ᠰᠠᠶ᠋ᠢᠬᠠᠨ ᠲᠥᠷᠥ ᠶᠢᠨ ᠶᠠᠪᠤᠳᠠᠯ ᠤᠨ ᠬᠤᠷᠢᠶᠠᠨ ᠤ ᠢᠳᠡᠭᠡᠨ ᠤ ᠠᠮᠤᠷ ᠲᠦᠪᠰᠢᠨ ᠤ ᠠᠵᠢᠯ ᠤᠨ ᠠᠯᠪᠠᠨ ᠬᠡᠷ ᠲᠦᠢᠯᠪᠤᠷᠢᠲᠠᠶ ᠪᠠᠶᠢᠴᠠᠭᠠᠨ᠎ᠡ ᠭᠡᠵᠦ ᠬᠠᠷᠢᠭᠤ ᠥᠭᠪᠡ︕
ᠨᠡᠶᠢᠲᠡᠯᠡᠭᠰᠡᠨ ᠴᠠᠭ᠄
2024/7/11
      ᠵᠠᠭᠤᠴᠢᠯᠠᠭᠤᠷ ᠤᠨ ᠲᠤᠰᠬᠠᠭᠰᠠᠨ ︽ᠢᠳᠡᠭᠡᠨ ᠤ ᠲᠣᠰᠣ ᠲᠡᠭᠡᠭᠡᠪᠦᠷᠢᠯᠡᠬᠦ ᠲᠡᠷᠭᠡ ᠶᠢᠨ ᠡᠷᠦᠶ ᠬᠤᠷᠤᠶ ᠥᠬᠡᠶ ᠪᠠᠶᠢᠬᠤ ᠪᠠᠶᠢᠳᠠᠯ ᠤᠨ ᠲᠤᠬᠠᠢ ᠠᠰᠠᠭᠤᠳᠠᠯ︾ ᠢ ᠲᠥᠷᠥ ᠶᠢᠨ ᠶᠠᠪᠤᠳᠠᠯ ᠤᠨ ᠬᠤᠷᠢᠶᠠᠨ ᠤ ᠢᠳᠡᠭᠡᠨ ᠤ ᠠᠮᠤᠷ ᠲᠦᠪᠰᠢᠨ ᠤ ᠠᠵᠢᠯ ᠤᠨ ᠠᠯᠪᠠᠨ ᠬᠡᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠳᠣᠲᠣᠭᠠᠳᠤ ᠶᠢ ᠬᠠᠮᠠᠭᠠᠯᠠᠬᠤ ᠶᠠᠮᠤᠨ᠂ ᠵᠠᠮ ᠲᠡᠭᠡᠭᠡᠪᠦᠷᠢ ᠶᠢᠨ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ᠂ ᠤᠯᠤᠰ ᠤᠨ ᠠᠮᠤ ᠪᠤᠳᠠᠭ᠎ᠠ ᠪᠠ ᠨᠥᠭᠡᠴᠡᠯᠡᠯᠳᠡ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠲᠤᠰᠬᠠᠶ ᠬᠤᠷᠠᠯ ᠬᠤᠷᠠᠯᠳᠤᠭᠤᠯᠵᠤ᠂ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠪᠠᠶᠢᠭᠤᠯᠵᠦ ᠢᠳᠡᠭᠡᠨ ᠤ ᠲᠣᠰᠣ ᠲᠡᠭᠡᠭᠡᠪᠦᠷᠢᠯᠡᠬᠦ ᠲᠡᠷᠭᠡ ᠶᠢᠨ ᠵᠠᠩᠭᠢᠯᠠᠭ᠎ᠠ ᠶᠢᠨ ᠬᠤᠯᠪᠣᠭᠳᠠᠯ ᠪᠥᠬᠦᠶ ᠠᠰᠠᠭᠤᠳᠠᠯ ᠢ ᠲᠦᠢᠯᠪᠤᠷᠢᠲᠠᠶ ᠪᠠᠶᠢᠴᠠᠭᠠᠨ᠎ᠡ᠃ ᠬᠠᠤᠯᠢ ᠶᠢ ᠵᠥᠷᠢᠴᠡᠭᠰᠡᠨ ᠠᠵᠤ ᠠᠬᠤᠶᠢᠯᠠᠯ ᠪᠣᠯᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢ ᠬᠠᠤᠯᠢ ᠶᠣᠰᠣᠭᠠᠷ ᠴᠢᠩᠭ᠎ᠠ ᠰᠢᠢᠳᠬᠡᠵᠦ᠂ ᠶᠠᠭᠠᠬᠢᠭᠰᠠᠨ ᠴᠤ ᠢᠯᠳᠠᠷ ᠬᠠᠶᠠᠬᠤ ᠦᠭᠡᠢ᠃ ᠡᠭᠦᠨ ᠤ ᠬᠠᠮᠲᠤ ᠨᠢᠭᠡ ᠠᠴᠠ ᠵᠦᠢᠴᠢᠯᠡᠨ ᠨᠥᠭᠦᠭᠡ ᠶᠢ ᠮᠡᠳᠡᠵᠦ᠂ ᠢᠳᠡᠰᠢᠨ ᠲᠣᠰᠣᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠲᠤᠰᠬᠠᠶ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠠᠶᠢᠴᠠᠭᠠᠨ ᠰᠢᠢᠳᠪᠦᠷᠢᠯᠡᠭᠰᠡᠨ ᠦᠷ᠎ᠡ ᠳ᠋ᠦᠩ ᠢ ᠴᠠᠭ ᠲᠤᠬᠠᠶ ᠳᠤᠨᠢ ᠨᠡᠶᠢᠲᠡᠯᠡᠨ᠎ᠡ ᠬᠡᠪᠡ᠃
 
ᠢᠷᠡᠯᠲᠡ᠄ ᠠᠷᠡᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号