7 ᠳ᠋ᠤᠭᠠᠷ ᠰᠠᠷ᠎ᠠ ᠶᠢᠨ 19 ᠤ ᠡᠳᠦᠷ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 34 ᠳ᠋ᠤᠭᠡᠷ | ᠬᠤᠭᠤᠴᠠᠭᠠᠨ ᠤ ᠨᠠᠭᠠᠳᠤᠮ ᠤᠨ ᠶᠡᠭᠡ ᠬᠤᠷᠠᠯ ᠤᠨ ᠡᠬᠢᠯᠡᠯᠲᠡ ᠶᠢᠨ ᠶᠣᠰᠣᠯᠠᠯ ᠢ ᠤᠷᠤᠭᠰᠢᠲᠠᠶ ᠶᠠᠪᠤᠭᠳᠠᠭᠤᠯᠬᠤ ᠶᠢ | ᠪᠠᠲᠤᠯᠠᠬᠤ ᠶᠢᠨ ᠲᠥᠯᠥᠭᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠪᠠᠲᠤᠬᠠᠭᠠᠯᠭ᠎ᠠ ᠨᠠᠭᠠᠳᠤᠮ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠵᠢᠴᠢ | ᠡᠷᠬᠢᠨ ᠲᠣᠭᠤᠷᠢᠨ ᠤ ᠬᠡᠰᠡᠭ ᠣᠷᠣᠨ ᠪᠦᠰᠡ ᠪᠠ ᠵᠠᠮ ᠳᠤ ᠲᠦᠷ ᠴᠠᠭ ᠤᠨ ᠵᠠᠮ ᠬᠠᠷᠢᠯᠴᠠᠭᠠᠨ ᠤ ᠵᠠᠬᠢᠷᠤᠨ | ᠬᠠᠮᠢᠶᠠᠷᠤᠯᠲᠠ ᠬᠡᠷᠡᠭᠵᠢᠭᠦᠯᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ | ᠄ | ᠨᠢᠭᠡ᠂ ᠵᠠᠬᠢᠷᠤᠨ ᠬᠠᠮᠢᠶᠠᠷᠬᠤ ᠬᠡᠪᠴᠢᠶ᠎ᠡ | 1. 2024 ᠣᠨ ᠤ 7 ᠳ᠋ᠤᠭᠠᠷ ᠰᠠᠷ᠎ᠠ ᠶᠢᠨ 19 ᠤ ᠡᠳᠦᠷ ᠤᠯᠠᠭᠠᠨᠴᠠᠪ ᠵᠠᠮ ᠤᠨ ᠢᠲᠡᠭᠡᠮᠵᠢ ᠶᠢᠨ | ᠬᠤᠷᠰᠢᠶ᠎ᠠ ᠶᠢᠨ ᠲᠣᠨᠣᠯᠵᠢᠨ ᠵᠠᠮ ᠤᠨ ᠠᠭᠤᠯᠵᠠᠷ ᠲᠤ ᠲᠦᠷ ᠴᠠᠭ ᠤᠨ ᠵᠠᠮ ᠬᠠᠷᠢᠯᠴᠠᠭᠠᠨ ᠤ ᠵᠠᠬᠢᠷᠤᠨ | ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠵᠢᠮᠢᠰᠲᠠᠢ ᠪᠠᠭᠤᠳᠠᠯ ᠤᠨ ᠡᠮᠦᠨ᠎ᠡ ᠵᠠᠮ ᠤᠨ ᠠᠭᠤᠯᠵᠠᠷ᠂ ᠰᠢᠭᠦᠬᠦ | ᠬᠤᠷᠢᠶᠠᠨ ᠤ ᠡᠮᠦᠨ᠎ᠡ ᠵᠠᠮ ᠤᠨ ᠠᠭᠤᠯᠵᠠᠷ᠂ ᠳᠥᠷᠪᠡᠨ ᠲᠠᠩ ᠴᠣᠭᠴᠠᠲᠤ ᠡᠮᠦᠨ᠎ᠡ ᠤᠮᠠᠷ᠎ᠠ ᠵᠠᠮ ᠤᠨ ᠠᠭᠤᠯᠵᠠᠷ ᠲᠤ | ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠠᠪᠤᠭᠤᠯᠵᠤ᠂ ᠵᠠᠬᠢᠷᠤᠨ ᠬᠠᠮᠢᠶᠠᠷᠬᠤ ᠬᠤᠭᠤᠴᠠᠭᠠᠨ ᠳᠤ ᠲᠡᠷᠭᠡ | ᠬᠥᠰᠬᠡ ᠨᠡᠪᠲᠡᠷᠡᠬᠦ ᠶᠢ ᠴᠠᠭᠠᠵᠠᠯᠠᠨ᠎ᠠ᠃ | 2. 2024 ᠣᠨ ᠤ 7 ᠳ᠋ᠤᠭᠠᠷ ᠰᠠᠷ᠎ᠠ ᠶᠢᠨ 19 ᠤ ᠡᠳᠦᠷ ᠤᠯᠠᠭᠠᠨᠴᠠᠪ ᠵᠠᠮ ᠤᠨ ᠬᠤᠷᠠᠯ ᠤᠨ | ᠲᠠᠯᠠᠪᠠᠶ ᠶᠢᠨ ᠲᠣᠨᠣᠯᠵᠢᠨ ᠵᠠᠮ ᠤᠨ ᠠᠭᠤᠯᠵᠠᠷ ᠤᠨ ᠡᠮᠦᠨ᠎ᠡ ᠬᠡᠰᠡᠭ ᠤᠨ ᠵᠠᠮ ᠢ ᠲᠦᠷ ᠴᠠᠭ ᠤᠮᠠᠷ᠎ᠠ ᠠᠴᠠ ᠡᠮᠦᠨᠡᠰᠢ | ᠲᠠᠩ ᠴᠢᠭᠯᠡᠯ ᠢᠶᠠᠷ ᠨᠡᠪᠲᠡᠷᠡᠭᠦᠯᠵᠦ᠂ G335 ᠬᠤᠷᠠᠯ ᠤᠨ ᠲᠠᠯᠠᠪᠠᠶ ᠵᠦᠭ ᠨᠡᠪᠲᠡᠷᠡᠬᠦ ᠶᠢ ᠴᠠᠭᠠᠵᠠᠯᠠᠨ᠎ᠠ᠃ | 3. 2024 ᠣᠨ ᠤ 7 ᠳ᠋ᠤᠭᠠᠷ ᠰᠠᠷ᠎ᠠ ᠶᠢᠨ 19 ᠤ ᠡᠳᠦᠷ ᠤᠯᠠᠭᠠᠨᠴᠠᠪ ᠵᠠᠮ ᠤᠨ ᠬᠡᠢ ᠨᠡᠮᠡᠬᠦ | ᠥᠷᠲᠡᠭᠡ ᠶᠢᠨ ᠵᠠᠮ ᠤᠨ ᠠᠭᠤᠯᠵᠠᠷ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠵᠠᠮ ᠤᠨ ᠠᠭᠤᠯᠵᠠᠷ᠂ | ᠢᠲᠡᠭᠡᠮᠵᠢ ᠶᠢᠨ ᠬᠤᠷᠰᠢᠶ᠎ᠠ ᠶᠢᠨ ᠵᠠᠮ ᠤᠨ ᠠᠭᠤᠯᠵᠠᠷ᠂ ᠬᠤᠷᠠᠯ ᠤᠨ ᠲᠠᠯᠠᠪᠠᠢ ᠶᠢᠨ ᠲᠣᠨᠣᠯᠵᠢᠨ ᠵᠠᠮ ᠤᠨ | ᠠᠭᠤᠯᠵᠠᠷ ᠤᠨ ᠵᠠᠮ ᠤᠨ ᠳ᠋ᠧᠩ ᠢ ᠬᠠᠭᠠᠵᠤ᠂ ᠵᠠᠮ ᠬᠠᠷᠢᠯᠴᠠᠭᠠᠨ ᠤ ᠴᠠᠭᠳᠠᠭ᠎ᠠ ᠲᠤᠬᠠᠢ ᠶᠢᠨ ᠲᠠᠯᠠᠪᠤᠷ ᠲᠤ ᠵᠠᠮ | ᠬᠠᠷᠢᠯᠴᠠᠭ᠎ᠠ ᠶᠢ ᠵᠢᠯᠤᠭᠤᠳᠤᠨ᠎ᠠ᠃ | 4. ᠨᠠᠭᠠᠳᠤᠮ ᠤᠨ ᠭᠤᠤᠯ ᠬᠤᠷᠠᠯ ᠤᠨ ᠲᠠᠯᠠᠪᠠᠶ ᠳᠤ 1 ᠳ᠋ᠦ᠋ᠭᠡᠷ ᠨᠣᠮᠧᠷᠲᠦ ᠲᠡᠷᠭᠡᠨ ᠵᠣᠭᠰᠣᠭᠠᠯ ᠤᠨ | ᠲᠠᠯᠠᠪᠤᠷ ᠲᠣᠬᠢᠷᠠᠭᠤᠯᠵᠤ᠂ 2200 ᠲᠡᠷᠭᠡ ᠵᠣᠭᠰᠣᠭᠠᠵᠤ ᠪᠣᠯᠤᠨ᠎ᠠ᠂ ᠲᠦᠷ ᠴᠠᠭ ᠤᠨ ᠲᠡᠷᠭᠡᠨ ᠵᠣᠭᠰᠣᠭᠠᠯ ᠤᠨ | ᠲᠠᠯᠠᠪᠤᠷ ᠲᠤ 400 ᠲᠡᠷᠭᠡ ᠵᠣᠭᠰᠣᠭᠠᠵᠤ ᠪᠣᠯᠤᠨ᠎ᠠ᠃ ᠤᠯᠠᠭᠠᠨᠴᠠᠪ ᠵᠠᠮ ᠳᠤ 2 ᠳ᠋ᠤᠭᠠᠷ ᠨᠣᠮᠧᠷᠲᠤ ᠲᠡᠷᠭᠡᠨ | ᠵᠣᠭᠰᠣᠭᠠᠯ ᠤᠨ ᠲᠠᠯᠠᠪᠤᠷ ᠲᠣᠬᠢᠷᠠᠭᠤᠯᠵᠤ᠂ 600 ᠲᠡᠷᠭᠡ ᠵᠣᠭᠰᠣᠭᠠᠵᠤ ᠪᠣᠯᠤᠨ᠎ᠠ᠃ ᠬᠤᠷᠠᠯ ᠤᠨ ᠲᠠᠯᠠᠪᠠᠢ ᠶᠢᠨ | ᠭᠠᠷᠬᠤ ᠡᠭᠦᠳᠡ ᠶᠢᠨ ᠵᠡᠭᠦᠨ ᠵᠦᠭ ᠲᠤ 3 ᠳ᠋ᠤᠭᠠᠷ ᠨᠣᠮᠧᠷᠲᠤ ᠲᠡᠷᠭᠡᠨ ᠵᠣᠭᠰᠣᠭᠠᠯ ᠤᠨ ᠲᠠᠯᠠᠪᠤᠷ ᠭᠠᠷᠭᠠᠵᠤ᠂ | 3000 ᠲᠡᠷᠭᠡ ᠵᠣᠭᠰᠣᠭᠠᠵᠤ ᠪᠣᠯᠤᠨ᠎ᠠ᠃ ︵ᠲᠡᠷᠭᠡᠨ ᠵᠣᠭᠰᠣᠭᠠᠯ ᠤᠨ ᠲᠠᠯᠠᠪᠤᠷ ᠤᠨ ᠪᠣᠳᠠᠲᠠᠶ ᠪᠠᠶᠢᠷᠢᠯᠠᠯ ᠢ | ᠨᠠᠭᠠᠳᠤᠮ ᠤᠨ ᠬᠤᠷᠠᠯ ᠤᠨ ᠲᠠᠯᠠᠪᠠᠶ ᠶᠢᠨ ᠵᠠᠮ ᠬᠠᠷᠢᠯᠴᠠᠭᠠᠨ ᠤ ᠪᠠᠶᠢᠷᠢᠯᠠᠭᠤᠯᠤᠯᠲᠠ ᠶᠢᠨ ᠵᠢᠷᠤᠭ ᠠᠴᠠ ᠦᠵᠡ︶ | ᠬᠤᠶᠠᠷ᠂ ᠵᠠᠬᠢᠷᠤᠨ ᠬᠠᠮᠢᠶᠠᠷᠬᠤ ᠱᠠᠭᠠᠷᠳᠠᠯᠭ᠎ᠠ᠄ | 1. ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠢᠨ ᠬᠤᠭᠤᠴᠠᠭᠠᠨ ᠳᠤ ᠤᠯᠠᠭᠠᠨ ᠥᠩᠭᠡᠲᠦ ᠵᠠᠮ ᠤᠨ | ᠬᠡᠰᠡᠭ ᠪᠣᠯ ᠴᠥᠮ ᠳᠠᠩ ᠴᠢᠭᠯᠡᠯ ᠢᠶᠠᠷ ᠶᠠᠪᠤᠬᠤ ᠵᠠᠮ ᠪᠣᠯᠤᠨ᠎ᠠ᠂ ᠲᠡᠷᠭᠡᠨ ᠵᠣᠭᠰᠣᠭᠠᠯ ᠤᠨ ᠲᠠᠯᠠᠪᠤᠷ ᠢᠶᠠᠷ ᠣᠷᠣᠵᠤ | ᠭᠠᠷᠬᠤ ᠲᠡᠷᠭᠡ ᠬᠥᠰᠭᠡ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠲᠣᠬᠢᠷᠠᠭᠤᠯᠤᠭᠰᠠᠨ ᠵᠠᠮ | ᠬᠠᠷᠢᠯᠴᠠᠭᠠᠨ ᠤ ᠵᠢᠭᠠᠪᠤᠷᠢ ᠪᠣᠯᠤᠨ ᠬᠥᠲᠥᠯᠦᠨ ᠵᠢᠯᠣᠭᠤᠳᠬᠤ ᠲᠡᠮᠳᠡᠭ ᠢᠶᠠᠷ ᠶᠠᠪᠤᠬᠤ ᠴᠢᠬᠤᠯᠠ ᠲᠠᠢ ᠪᠥᠭᠡᠳ ᠵᠠᠮ | ᠬᠠᠷᠢᠯᠴᠠᠭᠠᠨ ᠤ ᠴᠠᠭᠳᠠᠭ᠎ᠠ ᠶᠢᠨ ᠲᠤᠬᠠᠢ ᠶᠢᠨ ᠲᠠᠯᠠᠪᠤᠷ ᠤᠨ ᠵᠢᠯᠣᠭᠤᠳᠤᠯᠭ᠎ᠠ ᠶᠢ ᠵᠢᠷᠤᠮᠯᠠᠬᠤ ᠬᠡᠷᠡᠭᠲᠡᠢ᠃ | 2. ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠨᠠᠭᠠᠳᠤᠮ ᠤᠨ ᠬᠤᠷᠠᠯ ᠤᠨ ᠬᠡᠷᠡᠭᠴᠡᠭᠡ ᠪᠠ | ᠪᠣᠳᠠᠲᠠᠶ ᠵᠠᠮ ᠬᠠᠷᠢᠯᠴᠠᠭᠠᠨ ᠤ ᠤᠷᠤᠰᠬᠠᠯ ᠤᠨ ᠪᠠᠶᠢᠳᠠᠯ ᠢ ᠦᠨᠳᠦᠰᠦᠯᠡᠨ᠂ ᠡᠷᠬᠢᠨ ᠲᠣᠭᠤᠷᠢᠨ ᠤ ᠵᠠᠮ ᠤᠨ | ᠵᠠᠬᠢᠷᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠠᠭ ᠲᠤᠨᠢ ᠳᠣᠭᠢᠷᠠᠭᠤᠯᠤᠨ᠂ ᠪᠣᠶ ᠪᠥᠬᠦᠶ ᠲᠡᠷᠭᠡ ᠬᠥᠰᠬᠡ᠂ | ᠶᠠᠪᠠᠭᠠᠨ ᠬᠥᠮᠦᠨ ᠵᠠᠮ ᠬᠠᠷᠢᠯᠴᠠᠭᠠᠨ ᠤ ᠴᠠᠭᠳᠠᠭ᠎ᠠ ᠪᠠ ᠠᠵᠢᠯᠲᠠᠨ ᠤ ᠵᠢᠯᠤᠭᠤᠳᠤᠯᠭ᠎ᠠ ᠶᠢ ᠳᠠᠭᠠᠬᠤ ᠬᠡᠷᠡᠭᠲᠡᠶ᠃ | 3. ᠡᠬᠢᠯᠡᠯᠲᠡ ᠶᠢᠨ ᠶᠣᠰᠣᠯᠠᠯ ᠤᠨ ᠲᠤᠬᠠᠶ ᠶᠢᠨ ᠡᠳᠦᠷ᠂ ᠡᠷᠬᠢᠨ ᠲᠣᠭᠤᠷᠢᠨ ᠤ ᠬᠡᠰᠡᠭ ᠵᠠᠮ ᠨᠡᠪᠲᠡᠷᠡᠭᠦᠯᠭᠡ | ᠨᠥᠯᠥᠭᠡᠯᠡᠭᠳᠡᠬᠦ ᠪᠣᠯᠤᠨ᠎ᠠ᠂ ᠥᠷᠭᠡᠨ ᠤᠯᠠᠨ ᠲᠦᠮᠡᠨ ᠶᠠᠪᠤᠵᠤ ᠰᠠᠭᠤᠬᠤ ᠴᠠᠭ ᠢᠶᠠᠨ ᠤᠷᠢᠳᠴᠢᠯᠠᠨ ᠲᠤᠬᠢᠷᠠᠭᠤᠯᠵᠤ᠂ | ᠶᠠᠪᠤᠵᠤ ᠰᠠᠭᠤᠬᠤ ᠱᠤᠭᠤᠮ ᠢᠶᠠᠨ ᠲᠥᠯᠥᠪᠵᠢᠭᠦᠯᠵᠦ᠂ ᠠᠮᠤᠷ ᠲᠦᠪᠰᠢᠨ᠂ ᠪᠣᠯᠪᠠᠰᠤᠨ᠂ ᠡᠶ᠎ᠡ ᠵᠣᠬᠢᠴᠠᠩᠭᠤᠢ᠂ | ᠡᠮᠬᠢ ᠵᠢᠷᠤᠮ ᠲᠠᠢ ᠡᠬᠢᠯᠡᠯᠲᠡ ᠶᠢᠨ ᠶᠣᠰᠣᠯᠠᠯ ᠤᠨ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠬᠠᠮᠲᠤᠪᠠᠷ ᠪᠤᠢ | ᠪᠣᠯᠭᠠᠶ᠎ᠠ᠃ ᠡᠬᠢᠯᠡᠯᠲᠡ ᠶᠢᠨ ᠶᠣᠰᠣᠯᠠᠯ ᠤᠨ ᠵᠠᠮ ᠬᠠᠷᠢᠯᠴᠠᠭ᠎ᠠ ᠶᠢ ᠵᠠᠬᠢᠷᠤᠨ ᠬᠠᠮᠢᠶᠠᠷᠬᠤ ᠲᠦᠷ ᠴᠠᠭ ᠤᠨ ᠠᠷᠭ᠎ᠠ | ᠬᠡᠮᠵᠢᠶ᠎ᠡ ᠠᠴᠠ ᠪᠣᠯᠵᠣ ᠥᠷᠭᠡᠨ ᠣᠯᠠᠨ ᠲᠦᠮᠡᠨ ᠤ ᠠᠵᠢᠯ ᠠᠮᠢᠳᠤᠷᠠᠯ ᠳᠤ ᠳᠥᠭᠦᠮ ᠦᠭᠡᠢ ᠪᠠᠶᠢᠳᠠᠯ ᠢ ᠠᠪᠴᠢᠷᠠᠬᠤ | ᠮᠠᠭᠠᠳ᠂ ᠤᠶᠢᠯᠠᠭᠠᠨ ᠳᠡᠮᠵᠢᠬᠦ ᠶᠢ ᠬᠦᠰᠡᠵᠦ ᠪᠠᠶᠢᠨ᠎ᠠ︕ | ᠡᠭᠦᠨ ᠤ ᠲᠤᠯᠠ ᠣᠨᠴᠠᠭᠠᠶᠢᠯᠠᠨ ᠵᠠᠷᠯᠠᠪᠠ | ᠳᠠᠷᠬᠠᠨ ᠮᠣᠣᠮᠢᠩᠭᠠᠨ ᠬᠤᠯᠪᠤᠭᠠᠲᠤ ᠬᠤᠰᠢᠭᠤᠨ ᠤ ᠳᠣᠲᠤᠭᠠᠲᠤ ᠶᠢ ᠬᠠᠮᠠᠭᠠᠯᠠᠬᠤ ᠲᠣᠪᠴᠢᠶ᠎ᠠ ᠶᠢᠨ | ᠵᠠᠮ ᠬᠠᠷᠢᠯᠴᠠᠭᠠᠨ ᠤ ᠶᠡᠭᠡ ᠠᠩᠭᠢ | 2024 ᠣᠨ ᠤ 7 ᠳ᠋ᠤᠭᠠᠷ ᠰᠠᠷ᠎ᠠ ᠶᠢᠨ 12 ᠤᠨ ᠡᠳᠦᠷ | |