ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ 2024 ᠣᠨ ᠤ 8 ᠰᠠᠷ᠎ᠠ ᠶᠢᠨ | 1 ᠤ ᠡᠳᠦᠷ ᠠᠴᠠ ᠡᠬᠢᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠰᠢᠨ᠎ᠡ ᠪᠠᠷ ᠵᠠᠰᠠᠪᠤᠷᠢ | ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠠᠯᠳᠠᠯᠲᠠ ᠶᠢᠨ | ᠳᠠᠭᠠᠳᠬᠠᠯ ᠤᠨ ᠬᠡᠷᠡᠭᠵᠢᠭᠦᠯᠬᠦ ᠠᠷᠭ᠎ᠠ︾ ᠶᠢ ᠬᠡᠷᠡᠭᠵᠢᠭᠦᠯᠬᠦ ᠪᠠᠷ ᠪᠠᠶᠢᠨ᠎ᠠ᠃ᠣᠶᠢᠯᠠᠭᠠᠭᠰᠠᠨ ᠢᠶᠠᠷ᠂ ᠵᠠᠰᠠᠪᠤᠷᠢ | ᠣᠷᠣᠭᠤᠯᠤᠭᠰᠠᠨ ᠤ ᠳᠠᠷᠠᠭᠠᠬᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠠᠯᠳᠠᠯᠲᠠ ᠶᠢᠨ | ᠳᠠᠭᠠᠳᠬᠠᠯ ᠤᠨ ᠬᠡᠷᠡᠭᠵᠢᠭᠦᠯᠬᠦ ᠠᠷᠭ᠎ᠠ︾ ᠨᠢ ᠨᠡᠶᠢᠲᠡ 13 ᠵᠦᠢᠯ ᠢᠶᠠᠷ ᠪᠦᠷᠢᠯᠳᠦᠵᠦ᠂ ᠭᠤᠤᠯᠳᠠᠭᠤ ᠭᠤᠷᠪᠠᠨ | ᠲᠠᠯ᠎ᠠ ᠶᠢᠨ ᠬᠤᠪᠢᠷᠠᠯᠲᠠ ᠶᠢ ᠲᠤᠰᠬᠠᠵᠠᠢ᠃ | ᠨᠢᠭᠡ ᠳᠤ ᠠᠵᠢᠯ ᠠᠯᠳᠠᠯᠲᠠ ᠶᠢᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠪᠡ᠃ ᠬᠤᠲᠠ | ᠪᠠᠯᠭᠠᠰᠤᠨ ᠤ ᠠᠵᠤ ᠠᠬᠤᠶᠢᠯᠠᠯ ᠢ ᠠᠵᠤ ᠠᠬᠤᠶᠢᠯᠠᠯ ᠪᠣᠯᠭᠠᠨ ᠥᠷᠭᠡᠳᠬᠡᠵᠦ᠂ ᠬᠠᠤᠯᠢ ᠶᠣᠰᠣᠭᠠᠷ | ᠳᠠᠩᠰᠠᠯᠠᠭᠤᠯᠬᠤ ᠶᠢ ᠭᠦᠢᠴᠡᠳᠬᠡᠭᠰᠡᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠢᠴᠢ ᠠᠵᠢᠯᠲᠠᠨ ᠠᠵᠢᠯᠴᠢᠨ᠂ | ᠬᠥᠯᠥᠰᠥᠨ ᠠᠵᠢᠯᠴᠢᠨ ᠲᠠᠢ ᠬᠤᠪᠢ ᠶᠢᠨ ᠦᠢᠯᠡᠳᠪᠦᠷᠢ ᠬᠤᠳᠠᠯᠳᠤᠭ᠎ᠠ ᠶᠢᠨ ᠡᠷᠦᠬᠡ ᠵᠢᠴᠢ ᠬᠥᠯᠥᠰᠥᠨ | ᠠᠵᠢᠯᠴᠢᠨ ᠢ ᠪᠦᠬᠦᠨ ᠢ ᠳᠠᠭᠠᠳᠬᠠᠯ ᠳᠤ ᠣᠷᠣᠯᠴᠠᠬᠤ ᠬᠡᠪᠴᠢᠶᠡᠨ ᠳᠤ ᠣᠷᠣᠭᠤᠯᠪᠠ᠃ | ᠬᠤᠶᠠᠷ ᠲᠤ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠡ᠃ | ᠤᠯᠤᠰ ᠤᠨ ᠲᠣᠭᠲᠠᠭᠠᠭᠰᠠᠨ ᠬᠡᠪᠴᠢᠶᠡᠨ ᠳᠣᠲᠣᠷ᠎ᠠ᠂ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠶᠢᠨ ᠪᠠᠷᠢᠮᠵᠢᠶ᠎ᠠ ᠶᠢ 5% ᠪᠠᠷ ᠦᠰᠭᠡᠭᠰᠡᠨ ᠤ | ᠬᠠᠮᠲᠤ ᠨᠠᠰᠤ ᠠᠭᠢᠭᠰᠠᠨ ᠠᠵᠢᠯ ᠠᠯᠳᠠᠭᠰᠠᠳ ᠪᠣᠯᠤᠨ ᠡᠷ᠎ᠡ ᠡᠮ᠎ᠡ ᠬᠤᠶᠠᠷ ᠲᠠᠯ᠎ᠠ ᠪᠠᠷ ᠢᠶᠠᠨ ᠵᠡᠷᠭᠡᠪᠡᠷ ᠠᠵᠢᠯ | ᠠᠯᠳᠠᠭᠰᠠᠳ ᠤᠨ ᠤᠨᠴᠠᠭᠠᠢ ᠬᠦᠴᠢᠷᠳᠡᠯ ᠢ ᠪᠣᠳᠣᠯᠬᠢᠯᠠᠭᠠᠳ᠂ ᠳᠡᠭᠡᠷ᠎ᠡ ᠳᠤᠷᠠᠳᠤᠭᠰᠠᠨ ᠰᠠᠭᠤᠷᠢᠨ ᠳᠡᠭᠡᠷ᠎ᠡ ᠪᠠᠰᠠ 3 | % ᠪᠠᠷ ᠦᠰᠭᠡᠪᠡ᠃ | ᠭᠤᠷᠪᠠ ᠳᠤ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠶᠢ | ᠴᠢᠩᠭᠠᠳᠬᠠᠪᠠ᠃ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠶᠢᠨ ᠲᠥᠷᠥᠯ ᠵᠦᠢᠯ ᠢ | ᠵᠢᠷᠤᠮᠵᠢᠭᠤᠯᠵᠤ᠂ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠳᠤ ᠥᠪᠡᠷᠲᠡᠭᠡᠨ ᠵᠠᠰᠠᠬᠤ ᠣᠷᠣᠨ ᠤ | ᠲᠠᠰ ᠤᠨ ᠨᠢᠭᠡᠳᠦᠯᠲᠡᠶ ᠲᠥᠯᠥᠪᠯᠡᠬᠦ ᠶᠢ ᠬᠡᠷᠡᠭᠵᠢᠭᠦᠯᠬᠦ ᠶᠢ ᠲᠣᠳᠣᠷᠬᠠᠶᠢᠯᠠᠵᠤ᠂ ᠠᠵᠢᠯ ᠠᠯᠳᠠᠯᠲᠠ ᠶᠢᠨ | ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠦᠰ ᠤᠨ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ | ᠳᠠᠭᠠᠳᠬᠠᠯ ︵ᠦᠷᠡᠵᠢᠯ ᠤᠨ ᠳᠠᠭᠠᠳᠬᠠᠯ ᠪᠠᠭᠲᠠᠨ᠎ᠠ︶ ᠤᠨ ᠰᠦᠢᠳᠭᠡᠯ ᠢ ᠣᠷᠣᠯᠠᠨ ᠲᠤᠰᠢᠶᠠᠬᠤ ᠳᠤ᠂ ᠬᠤᠪᠢ | ᠬᠥᠮᠦᠨ ᠨᠢ ᠦᠨᠳᠦᠰᠦᠨ ᠡᠮ ᠡᠮᠨᠡᠯᠭᠡ ᠶᠢᠨ ᠳᠠᠭᠠᠳᠬᠠᠯ ︵ᠦᠷᠡᠵᠢᠯ ᠤᠨ ᠳᠠᠭᠠᠳᠬᠠᠯ ᠪᠠᠭᠲᠠᠨ᠎ᠠ︶ ᠤᠨ ᠰᠦᠢᠳᠭᠡᠯ | ᠲᠤᠰᠢᠶᠠᠬᠤ ᠥᠬᠡᠶ ᠭᠡᠵᠦ ᠲᠣᠳᠣᠷᠬᠠᠶᠢᠯᠠᠪᠠ᠃ |