ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠤᠰ ᠤᠨ ᠬᠢᠯᠢ ᠶᠢᠨ ᠣᠷᠳᠣ ᠨᠢ 88.6 ᠺᠢᠯᠣᠮᠧᠲᠷ᠂ | ᠪᠥᠬᠦ ᠬᠤᠰᠢᠭᠤᠨ ᠤ ᠶᠡᠷᠦᠩᠬᠡᠶ ᠲᠠᠯᠠᠪᠠᠶ ᠨᠢ 1.82 ᠲᠦᠮᠡᠨ ᠲᠡᠭᠰᠢ ᠳᠥᠷᠪᠡᠯᠵᠢᠨ ᠺᠢᠯᠣᠮᠧᠲᠷ᠂ ᠪᠤᠭᠤᠲᠤ | ᠬᠤᠲᠠ ᠶᠢᠨ ᠶᠡᠷᠦᠩᠬᠡᠶ ᠲᠠᠯᠠᠪᠠᠶ ᠶᠢᠨ ᠭᠤᠷᠪᠠᠨ ᠤ ᠬᠤᠶᠠᠷ ᠢ ᠡᠵᠡᠯᠡᠵᠦ᠂ ᠶᠡᠷᠦᠩᠬᠡᠶ ᠬᠥᠮᠦᠨ ᠠᠮᠠ ᠨᠢ ᠪᠠᠷᠤᠭ 12 | ᠲᠦᠮᠡ ᠪᠠᠶᠢᠵᠤ᠂ ᠮᠣᠩᠭᠤᠯ ᠦᠨᠳᠦᠰᠦᠲᠡᠨ ᠢᠶᠠᠷ ᠭᠤᠤᠯ ᠴᠣᠭᠴᠠ ᠪᠣᠯᠭᠠᠵᠤ᠂ ᠬᠢᠲᠠᠳ ᠦᠨᠳᠦᠰᠦᠲᠡᠨ ᠣᠯᠠᠩᠬᠢ | ᠲᠤᠭ᠎ᠠ ᠶᠢ ᠡᠵᠡᠯᠡᠭᠰᠡᠨ ᠴᠥᠭᠡᠨ ᠲᠣᠭᠠᠲᠤ ᠦᠨᠳᠦᠰᠦᠲᠡᠨ ᠤ ᠬᠤᠰᠢᠭᠤ ᠰᠢᠶᠠᠨ ᠪᠣᠯᠤᠨ᠎ᠠ᠃ 7 ᠪᠠᠯᠭᠠᠰᠤ᠂ 3 | ᠰᠤᠮᠤ᠂ 2 ᠰᠢᠶᠠᠩ᠂ 77 ᠲᠣᠰᠬᠤᠨ ︵ᠭᠠᠴᠠᠭ᠎ᠠ︶᠂ 5 ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ | ᠪᠠ 8 ᠬᠢᠯᠢ ᠶᠢᠨ ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ ᠶᠢ ᠬᠠᠷᠢᠶᠠᠯᠠᠵᠠᠢ᠃ | ᠦᠪᠡᠷᠳᠡᠭᠡᠨ ᠵᠠᠰᠠᠬᠤ ᠬᠤᠰᠢᠭᠤ ᠪᠠᠶᠢᠭᠤᠯᠤᠭᠳᠠᠭᠰᠠᠨ ᠠᠴᠠ ᠨᠠᠭᠠᠰᠢ᠂ ᠭᠠᠯ ᠤᠨᠲᠠᠷᠠᠭᠠᠬᠤ ᠪᠠᠶᠢᠭᠤᠯᠤᠮᠵᠢ ᠨᠢ | ᠨᠡᠶᠢᠭᠡᠮ ᠤᠨ ᠬᠥᠭᠵᠢᠯᠲᠡ ᠶᠢ ᠳᠠᠭᠠᠯᠳᠤᠨ᠂ ᠭᠠᠯ ᠤᠨᠲᠠᠷᠠᠭᠠᠬᠤ ᠲᠠᠰᠤᠭ - ᠭᠠᠯ ᠤᠨᠲᠠᠷᠠᠭᠠᠬᠤ ᠰᠠᠯᠠᠭ᠎ᠠ - | ᠳᠣᠲᠣᠭᠠᠳᠤ ᠶᠢ ᠬᠠᠮᠠᠭᠠᠯᠠᠬᠤ ᠭᠠᠯ ᠤᠨᠲᠠᠷᠠᠭᠠᠬᠤ ᠶᠡᠭᠡ ᠠᠩᠭᠢ - ᠭᠠᠯ ᠣᠨᠲᠠᠷᠠᠭᠠᠵᠤ ᠠᠪᠤᠷᠠᠨ ᠲᠤᠰᠠᠯᠠᠬᠤ ᠶᠡᠭᠡ | ᠠᠩᠭᠢ ᠶᠢᠨ ᠬᠤᠪᠢᠷᠠᠯᠲᠠ ᠶᠢ ᠦᠩᠭᠡᠷᠡᠭᠦᠯᠪᠡ᠃ | 2005 ᠣᠨ ᠤ 5 ᠳ᠋ᠤᠭᠠᠷ ᠰᠠᠷ᠎ᠠ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠵᠢᠴᠢ ᠪᠤᠭᠤᠲᠤ ᠬᠤᠲᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ | ᠠᠩᠭᠢ ᠶᠢᠨ ᠬᠦᠴᠦᠲᠡᠶ ᠳᠡᠮᠵᠢᠯᠭᠡ ᠳᠣᠤᠷ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠡᠦᠬᠡᠨ ᠠᠭᠤᠯᠠ | ᠵᠠᠮ ᠤᠨ ᠬᠠᠵᠠᠭᠤ ᠳᠤ ︵ᠤᠤᠯ ᠤᠨ ᠬᠤᠲᠠ ᠶᠢᠨ ᠲᠣᠭᠤᠷᠢᠯ ᠲᠣᠰᠣ ᠨᠡᠮᠡᠬᠦ ᠥᠷᠲᠡᠭᠡ ᠶᠢᠨ ᠬᠠᠭᠤᠴᠢᠨ ᠪᠠᠭᠤᠷᠢ︶ | 300 ᠭᠠᠷᠤᠶ ᠲᠦᠮᠡᠨ ᠲᠥᠭᠦᠷᠢᠭ ᠤᠨ ᠪᠡᠯᠡ ᠣᠷᠣᠭᠤᠯᠵᠤ 3500 ᠲᠡᠭᠰᠢ ᠳᠥᠷᠪᠡᠯᠵᠢᠨ ᠮᠧᠲᠷ ᠤᠨ ᠲᠠᠯᠠᠪᠠᠢ | ᠲᠠᠢ᠂ ᠪᠠᠷᠢᠯᠭ᠎ᠠ ᠶᠢᠨ ᠲᠠᠯᠠᠪᠠᠢ ᠨᠢ 1130 ᠲᠡᠭᠰᠢ ᠳᠥᠷᠪᠡᠯᠵᠢᠨ ᠮᠧᠲᠷ ᠤᠨ ᠭᠠᠯ ᠤᠨᠲᠠᠷᠠᠭᠠᠬᠤ ᠡᠭᠦᠷᠭᠡ | ᠭᠦᠢᠴᠡᠳᠬᠡᠬᠦ ᠶᠡᠭᠡ ︵ᠳᠤᠮᠳᠠ ︶ ᠠᠩᠭᠢ ᠶᠢᠨ ᠠᠯᠪᠠᠨ ᠠᠰᠠᠷ ᠢ ᠰᠢᠨ᠎ᠡ ᠪᠠᠷ ᠪᠠᠶᠢᠭᠤᠯᠵᠤ᠂ ᠭᠤᠣᠯ ᠴᠣᠭᠴᠠ ᠶᠢᠨ | ᠪᠠᠷᠢᠯᠭ᠎ᠠ ᠨᠢ 2005 ᠣᠨ ᠤ 12 ᠳ᠋ᠤᠭᠠᠷ ᠰᠠᠷ᠎ᠠ ᠳᠤ ᠪᠠᠷᠢᠯᠭ᠎ᠠ ᠳᠠᠭᠤᠰᠪᠠ᠃ | 2006 ᠣᠨ ᠤ 1 ᠳ᠋ᠦ᠋ᠭᠡᠷ ᠰᠠᠷ᠎ᠠ ᠶᠢᠨ 26 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠪᠤᠭᠤᠲᠤ ᠬᠤᠲᠠ ᠶᠢᠨ ᠭᠠᠯ ᠣᠨᠲᠠᠷᠠᠭᠠᠵᠤ | ᠠᠪᠤᠷᠠᠨ ᠲᠤᠰᠠᠯᠠᠬᠤ ᠰᠠᠯᠪᠤᠷᠢ ᠠᠩᠭᠢ ᠶᠢᠨ ᠬᠠᠮᠲᠤ ᠶᠢᠨ ᠴᠢᠷᠮᠠᠶᠢᠯᠭ᠎ᠠ ᠪᠠᠷ ᠬᠤᠲᠠ ᠶᠢᠨ ᠭᠠᠯ ᠤᠨᠲᠠᠷᠠᠭᠠᠬᠤ | ᠰᠠᠯᠪᠤᠷᠢ ᠠᠩᠭᠢ ᠶᠢᠨ ᠬᠢᠨ 2 ᠵᠢᠵᠢᠭᠦᠷᠯᠡᠬᠦ ᠭᠠᠯ ᠤᠨᠲᠠᠷᠠᠭᠠᠬᠤ ᠲᠡᠷᠭᠡᠨ ᠤ 14 ᠳᠠᠷᠤᠭ᠎ᠠ ᠪᠠᠶᠢᠯᠳᠤᠭᠴᠢᠳ ᠢ | ᠲᠣᠮᠢᠯᠠᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠵᠢᠩᠬᠢᠨᠢ ᠪᠠᠷ ᠨᠤᠲᠤᠭᠰᠢᠭᠤᠯᠪᠠ᠃ | 2013 ᠣᠨ ᠳᠤ ᠶᠡᠭᠡ ᠠᠩᠭᠢ ᠨᠢ ᠵᠠᠰᠠᠭ ᠤᠨ ᠣᠷᠳᠣᠨ ᠠᠴᠠ ᠵᠢᠭᠠᠪᠤᠷᠢ ᠠᠪᠴᠤ᠂ ᠾᠧ ᠳ᠋ᠦᠩ ᠰᠢᠨ᠎ᠡ | ᠲᠣᠭᠤᠷᠢᠭ ᠤᠨ ᠵᠢᠩ ᠰᠾᠢ ᠵᠡᠭᠡᠯᠢ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠥᠷᠲᠡᠭᠡ ᠶᠢ ᠰᠢᠨ᠎ᠡ ᠪᠠᠷ | ᠪᠠᠶᠢᠭᠤᠯᠬᠤ ᠶᠢ ᠵᠥᠪᠰᠢᠶᠡᠷᠡᠵᠦ᠂ ᠰᠢᠨ᠎ᠡ ᠪᠠᠷ ᠪᠠᠶᠢᠭᠤᠯᠤᠭᠰᠠᠨ ᠠᠩᠭᠢ ᠥᠷᠲᠡᠭᠡ ᠶᠢ 2013 ᠣᠨ ᠤ 10 ᠳ᠋ᠤᠭᠠᠷ | ᠰᠠᠷ᠎ᠠ ᠳᠤ ᠡᠬᠢᠯᠡᠨ ᠪᠠᠶᠢᠭᠤᠯᠵᠤ᠂ 2015 ᠣᠨ ᠤ 10 ᠳ᠋ᠤᠭᠠᠷ ᠰᠠᠷ᠎ᠠ ᠳᠤ ᠵᠢᠩᠬᠢᠨᠢ ᠪᠠᠷ ᠣᠷᠣᠵᠣ ᠰᠠᠭᠤᠵᠤ᠂ | ᠰᠢᠨ᠎ᠡ ᠪᠠᠷ ᠪᠠᠶᠢᠭᠤᠯᠤᠭᠰᠠᠨ ᠠᠩᠭᠢ ᠥᠷᠲᠡᠭᠡᠨ ᠤ ᠲᠠᠯᠠᠪᠠᠢ ᠨᠢ 13588.55 ᠲᠡᠭᠰᠢ ᠳᠥᠷᠪᠡᠯᠵᠢᠨ ᠮᠧᠲᠷ᠂ | ᠪᠠᠷᠢᠯᠭ᠎ᠠ ᠶᠢᠨ ᠲᠠᠯᠠᠪᠠᠢ ᠨᠢ 4694.5 ᠲᠡᠭᠰᠢ ᠳᠥᠷᠪᠡᠯᠵᠢᠨ ᠮᠧᠲᠷ ᠪᠣᠯᠣᠨ᠎ᠠ᠃ | ᠨᠢᠭᠡ᠂ ᠭᠤᠣᠯ ᠡᠭᠦᠷᠭᠡ ᠬᠠᠷᠢᠭᠤᠴᠠᠯᠭ᠎ᠠ | ᠬᠠᠷᠢᠶᠠᠲᠤ ᠣᠷᠣᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ᠃ ᠬᠠᠷᠢᠶᠠᠲᠤ | ᠣᠷᠣᠨ ᠤ ᠭᠠᠯ ᠤᠨ ᠠᠶᠤᠯ ᠢ ᠰᠡᠷᠭᠡᠶᠢᠯᠡᠬᠦ᠂ ᠭᠠᠯ ᠤᠨᠲᠠᠷᠠᠭᠠᠬᠤ ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ | ᠵᠢᠴᠢ ᠭᠠᠯ ᠤᠨ ᠠᠶᠤᠯ ᠤᠨ ᠠᠳᠡᠯ ᠢ ᠪᠠᠶᠢᠴᠠᠭᠠᠨ ᠰᠢᠢᠳᠪᠦᠷᠢᠯᠡᠬᠦ ᠬᠤᠯᠪᠣᠭᠳᠠᠯ ᠪᠦᠬᠦᠢ ᠠᠵᠢᠯ ᠢ ᠬᠠᠷᠢᠭᠤᠴᠠᠵᠤ᠂ | ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠡᠭᠦᠷᠭᠡ | ᠴᠢᠳᠠᠪᠤᠷᠢ ᠶᠢ ᠬᠠᠤᠯᠢ ᠶᠣᠰᠣᠭᠠᠷ ᠭᠦᠢᠴᠡᠳᠬᠡᠨ᠎ᠡ᠃ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡᠨ ᠤ | ᠶᠡᠷᠦᠩᠬᠡᠶᠢᠯᠡᠭᠰᠡᠨ ᠴᠢᠨᠠᠷᠲᠠᠶ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠡᠯᠡᠳᠬᠡᠯ ᠲᠥᠰᠦᠯ ᠢ ᠨᠠᠶᠢᠷᠠᠭᠤᠯᠤᠨ | ᠵᠣᠬᠢᠶᠠᠬᠤ᠂ ᠪᠠᠶᠢᠯᠳᠤᠬᠤ ᠠᠷᠭ᠎ᠠ ᠶᠢᠨ ᠰᠤᠳᠤᠯᠭᠠᠨ ᠢ ᠬᠠᠷᠢᠭᠤᠴᠠᠵᠤ᠂ ᠬᠠᠷᠢᠶ᠎ᠠ ᠣᠷᠣᠨ ᠳᠤ ᠵᠢᠵᠢᠭᠦᠷᠯᠡᠵᠦ ︽ | ᠲᠠᠶᠢᠨ︾ ᠳᠤ ᠪᠡᠯᠡᠳᠬᠡᠬᠦ᠂ ᠪᠣᠯᠪᠠᠰᠤᠷᠠᠯ ᠰᠣᠷᠢᠯᠲᠠ ᠬᠢᠬᠦ ᠵᠡᠷᠭᠡ ᠠᠵᠢᠯ ᠢ ᠬᠠᠷᠢᠭᠤᠴᠠᠨ᠎ᠠ᠃ ᠬᠠᠷᠢᠶᠠᠲᠤ ᠣᠷᠣᠨ ᠤ | ᠨᠡᠶᠢᠭᠡᠮ ᠤᠨ ᠭᠠᠯ ᠤᠨᠲᠠᠷᠠᠭᠠᠬᠤ ᠬᠦᠴᠦᠨ ᠤ ᠪᠦᠲᠦᠭᠡᠨ ᠪᠠᠶᠢᠭᠤᠯᠤᠯᠲᠠ ᠶᠢ ᠬᠠᠷᠢᠭᠤᠴᠠᠵᠤ᠂ ᠨᠡᠶᠢᠭᠡᠮ ᠤᠨ ᠠᠪᠤᠷᠠᠨ | ᠲᠤᠰᠠᠯᠠᠬᠤ ᠬᠦᠴᠦᠨ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠳᠠᠶᠢᠴᠢᠯᠠᠨ ᠠᠪᠤᠷᠠᠨ ᠲᠤᠰᠠᠯᠠᠬᠤ ᠡᠭᠦᠷᠭᠡ ᠳᠤ | ᠣᠷᠣᠯᠴᠠᠭᠤᠯᠤᠨ᠎ᠠ᠃ ᠬᠠᠷᠢᠶᠠᠲᠤ ᠣᠷᠣᠨ ᠤ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠤᠬᠠᠭᠤᠯᠭ᠎ᠠ | ᠬᠥᠮᠦᠵᠢᠯ ᠤᠨ ᠠᠵᠢᠯ ᠢ ᠬᠠᠷᠢᠭᠤᠴᠠᠨ᠎ᠠ᠃ ᠳᠡᠭᠡᠳᠦ ᠱᠠᠲᠤᠨ ᠠᠴᠠ ᠲᠤᠰᠢᠶᠠᠭᠰᠠᠨ ᠪᠤᠰᠤᠳ ᠠᠵᠢᠯ ᠤᠨ ᠡᠭᠦᠷᠭᠡ ᠶᠢ | ᠪᠡᠶᠡᠯᠡᠭᠦᠯᠦᠨ᠎ᠡ᠃ | ᠬᠤᠶᠠᠷ᠂ ᠭᠤᠣᠯ ᠠᠵᠢᠯᠲᠠᠨ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ | ᠲᠤᠰᠠᠯᠠᠬᠤ ᠶᠡᠭᠡ ᠠᠩᠭᠢ᠂ ᠣᠳᠣᠬᠠᠨ ᠳᠤ 4 ᠺᠠᠳ᠋ᠷ᠂ 9 ᠠᠵᠢᠯᠲᠠᠨ ︵ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠠᠶ᠋ᠢᠭ᠄ ᠪᠤᠭᠤᠲᠤ | ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠪᠠᠯᠭᠠᠰᠤᠨ ᠤ ᠾᠧ ᠳ᠋ᠦᠩ ᠰᠢᠨ᠎ᠡ | ᠲᠣᠭᠤᠷᠢᠭ ᠤᠨ ᠵᠢᠩ ᠰᠾᠢ ᠵᠡᠭᠡᠯᠢ᠂ ᠰᠢᠤᠳᠠᠨ ᠨᠣᠮᠧᠷ᠄ 014500᠂ ᠤᠲᠠᠰᠤ᠄ 0472 – 8429119︶ | ᠪᠣᠶ᠃ | ᠴᠢᠮᠡᠭᠡ ᠨᠡᠪᠲᠡᠷᠡᠯᠭᠡ ᠶᠢᠨ ᠬᠠᠶ᠋ᠢᠭ᠄ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠪᠠᠳᠤᠬᠠᠭᠠᠯᠭ᠎ᠠ ᠪᠠᠯᠭᠠᠰᠤᠨ ᠤ ᠾᠧ ᠳ᠋ᠦᠩ ᠰᠢᠨ᠎ᠡ ᠲᠣᠭᠤᠷᠢᠭ ᠤᠨ ᠵᠢᠩ ᠰᠾᠢ ᠵᠡᠭᠡᠯᠢ | ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠪᠣᠯᠲᠠᠯ᠎ᠠ᠂ ᠦᠳᠡ ᠶᠢᠨ ᠡᠮᠦᠨ᠎ᠡ 8᠄ | 30-12᠄ 00᠂ ᠦᠳᠡ ᠶᠢᠨ ᠬᠤᠶᠢᠨ᠎ᠠ 14᠄ 30-17᠄ 30 ᠪᠣᠯᠲᠠᠯ᠎ᠠ ᠬᠠᠤᠯᠢ ᠪᠠᠷ ᠲᠣᠭᠲᠠᠭᠠᠭᠰᠠᠨ ᠪᠠᠶᠠᠷ | ᠳᠤᠷᠠᠰᠬᠠᠯ ᠠᠮᠠᠷᠠᠯᠲᠠ ᠶᠢᠨ ᠡᠳᠦᠷ ᠢ ᠪᠠᠭᠲᠠᠭᠠᠬᠤ ᠦᠭᠡᠢ᠃ | ᠬᠠᠷᠢᠭᠤᠴᠠᠯᠭᠠᠲᠠᠨ᠄ ᠯᠢᠦ ᠳ᠋ᠠ ᠸᠧᠶ | ᠬᠠᠷᠢᠯᠴᠠᠬᠤ ᠤᠲᠠᠰᠤ᠄ 0472 - 8429119 |