ᠬᠦᠨᠳᠦ ᠪᠠᠷ ᠴᠢᠩᠭ᠎ᠠ ᠰᠢᠢᠳᠭᠡᠨ᠎ᠡ︕ ᠤᠯᠤᠰ ᠤᠨ ᠡᠮ ᠲᠠᠩ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠤᠭ ᠤᠨ ᠰᠢᠨ᠎ᠡ ᠵᠠᠷᠯᠠᠯ︕
ᠨᠡᠶᠢᠲᠡᠯᠡᠭᠰᠡᠨ ᠴᠠᠭ᠄
2024/7/11
      ᠤᠯᠤᠰ ᠤᠨ ᠡᠮ ᠲᠠᠩ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠰᠦᠯᠵᠢᠶ᠎ᠡ ᠥᠨᠥᠳᠦᠷ ᠵᠠᠷᠯᠠᠯ ᠨᠡᠶᠢᠲᠡᠯᠡᠵᠦ ᠬᠡᠯᠡᠬᠦ ᠳᠡᠭᠡᠨ᠂ 2023 ᠣᠨ ᠤ ᠤᠯᠤᠰ ᠤᠨ ᠭᠤᠶᠣᠯᠠᠯ ᠤᠨ ᠡᠳ᠋ ᠤᠨ ᠥᠯᠢᠭᠡᠷ ᠠᠪᠴᠤ ᠰᠢᠯᠭᠠᠨ ᠪᠠᠶᠢᠴᠠᠭᠠᠬᠤ ᠠᠵᠢᠯ ᠤᠨ ᠳᠤᠮᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠲᠠᠩ ᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ ᠵᠡᠷᠭᠡ ᠨᠢᠭᠡᠴᠡ ᠶᠢᠨ ᠰᠢᠯᠭᠠᠨ ᠪᠠᠶᠢᠴᠠᠭᠠᠯᠲᠠ ᠪᠠᠷ ᠳᠡᠮᠵᠢᠨ᠂ ᠭᠤᠸᠠᠩᠵᠧᠦ ᠶᠢᠨ ᠬᠤᠩ ᠰᠢᠨ ᠯᠦᠩ ᠭᠤᠶᠣᠯᠠᠯ ᠤᠨ ᠡᠳ᠋ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠭᠰᠡᠨ ᠬᠤᠩ ᠰᠢᠨ ᠯᠦᠩ ᠭᠡᠵᠢᠭᠡ ᠪᠤᠳᠤᠬᠤ ᠬᠠᠨᠳᠠ ︵ᠤᠯᠠᠭᠠᠨ ᠥᠩᠭᠡ︶ ᠬᠡᠰᠡᠨ ᠦᠢᠯᠡᠳᠬᠦᠨ ᠤ ᠱᠣᠰᠢᠭ᠎ᠠ ᠲᠠᠢ ᠦᠢᠯᠡᠳᠬᠦᠨ ᠵᠡᠷᠭᠡ 37 ᠪᠦᠯᠦᠭ ᠭᠤᠶᠣᠯᠠᠯ ᠤᠨ ᠡᠳ᠋ ᠨᠢ ᠲᠣᠭᠲᠠᠭᠠᠯ ᠳᠤ ᠨᠡᠶᠢᠴᠡᠬᠦ ᠥᠬᠡᠶ ᠪᠠᠶᠢᠨ᠎ᠠ ᠬᠡᠪᠡ᠃ ᠡᠭᠦᠨ ᠳᠤ᠂ ᠭᠤᠸᠠᠩᠵᠧᠦ ᠶᠢᠨ ᠬᠤᠩ ᠰᠢᠨ ᠯᠦᠩ ᠭᠤᠶᠣᠯᠠᠯ ᠤᠨ ᠡᠳ᠋ ᠤᠨ ᠬᠢᠵᠠᠭᠠᠷᠲᠤ ᠺᠣᠮᠫᠠᠨᠢ ᠶᠢᠨ ᠬᠢᠨ ᠥᠯᠢᠭᠡᠷ ᠡᠳ᠋ ᠤᠨ ᠦᠨᠡᠨ ᠪᠣᠳᠠᠲᠤ ᠴᠢᠨᠠᠷ ᠲᠤ ᠤᠨᠳᠤᠤ ᠰᠠᠨᠠᠯ ᠲᠠᠢ ᠭᠡᠵᠦ ᠭᠤᠶᠤᠴᠢᠯᠠᠯ ᠭᠠᠷᠭᠠᠪᠠ᠂ ᠡᠭᠦᠨ ᠤ ᠲᠤᠬᠠᠢ ᠭᠤᠸᠠᠩᠳᠦ᠋ᠩ ᠮᠤᠵᠢ ᠶᠢᠨ ᠡᠮ ᠲᠠᠩ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠨᠠᠨ ᠪᠠᠶᠢᠴᠠᠭᠠᠭᠠᠳ ᠂ ᠰᠤᠭᠤᠯᠤᠨ ᠪᠠᠶᠢᠴᠠᠭᠠᠯᠳᠠ ᠳᠤ ᠲᠣᠭᠲᠠᠭᠠᠯ ᠳᠤ ᠨᠡᠶᠢᠴᠡᠬᠦ ᠥᠬᠡᠶ ᠭᠡᠵᠦ ᠦᠵᠡᠭᠰᠡᠨ ᠦᠢᠯᠡᠳᠬᠦᠨ ᠢ ᠦᠨᠡᠭᠡᠷ ᠳᠡᠭᠡᠷ᠎ᠡ ᠳᠤᠷᠠᠳᠤᠭᠰᠠᠨ ᠠᠵᠤ ᠠᠬᠤᠶᠢᠯᠠᠯ ᠲᠠᠩᠰᠠᠯᠠᠭᠤᠯᠤᠬᠰᠠᠨ ᠪᠤᠶᠤ ᠦᠢᠯᠡᠳᠪᠦᠷᠢᠯᠡᠭᠰᠡᠨ ᠪᠠᠶᠢᠨ᠎ᠠ᠃ ᠳᠡᠭᠡᠷ᠎ᠡ ᠳᠤᠷᠠᠳᠤᠭᠰᠠᠨ ᠠᠵᠤ ᠠᠬᠤᠶᠢᠯᠠᠯ ᠤᠨ ᠬᠤᠳᠠᠯ ᠬᠠᠭᠤᠷᠮᠠᠭ ᠮᠡᠳᠡᠭᠡ ᠵᠠᠩᠭᠢ ᠬᠠᠩᠭᠠᠵᠤ᠂ ᠦᠨᠡᠨ ᠪᠠᠶᠢᠳᠠᠯ ᠢ ᠨᠢᠭᠤᠨ ᠳᠠᠯᠳᠠᠯᠠᠭᠰᠠᠨ ᠦᠢᠯᠡ ᠠᠵᠢᠯᠯᠠᠭ᠎ᠠ ᠨᠢ ︽ᠭᠤᠶᠣᠯᠠᠯ ᠤᠨ ᠡᠳ᠋ ᠤᠨ ᠬᠢᠨᠠᠯᠲᠠ ᠬᠠᠮᠢᠶᠠᠷᠤᠯᠲᠠ ᠶᠢᠨ ᠲᠦᠷᠢᠮ︾ ᠳᠤ ᠲᠣᠭᠲᠠᠭᠠᠭᠰᠠᠨ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠳᠠᠯ ᠳᠤ ᠲᠣᠭᠠᠴᠠᠭᠳᠠᠨ᠎ᠡ᠂ ᠪᠠᠶᠢᠴᠠᠭᠠᠨ ᠳᠣᠲᠣᠯᠠᠭᠰᠠᠨ ᠤ ᠳᠠᠷᠠᠭ᠎ᠠ ᠬᠠᠤᠯᠢ ᠶᠣᠰᠣᠭᠠᠷ ᠬᠦᠨᠳᠦ ᠪᠠᠷ ᠴᠢᠩᠭ᠎ᠠ ᠰᠢᠢᠳᠭᠡᠨ᠎ᠡ ᠬᠡᠵᠡᠢ᠃
 
ᠢᠷᠡᠯᠲᠡ᠄ ᠠᠷᠡᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号