︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠠᠬᠢᠭᠤᠯᠬᠤ ᠢᠨᠵᠧᠨᠧᠷᠢᠩ ᠤᠨ ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠠᠴᠠ ᠳᠤᠮᠳᠠ ᠪᠠᠷᠠᠭᠤᠨ ᠣᠷᠣᠨ ᠳᠤ ᠬᠤᠪᠢᠶᠠᠷᠢᠯᠠᠨ ᠥᠭᠭᠦᠭᠰᠡᠨ ᠬᠠᠷᠢᠴᠠᠯ 93% ᠶᠢ ᠳᠠᠪᠠᠪᠡ ︵ᠰᠢᠨ᠎ᠡ  ᠳ᠋ᠠᠶᠢᠲ᠋ᠠ ᠰᠢᠨ᠎ᠡ ᠬᠢᠯᠡᠰᠵᠢᠯ︶
ᠨᠡᠶᠢᠲᠡᠯᠡᠭᠰᠡᠨ ᠴᠠᠭ᠄
2024/7/11
     ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 7 ᠰᠠᠷ᠎ᠠ ᠶᠢᠨ 7 ᠤ ᠡᠳᠦᠷ ᠤᠨ ᠮᠡᠳᠡᠭᠡ ︵ᠰᠤᠷᠪᠤᠯᠵᠢᠯᠠᠭᠴᠢ ᠦ᠋ ᠳ᠋ᠠᠨ᠂ ᠳ᠋ᠢᠩ ᠶᠠ ᠰᠥᠩ︶ ᠰᠤᠷᠪᠤᠯᠵᠢᠯᠠᠭᠴᠢ ᠲᠦᠷᠦᠭᠦᠬᠡᠨ ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠄ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠠᠬᠢᠭᠤᠯᠬᠤ ᠢᠨᠵᠧᠨᠧᠷᠢᠩ ᠤᠨ ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠠᠴᠠ ᠳᠤᠮᠳᠠ ᠪᠠᠷᠠᠭᠤᠨ ᠣᠷᠣᠨ ᠳᠤ ᠬᠤᠪᠢᠶᠠᠷᠢᠯᠠᠨ ᠥᠭᠭᠦᠭᠰᠡᠨ ᠬᠠᠷᠢᠴᠠᠯ ᠨᠢ 93 % ᠶᠢ ᠳᠠᠪᠠᠵᠤ᠂ 2023 ᠣᠨ ᠳᠤ ᠳᠤᠮᠳᠠ ᠪᠠᠷᠠᠭᠤᠨ ᠤᠷᠤᠨ ᠤ ᠮᠤᠵᠢ ᠣᠷᠣᠨ ᠳᠤ 60.7 ᠳ᠋ᠦᠩᠰᠢᠭᠤᠷ ᠲᠥᠭᠦᠷᠢᠭ  ᠤᠨ ᠪᠠᠯᠠ ᠮᠥᠩᠭᠦ ᠲᠣᠬᠢᠷᠠᠭᠤᠯᠤᠨ ᠦᠭᠪᠡ᠃ ᠤᠢᠢᠷ᠎ᠠ ᠶᠢᠨ ᠵᠢᠯ ᠠᠴᠠ᠂ ᠳᠤᠮᠳᠠ ᠪᠠᠷᠠᠭᠤᠨ ᠣᠷᠣᠨ ᠤ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢᠯᠡᠳᠲᠡ ᠰᠠᠶᠢᠵᠢᠷᠠᠵᠤ᠂ ᠪᠠᠭᠰᠢ ᠶᠢᠨ ᠡᠩᠨᠡᠭᠡ ᠶᠢᠨ ᠪᠦᠬᠦᠯᠢ ᠴᠣᠭᠴᠠ ᠶᠢᠨ ᠬᠡᠪ ᠪᠣᠯᠪᠠᠰᠤᠷᠠᠯ ᠢᠯᠡᠳᠲᠡ ᠳᠡᠭᠡᠭᠰᠢᠯᠡᠵᠦ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠲᠦᠪᠰᠢᠨ ᠢᠯᠡᠳᠲᠡ ᠳᠡᠭᠡᠭᠰᠢᠯᠡᠵᠦ᠂ ᠳᠤᠮᠳᠠ ᠪᠠᠷᠠᠭᠤᠨ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠤᠯᠭᠠᠭᠤᠷᠢᠯᠠᠬᠤ ᠴᠢᠳᠠᠪᠤᠷᠢ ᠦᠨᠡᠨ ᠬᠦ ᠴᠢᠩᠭᠠᠷᠠᠵᠤ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠴᠢᠬᠤᠯᠠ ᠠᠬᠢᠴᠠ ᠲᠠᠢ ᠪᠤᠯᠵᠠᠢ᠃      ᠪᠡᠯᠡ ᠣᠷᠣᠭᠤᠯᠤᠯᠲᠠ ᠶᠢᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠳᠤᠮᠳᠠ ᠪᠠᠷᠠᠭᠤᠨ ᠣᠷᠣᠨ ᠤ ᠰᠤᠷᠭᠠᠨ ᠬᠥᠮᠦᠵᠢᠯ ᠢ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠷᠦᠩᠬᠡᠢ ᠪᠠᠶᠢᠷᠢᠰᠢᠯ ᠤᠨ ᠳᠤᠮᠳᠠ ᠤᠷᠢᠳᠠᠪᠠᠷ ᠲᠦᠯᠦᠪᠵᠢᠬᠦᠯᠪᠡ᠃ 2023 ᠣᠨ ᠳᠤ᠂ ᠲᠥᠪ ᠤᠨ ᠡᠳ᠋ ᠤᠨ ᠵᠠᠰᠠᠭ ᠤᠨ ᠰᠤᠷᠭᠠᠨ ᠬᠥᠮᠦᠵᠢᠯ ᠤᠨ ᠰᠢᠯᠵᠢᠭᠦᠯᠦᠨ ᠥᠭᠬᠦ ᠪᠠᠯᠠ ᠮᠥᠩᠭᠦ ᠶᠢᠨ 80 % ᠠᠴᠠ ᠳᠡᠭᠡᠭᠰᠢᠬᠢ ᠶᠢ ᠳᠤᠮᠳᠠ ᠪᠠᠷᠠᠭᠤᠨ ᠣᠷᠣᠨ ᠳᠤ ᠬᠡᠷᠡᠭᠯᠡᠵᠦ᠂ ᠡᠯ᠎ᠡ ᠭᠠᠵᠠᠷ ᠤᠨ ᠰᠤᠷᠭᠠᠭᠤᠯᠢ ᠶᠢᠨ ᠪᠠᠷᠢᠮᠵᠢᠶᠠᠵᠢᠭᠤᠯᠤᠭᠰᠠᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠤᠯᠠᠮ ᠢᠶᠠᠷ ᠲᠦᠷᠭᠡᠳᠬᠡᠵᠦ᠂ ᠰᠤᠷᠭᠠᠭᠤᠯᠢ ᠶᠢᠨ ᠪᠠᠶᠢᠷᠢ ᠶᠢᠨ ᠲᠠᠯᠠᠪᠠᠶ᠂ ᠲᠤᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ ᠶᠢᠨ ᠪᠠᠷᠢᠮᠵᠢᠶ᠎ᠠ ᠳᠤ ᠬᠥᠷᠬᠦ ᠨᠣᠷᠮ᠎ᠠ ᠶᠢ ᠢᠯᠡᠳᠲᠡ ᠳᠡᠭᠡᠭᠰᠢᠯᠡᠭᠦᠯᠪᠡ᠃ ᠳᠤᠮᠳᠠ ᠪᠠᠷᠠᠭᠤᠨ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠤᠭᠴᠢ ᠶᠢᠨ ᠳᠤᠮᠳᠠᠴᠢ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠰᠠᠭᠤᠷᠢ ᠲᠤᠭ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠨᠡᠶᠢᠲᠡ ᠶᠢᠨ ᠬᠡᠷᠡᠭᠯᠡᠭᠡᠨ ᠤ ᠵᠢᠯ ᠤᠨ ᠳᠤᠮᠳᠠᠴᠢ ᠵᠠᠷᠤᠳᠠᠯ 720 ᠲᠥᠭᠦᠷᠢᠭ ᠲᠤ ᠬᠦᠷᠴᠦ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠵᠢᠯ ᠤᠨ ᠳᠤᠮᠳᠠᠴᠢ ᠵᠠᠷᠤᠳᠠᠯ 940 ᠲᠥᠭᠦᠷᠢᠭ ᠲᠤ ᠬᠦᠷᠴᠡᠢ᠃      ᠰᠤᠷᠭᠠᠨ ᠬᠥᠮᠦᠵᠢᠯ ᠤᠨ ᠲᠣᠭᠠᠴᠢᠯᠠᠭᠰᠠᠨ ᠪᠠᠶᠢᠭᠤᠯᠤᠯᠲᠠ ᠶᠢ ᠠᠬᠢᠭᠤᠯᠵᠤ᠂ ᠰᠢᠯᠢᠳᠡᠭ ᠡᠬᠢ ᠪᠠᠶᠠᠯᠢᠭ ᠤᠨ ᠪᠦᠷᠬᠦᠴᠡ ᠶᠢ ᠥᠷᠭᠡᠳᠬᠡᠪᠡ᠃ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠤᠶᠤᠨᠲᠤ ᠰᠤᠷᠭᠠᠨ ᠬᠥᠮᠦᠵᠢᠯ ᠤᠨ ᠲᠠᠪᠴᠠᠩ ᠢ ᠳᠤᠮᠳᠠ ᠪᠠᠷᠠᠭᠤᠨ ᠣᠷᠣᠨ ᠳᠤ ᠪᠦᠲᠦᠮᠵᠢᠲᠡᠶ ᠬᠡᠷᠡᠭᠯᠡᠬᠦ ᠶᠢ ᠠᠬᠢᠭᠤᠯᠵᠤ᠂ 2023 ᠣᠨ ᠳᠤ᠂ ᠵᠠᠭᠤᠨ ᠰᠣᠷᠣᠭᠴᠢ ᠨᠢᠭᠡᠪᠦᠷᠢ ᠶᠢᠨ ᠨᠤᠮ ᠦᠵᠡᠭᠰᠡᠨ ᠬᠡᠮᠵᠢᠶ᠎ᠡ ᠶᠢᠨ ᠡᠮᠦᠨ᠎ᠡ 10 ᠨᠡᠷᠡᠰ ᠲᠤ ᠵᠢᠭᠰᠠᠭᠠᠭᠳᠠᠭᠰᠠᠨ ᠮᠤᠵᠢ ᠣᠷᠣᠨ ᠤ ᠳᠣᠲᠣᠷ᠎ᠠ ᠤᠷᠤᠵᠤ᠂ ᠳᠤᠮᠳᠠ ᠪᠠᠷᠠᠭᠤᠨ ᠣᠷᠣᠨ 70 % ᠶᠢ ᠡᠵᠡᠯᠡᠵᠡᠢ᠃ ︽ᠨᠡᠭᠡᠭᠡᠯᠳᠡᠳᠦ ᠮᠠᠶ᠋ᠢᠭ ᠤᠨ ᠰᠦᠯᠵᠢᠶᠡᠨ ᠤ ᠬᠢᠴᠢᠶᠡᠯ ᠪᠠᠷᠠᠭᠤᠨ ᠣᠷᠣᠨ ᠤ ᠠᠶᠠᠯᠠᠯ ᠤᠨ ᠲᠥᠯᠥᠪᠯᠡᠭᠡ︾ ᠨᠢ ᠪᠠᠷᠠᠭᠤᠨ ᠣᠷᠣᠨ ᠤ ᠶᠡᠭᠡ ᠳᠡᠭᠡᠳᠦ ᠰᠤᠷᠭᠠᠭᠤᠯᠢ ᠳᠤ 20.7 ᠲᠦᠮᠡᠨ ᠲᠥᠷᠥᠯ ᠤᠨ ᠨᠡᠭᠡᠭᠡᠯᠳᠡᠳᠦ ᠮᠠᠶ᠋ᠢᠭ ᠤᠨ ᠰᠦᠯᠵᠢᠶᠡᠨ ᠤ ᠬᠢᠴᠢᠶᠡᠯ ᠵᠢᠴᠢ ᠲᠣᠭᠲᠠᠭᠰᠠᠨ ᠬᠢᠴᠢᠶᠡᠯ ᠤᠨ ᠦᠢᠯᠡᠴᠢᠯᠡᠭᠡ ᠬᠠᠩᠭᠠᠵᠤ᠂ ᠪᠠᠷᠠᠭᠤᠨ ᠣᠷᠣᠨ ᠢ ᠬᠠᠪᠰᠤᠷᠤᠨ ᠬᠤᠯᠢᠮᠠᠭ ᠮᠠᠶ᠋ᠢᠭ ᠤᠨ ᠵᠢᠭᠠᠨ ᠰᠤᠷᠭᠠᠯᠲᠠ ᠶᠢ 935.9 ᠲᠦᠮᠡᠨ ᠲᠥᠷᠥᠯ ᠤᠳᠠᠭ᠎ᠠ ᠥᠷᠨᠢᠭᠦᠯᠵᠦ᠂ ᠰᠤᠷᠤᠭᠴᠢᠳ ᠤᠨ ᠰᠤᠷᠤᠯᠴᠠᠯᠭ᠎ᠠ ᠳᠤ ᠣᠷᠣᠯᠴᠠᠭᠰᠠᠨ ᠨᠢ 5.9 ᠳ᠋ᠦᠩᠰᠢᠭᠤᠷ ᠬᠥᠮᠦᠨ ᠤᠳᠠᠭ᠎ᠠ ᠳᠤ ᠬᠦᠷᠴᠡᠶ᠃      ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠨᠢᠭᠡ ᠪᠦᠯᠦᠭ ᠥᠨᠳᠥᠷ ᠬᠡᠪ ᠴᠢᠨᠠᠷ ᠲᠠᠢ ᠪᠠᠭᠰᠢ ᠶᠢ ᠬᠥᠮᠦᠵᠢᠭᠦᠯᠦᠨ ᠭᠠᠷᠭᠠᠪᠠ᠃ 2023 ᠣᠨ ᠪᠣᠯᠲᠠᠯ᠎ᠠ᠂ ᠣᠨᠴᠠᠭᠠᠢ ᠠᠵᠢᠯ ᠤᠨ ᠪᠠᠶᠢᠷᠢ ᠶᠢᠨ ᠲᠦᠯᠦᠪᠯᠡᠭᠡ ᠪᠠᠷ ᠳᠤᠮᠳᠠ ᠪᠠᠷᠠᠭᠤᠨ ᠣᠷᠣᠨ ᠤ 1000 ᠭᠠᠷᠤᠢ ᠰᠢᠶᠠᠨ᠂ ᠬᠥᠳᠡᠭᠡ ᠲᠣᠰᠬᠤᠨ ᠤ 3 ᠲᠦᠮᠡ ᠭᠠᠷᠤᠢ‌‍ᠰᠤᠷᠭᠠᠭᠤᠯᠢ ᠳᠤ ᠣᠨᠴᠠᠭᠠᠢ ᠠᠵᠢᠯ ᠤᠨ ᠪᠠᠶᠢᠷᠢ ᠶᠢᠨ ᠪᠠᠭᠰᠢ ᠶᠢ 115 ᠲᠦᠮᠡᠨ ᠬᠦᠮᠦᠨ ᠨᠥᠬᠦᠪᠥᠷᠢᠯᠡᠨ ᠦᠭᠪᠡ︔ ᠶᠠᠮᠤᠨ ᠤ ᠬᠠᠷᠢᠶ᠎ᠠ ᠪᠦᠬᠦᠢ 6 ᠪᠠᠭᠰᠢ ᠶᠢᠨ ᠶᠡᠭᠡ ᠰᠤᠷᠭᠠᠭᠤᠯᠢ ᠨᠢ ᠠᠯᠪᠠᠨ ᠤ ᠰᠦᠢᠳᠭᠡᠯ ᠢᠶᠠᠷ ᠰᠤᠷᠤᠯᠴᠠᠬᠤ ᠪᠠᠭᠰᠢ ᠶᠢᠨ ᠮᠡᠷᠭᠡᠵᠢᠯ ᠤᠨ ᠤᠶᠤᠳᠠᠨ ᠢ ᠨᠡᠶᠢᠳᠡ 14 . 82 ᠲᠦᠮᠡᠨ ᠬᠦᠮᠦᠨ ᠡᠯᠰᠡᠵᠦ᠂ ᠡᠭᠦᠨ ᠤ ᠲᠤᠳᠤᠷᠠᠬᠢ 90% ᠬᠦᠮᠦᠨ ᠨᠢ ᠳᠤᠮᠳᠠ ᠪᠠᠷᠠᠭᠤᠨ ᠤᠷᠤᠨ ᠳᠤ ᠬᠦᠷᠴᠦ ᠪᠠᠭᠰᠢᠯᠠᠪᠠ᠃ ︽ᠭᠤᠷᠪᠠᠨ ᠣᠷᠣᠨ︾ ᠤ ᠴᠢᠳᠠᠪᠤᠷᠢᠲᠠᠨ ᠢ ᠳᠡᠮᠵᠢᠬᠦ ᠲᠥᠯᠥᠪᠯᠡᠭᠡ ᠶᠢᠨ ᠪᠠᠭᠰᠢ ᠶᠢᠨ ᠲᠤᠰᠬᠠᠶ ᠲᠥᠯᠥᠪᠯᠡᠭᠡ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ ᠰᠤᠷᠭᠠᠨ ᠬᠥᠮᠦᠵᠢᠯ ᠤᠨ ᠴᠢᠳᠠᠪᠤᠷᠢᠲᠠᠨ ᠤ ︽ᠪᠦᠯᠬᠦᠮ ᠪᠠᠶᠢᠭᠤᠯᠬᠤ ᠮᠠᠶ᠋ᠢᠭ︾ ᠤᠨ ᠬᠠᠪᠰᠤᠷᠤᠨ ᠲᠡᠳᠬᠦᠬᠦ᠂ ᠤᠯᠤᠰ ᠤᠨ ᠪᠤᠭᠤᠷᠤᠯ ᠨᠠᠰᠤᠨ ᠤ ᠪᠠᠭᠰᠢ ᠶᠢᠨ ᠠᠵᠢᠯᠯᠠᠭᠠᠨ ᠤ ᠲᠥᠯᠥᠪᠯᠡᠭᠡ ᠵᠡᠷᠭᠡ ᠰᠢᠷᠢᠰ ᠳᠡᠮᠵᠢᠯᠭᠡ ᠶᠢᠨ ᠲᠥᠯᠥᠪᠯᠡᠭᠡ ᠶᠢᠨ ᠶᠤᠰᠤᠭᠠᠷ ᠳᠤᠮᠳᠠ ᠪᠠᠷᠠᠭᠤᠨ ᠣᠷᠣᠨ ᠳᠤ ᠰᠤᠷᠭᠠᠨ ᠬᠥᠮᠦᠵᠢᠯ ᠢ ᠳᠡᠮᠵᠢᠬᠦ ᠨᠡᠶᠢᠲᠡ 25 ᠲᠦᠮᠡ ᠭᠠᠷᠤᠶ ᠪᠠᠭᠰᠢ ᠶᠢ ᠰᠣᠩᠭᠤᠨ ᠲᠣᠮᠢᠯᠠᠵᠤ᠂ ᠪᠠᠭᠰᠢ ᠶᠢᠨ ᠡᠩᠨᠡᠭᠡᠨ ᠤ ᠪᠦᠬᠦᠯᠢ ᠴᠣᠭᠴᠠ ᠶᠢᠨ ᠴᠢᠳᠠᠪᠤᠷᠢ ᠬᠡᠪ ᠴᠢᠨᠠᠷ ᠢ ᠦᠷᠭᠦᠯᠵᠢᠯᠡᠨ ᠲᠡᠭᠡᠭᠰᠢᠯᠡᠬᠦᠯᠵᠦ ᠪᠠᠶᠢᠨ᠎ᠠ᠃
 
ᠢᠷᠡᠯᠲᠡ᠄ ᠠᠷᠡᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号