᠦ ᠤᠯᠤᠭᠰᠠᠨ ᠲᠤᠷᠭᠠᠨ2021 ᠤᠨ ᠳᠤ ᠱᠧᠨᠵᠧᠨ ᠬᠤᠳᠠ ᠶᠢᠨ ᠡᠯᠧᠺᠲᠷᠤᠨ ᠬᠤᠳᠠᠯᠳᠤᠭᠠᠴᠢᠳ ᠤᠨ ᠪᠤᠯᠪᠠᠰᠤᠷᠠᠯ ᠳᠤ ᠤᠷᠤᠯᠴᠠᠨ ᠬᠢᠷᠢ ᠭᠡᠮ  ᠤᠨ ᠦᠨᠡᠮᠡᠯ ᠢᠶᠠᠨ ᠰᠢᠯᠭᠠᠭᠤᠯᠤᠨ ᠠᠪᠴᠦ ᠬᠠᠷᠢᠵᠦ ᠢᠷᠡᠭᠡᠳ ᠲᠢᠺ ᠲᠤᠺ ᠲᠡᠭᠡᠷ᠎ᠡ ᠪᠠᠨ ᠰᠢᠭᠤᠳ ᠨᠡᠪᠳᠡᠷᠡᠭᠦᠯᠬᠡ ᠬᠢᠵᠦ ᠪᠠᠷᠠᠭ᠎ᠠ ᠲᠠᠸᠠᠷ ᠬᠤᠳᠠᠯᠳᠤᠵᠦ ᠡᠬᠢᠯᠡᠭᠰᠡᠨ ᠪᠠᠶᠢᠨ᠎ᠠ᠃ ᠠᠩᠬ᠎ᠠ ᠡᠬᠢᠯᠡᠬᠦ ᠳᠤ ᠪᠠᠨ ᠲᠡᠭᠦᠨ ᠤ ᠰᠢᠭᠤᠳ ᠨᠡᠪᠳᠡᠷᠡᠭᠦᠯᠬᠡ ᠶᠢ ᠨᠢᠭᠡ ᠴᠦ ᠦᠵᠡᠬᠦ ᠬᠦᠮᠦᠨ ᠦᠭᠡᠢ ᠪᠠᠶᠢᠭᠰᠠᠨ ᠢᠶᠠᠨ ᠵᠠᠯᠠᠭᠤ ᠬᠦᠮᠦᠨ ᠪᠤᠯᠤᠭᠰᠠᠨ ᠤ ᠬᠤᠪᠢ ᠳᠤ ᠲᠡᠭᠦᠨ ᠤ ᠰᠢᠨᠳᠠᠷᠠᠰᠢ ᠦᠭᠡᠢ ᠴᠢᠷᠮᠠᠶᠢᠯᠭ᠎ᠠ ᠪᠠ ᠰᠤᠩᠭᠤᠨ ᠬᠤᠳᠠᠯᠳᠤᠵᠦ ᠪᠠᠶᠢᠭ᠎ᠠ ᠲᠠᠸᠠᠷ ᠤᠨ ᠴᠢᠨᠠᠷ ᠴᠢᠨᠰᠠᠭᠠᠨ  ᠠᠴᠠ ᠪᠤᠯᠵᠦ ᠤᠳᠤ ᠬᠡᠬᠦ ᠳᠤ ᠲᠦᠮᠡ ᠢᠯᠡᠭᠦᠦ ᠲᠠᠭᠠᠭᠴᠢ ᠲᠠᠢ ᠪᠤᠯᠵᠦ᠂ ᠰᠢᠭᠤᠳ ᠨᠡᠪᠳᠡᠷᠡᠭᠦᠯᠬᠡ ᠬᠢᠬᠦ ᠪᠦᠷᠢ ᠳᠤ  ᠪᠠᠨ ᠬᠡᠳᠦᠨ ᠵᠠᠭᠤᠨ ᠤ ᠤᠷᠤᠯᠭ᠎ᠠ ᠲᠠᠢ ᠪᠤᠯᠤᠭᠰᠠᠨ ᠪᠠᠶᠢᠨ᠎ᠠ᠃ ᠡᠳᠡᠭᠡᠷ ᠪᠦᠬᠦᠨ ᠢ ᠤᠳᠠᠭᠠᠨ ᠬᠤᠭᠤᠴᠠᠭ᠎ᠠ ᠪᠤᠶᠤ ᠴᠢᠨᠠᠷᠯᠢᠭ ᠰᠠᠶᠢᠨ ᠬᠢᠬᠦ ᠳᠤ ᠮᠡᠳᠡᠭᠡᠵᠢ ᠠᠷᠤ ᠦᠭᠡᠢ ᠴᠦ ᠦᠵᠡᠯ ᠰᠠᠨᠠᠭᠠᠨ ᠤ ᠡᠷᠴᠢ ᠬᠦᠴᠦ ᠶᠢ ᠤᠯᠭᠤᠵᠦ ᠦᠭᠳᠡᠭ ᠢᠶᠠᠷ ᠢᠶᠠᠨ ᠲᠤᠷᠭᠠᠨ ᠶᠠᠭᠤ ᠬᠢᠭᠰᠡᠨ ᠶᠢᠨ ᠰᠡᠳᠬᠢᠯ ᠠᠯᠭᠠᠰᠠᠯ ᠦᠭᠡᠢ ᠤᠷᠤᠭᠰᠢ ᠲᠡᠮᠡᠥᠯᠡᠳᠡᠭ ᠪᠠᠶᠢᠨ᠎ᠠ᠃
微信图片_20240711093506.png
       ᠬᠦᠴᠦᠯᠡᠨ ᠵᠢᠳᠭᠦᠵᠦ ᠬᠢᠭᠰᠡᠭᠡᠷ ᠡᠯᠧᠺᠲᠷᠤᠨ ᠬᠤᠳᠠᠯᠳᠤᠭᠠᠨ ᠤ ᠲᠠᠪᠴᠠᠩ ᠢᠶᠠᠨ ᠲᠤᠷᠭᠠᠨ ᠦᠷᠭᠦᠯᠵᠢᠯᠡᠨ ᠰᠠᠶᠢᠬᠠᠨ ᠠᠰᠢᠭᠯᠠᠵᠦ᠂ ᠨᠡᠩ ᠤᠯᠠᠨ ᠲᠠᠭᠠᠭᠴᠢᠳ ᠲᠠᠢ ᠪᠤᠯᠵᠦ ᠤᠷᠤᠨ ᠨᠤᠳᠤᠭ ᠤᠨ ᠤᠨᠴᠠᠯᠢᠭ ᠲᠠᠢ ᠵᠦᠢᠯᠡᠰ ᠢ ᠰᠢᠭᠤᠳ ᠨᠡᠪᠳᠡᠷᠡᠭᠦᠯᠭᠡ ᠳᠤ ᠪᠠᠨ ᠲᠡᠯᠭᠡᠷᠡᠭᠦᠯᠬᠦ ᠬᠦᠰᠡᠯ ᠢ ᠡᠪᠦᠷᠯᠡᠨ᠂ ᠦᠩ ᠦᠷᠭᠡᠨ ᠠᠯᠠᠱᠠ ᠰᠢᠭ ᠢᠶᠠᠨ ᠦᠷᠭᠡᠨ ᠲᠡᠯᠭᠡᠷ ᠬᠦᠮᠦᠨ ᠤ ᠬᠠᠷᠢᠴᠠᠭ᠎ᠠ ᠲᠠᠢ ᠵᠤᠷᠢᠭᠰᠠᠨ ᠦᠢᠯᠡᠰ ᠲᠤ ᠪᠠᠨ ᠵᠢᠳᠭᠦᠨ ᠴᠢᠷᠮᠠᠶᠢᠵᠦ ᠶᠠᠪᠤᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号