ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠤᠤᠯ ᠨᠢ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠬᠢᠯᠢ ᠶᠢᠨ ᠬᠠᠮᠠᠭᠠᠯᠠᠯᠲᠠ ᠶᠢᠨ | ᠶᠡᠭᠡ ᠠᠩᠭᠢ ᠪᠠᠶᠢᠪᠠ᠂ 1978 ᠣᠨ ᠳᠤ ᠪᠠᠶᠢᠭᠤᠯᠤᠭᠳᠠᠵᠤ᠂ 2019 ᠣᠨ ᠤ 1 ᠳ᠋ᠦ᠋ᠭᠡᠷ ᠰᠠᠷ᠎ᠠ ᠳᠤ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ︽ᠨᠠᠮ ᠪᠠ ᠲᠥᠷᠥ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠥᠰᠦᠯ︾ ᠢ ᠦᠨᠳᠦᠰᠦᠯᠡᠨ᠂ ᠵᠡᠪᠰᠡᠭᠲᠦ ᠴᠠᠭᠳᠠᠭ᠎ᠠ ᠶᠢᠨ ᠴᠡᠷᠢᠭ | ᠠᠩᠭᠢ ᠠᠴᠠ ᠤᠬᠤᠷᠢᠨ ᠭᠠᠷᠴᠤ᠂ ᠪᠠᠶᠢᠭᠤᠯᠤᠮᠵᠢ ᠶᠢᠨ ᠳᠦᠷᠢᠮ ᠢᠶᠠᠷ ᠤᠯᠤᠰ ᠤᠨ ᠠᠷᠠᠳ ᠢ ᠨᠡᠭᠦᠯᠭᠡᠬᠦ | ᠬᠠᠮᠢᠶᠠᠷᠤᠯᠲᠠ ᠶᠢᠨ ᠲᠣᠪᠴᠢᠶ᠎ᠠ ᠶᠢ ᠪᠠᠶᠢᠭᠤᠯᠵᠤ᠂ ᠡᠭᠴᠡ ᠬᠠᠮᠢᠶᠠᠷᠤᠯᠲᠠ ᠳᠤ ᠬᠠᠷᠢᠶᠠᠯᠠᠭᠳᠠᠬᠤ ᠬᠢᠯᠢ ᠶᠢᠨ | ᠬᠠᠮᠢᠶᠠᠷᠤᠯᠲᠠ ᠶᠢᠨ ᠪᠠᠶᠢᠭᠤᠯᠤᠮᠵᠢ ᠳᠤ ᠬᠠᠷᠢᠶᠠᠯᠠᠭᠤᠯᠵᠤ᠂ ᠬᠢᠯᠢ ᠬᠢᠵᠠᠭᠠᠷ ᠣᠷᠣᠨ ᠤ ᠬᠢᠯᠢ ᠶᠢᠨ ᠬᠠᠮᠠᠭᠠᠯᠠᠯᠲᠠ ᠶᠢᠨ | ᠬᠠᠮᠢᠶᠠᠷᠤᠯᠲᠠ ᠵᠡᠷᠭᠡ ᠲᠥᠪ ᠤᠨ ᠡᠷᠬᠡ ᠲᠤᠰᠢᠶᠠᠯ ᠢ ᠭᠦᠢᠴᠡᠳᠬᠡᠵᠦ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ | ᠫᠠᠶᠢᠰᠠ ᠶᠢ ᠨᠡᠮᠡᠵᠦ ᠡᠯᠭᠦᠪᠡ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ | ᠤᠯᠤᠰ ᠤᠨ ᠠᠷᠠᠳ ᠢ ᠨᠡᠭᠦᠯᠭᠡᠬᠦ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠤᠳᠤᠷᠢᠳᠤᠯᠭ᠎ᠠ᠂ ᠬᠠᠮᠢᠶᠠᠷᠤᠯᠲᠠ | ᠳᠣᠤᠷ᠎ᠠ ᠤᠯᠤᠰ ᠤᠨ ᠨᠤᠲᠤᠭ ᠳᠡᠪᠢᠰᠬᠡᠷ ᠤᠨ ᠠᠮᠤᠷ ᠲᠦᠪᠰᠢᠨ ᠢ ᠬᠠᠮᠠᠭᠠᠯᠠᠬᠤ᠂ ᠬᠢᠯᠢ ᠠᠯᠤᠰᠯᠠᠭᠰᠠᠨ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠨ ᠴᠣᠬᠢᠯᠲᠠ ᠥᠭᠬᠦ᠂ ᠬᠢᠯᠢ ᠶᠢᠨ ᠬᠠᠮᠢᠶᠠᠷᠤᠯᠲᠠ ᠶᠢᠨ | ᠣᠷᠣᠨ ᠤ ᠨᠡᠪᠲᠡᠷᠡᠬᠦ ᠬᠠᠮᠢᠶᠠᠷᠤᠯᠲᠠ᠂ ᠬᠢᠯᠢ ᠶᠢᠨ ᠠᠷᠠᠳ ᠤᠨ ᠶᠠᠪᠤᠯᠴᠠᠭ᠎ᠠ ᠶᠢᠨ ᠬᠠᠮᠢᠶᠠᠷᠤᠯᠲᠠ᠂ ᠬᠢᠯᠢ ᠳᠤ ᠬᠦᠷᠴᠦ | ᠦᠢᠯᠡᠳᠪᠦᠷᠢᠯᠡᠬᠦ ᠠᠵᠢᠯᠯᠠᠭᠠᠨ ᠤ ᠬᠠᠮᠢᠶᠠᠷᠤᠯᠲᠠ᠂ ᠬᠢᠯᠢ ᠶᠢᠨ ᠶᠠᠪᠤᠳᠠᠯ ᠤᠨ ᠬᠠᠮᠵᠢᠯᠴᠠᠭᠠᠨ ᠤ ᠰᠠᠶᠢᠲᠤᠷ ᠬᠢᠬᠦ | ᠬᠠᠮᠢᠶᠠᠷᠤᠯᠲᠠ᠂ ᠣᠯᠠᠨ ᠤᠯᠤᠰ ᠤᠨ ᠬᠢᠯᠢ ᠶᠢᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠬᠠᠮᠲᠤᠷᠠᠯᠴᠠᠭ᠎ᠠ᠂ | ᠬᠢᠯᠢ ᠶᠢᠨ ᠭᠠᠳᠠᠭᠠᠳᠤ ᠳᠤ ᠬᠤᠯᠪᠣᠭᠳᠠᠬᠤ ᠪᠠᠴᠢᠮ ᠪᠠᠶᠢᠳᠠᠯ ᠢ ᠠᠷᠭᠠᠴᠠᠭᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ | ᠵᠡᠷᠭᠡ ᠬᠢᠯᠢ ᠶᠢᠨ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠨ᠎ᠡ᠃ ᠡᠭᠦᠨ ᠤ | ᠬᠠᠮᠲᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠢᠯᠣᠭᠤᠳᠤᠯᠭ᠎ᠠ᠂ ᠬᠢᠨᠠᠯᠲᠠ ᠲᠠᠯᠪᠢᠯᠲᠠ ᠳᠣᠤᠷ᠎ᠠ | ᠬᠢᠯᠢ ᠶᠢᠨ ᠣᠷᠣᠨ ᠤ ᠨᠡᠶᠢᠭᠡᠮ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠡᠭᠦᠷᠭᠡᠯᠡᠵᠦ᠂ ᠬᠢᠯᠢ ᠶᠢᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠪᠠ ᠲᠡᠭᠦᠨ ᠳᠤ ᠴᠣᠬᠢᠯᠲᠠ ᠥᠭᠬᠦ ᠵᠡᠷᠭᠡ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠨ᠎ᠡ᠃ | ᠶᠡᠭᠡ ᠠᠩᠭᠢ ᠳᠤ ᠨᠠᠢᠮᠠᠨ ᠬᠢᠯᠢ ᠶᠢᠨ ᠲᠣᠮᠢᠯᠠᠭᠰᠠᠨ ᠰᠠᠯᠪᠤᠷᠢ᠂ ᠮᠠᠨᠳᠤᠯ ᠪᠣᠭᠤᠮᠲᠠ ᠬᠢᠯᠢ ᠶᠢᠨ ᠲᠣᠮᠢᠯᠠᠭᠰᠠᠨ | ᠰᠠᠯᠪᠤᠷᠢ᠂ ᠮᠠᠨᠳᠤᠯ ᠬᠢᠯᠢ ᠶᠢᠨ ᠲᠣᠮᠢᠯᠠᠭᠰᠠᠨ ᠰᠠᠯᠪᠤᠷᠢ᠂ ᠪᠠᠶᠠᠨᠬᠤᠸᠠ ᠬᠢᠯᠢ ᠶᠢᠨ ᠲᠣᠮᠢᠯᠠᠭᠰᠠᠨ ᠰᠠᠯᠪᠤᠷᠢ᠂ | ᠴᠠᠭᠠᠨᠬᠠᠳᠠ ᠬᠢᠯᠢ ᠶᠢᠨ ᠲᠣᠮᠢᠯᠠᠭᠰᠠᠨ ᠰᠠᠯᠪᠤᠷᠢ᠂ ᠬᠤᠩ ᠴᠢ ᠬᠢᠯᠢ ᠶᠢᠨ ᠲᠣᠮᠢᠯᠠᠭᠰᠠᠨ ᠰᠠᠯᠪᠤᠷᠢ᠂ ᠳᠠᠷᠬᠠᠨ | ᠬᠢᠯᠢ ᠶᠢᠨ ᠲᠣᠮᠢᠯᠠᠭᠰᠠᠨ ᠰᠠᠯᠪᠤᠷᠢ᠂ ᠪᠠᠷᠠᠭᠤᠨ ᠠᠵᠤ ᠦᠢᠯᠡᠳᠪᠦᠷᠢ ᠶᠢᠨ ᠬᠦᠷᠢᠶᠡᠯᠡᠩ ᠤᠨ ᠬᠢᠯᠢ ᠶᠢᠨ ᠲᠣᠮᠢᠯᠠᠭᠰᠠᠨ | ᠰᠠᠯᠪᠤᠷᠢ᠂ ᠮᠢᠩᠭᠠᠨ ᠬᠢᠯᠢ ᠶᠢᠨ ᠬᠢᠯᠢ ᠶᠢᠨ ᠲᠣᠮᠢᠯᠠᠭᠰᠠᠨ ᠰᠠᠯᠪᠤᠷᠢ ᠶᠢ ᠬᠠᠷᠢᠶᠠᠯᠠᠭᠤᠯᠪᠠ᠃ ᠬᠠᠷᠢᠶᠠᠲᠤ ᠣᠷᠣᠨ ᠤ | ᠲᠠᠯᠠᠪᠠᠶ ᠨᠢ 1.2 ᠲᠦᠮᠡᠨ ᠲᠡᠭᠰᠢ ᠳᠥᠷᠪᠡᠯᠵᠢᠨ ᠺᠢᠯᠣᠮᠧᠲᠷ ︵ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠶᠡᠷᠦᠩᠬᠡᠶ ᠲᠠᠯᠠᠪᠠᠶ ᠶᠢᠨ 67%᠂ ᠪᠤᠭᠤᠲᠤ ᠬᠤᠲᠠ ᠶᠢᠨ ᠶᠡᠷᠦᠩᠬᠡᠶ ᠲᠠᠯᠠᠪᠠᠶ ᠶᠢᠨ 43% ᠶᠢ ᠡᠵᠡᠯᠡᠵᠦ ᠪᠣᠢ︶᠂ | ᠵᠢᠯ ᠲᠤᠷᠰᠢ ᠭᠠᠳᠠᠭᠰᠢ ᠨᠡᠬᠡᠬᠡᠳᠡᠭ 1 ᠪᠣᠭᠤᠮᠲᠠ ︵ᠮᠠᠨᠳᠤᠯ ᠪᠣᠭᠤᠮᠲᠠ︶᠂ 3 ᠪᠠᠯᠭᠠᠰᠤ᠂ 2 ᠰᠤᠮᠤ ᠪᠣᠯᠤᠨ 1 | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ 25 ᠭᠠᠴᠠᠭ᠎ᠠ ︵ᠲᠣᠰᠬᠤᠨ︶ ᠲᠠᠢ᠃ | ᠤᠢᠢᠷ᠎ᠠ ᠶᠢᠨ ᠵᠢᠯ ᠠᠴᠠ ᠨᠠᠭᠠᠰᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠢ ᠬᠢᠯᠢ ᠶᠢᠨ | ᠬᠠᠮᠢᠶᠠᠷᠤᠯᠲᠠ ᠶᠢᠨ ᠶᠡᠭᠡ ᠠᠩᠬᠢ ᠲᠠᠢ ᠬᠤᠯᠪᠣᠭᠠᠯᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ | ᠂ ᠶᠡᠷᠦᠩᠬᠡᠢ ᠱᠦᠵᠢ ᠰᠢ ᠶᠢᠨ ᠫᠢᠩ ᠤᠨ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ | ᠲᠤᠬᠠᠢ ᠴᠢᠬᠤᠯᠠ ᠥᠭᠦᠯᠡᠯᠲᠡ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ︽ᠰᠢᠨ᠎ᠡ ᠴᠠᠭ ᠦᠶ᠎ᠡ ᠳᠤ ᠨᠠᠮ ᠵᠠᠰᠠᠭ ᠴᠡᠷᠢᠭ ᠴᠠᠭᠳᠠᠭ᠎ᠠ | ᠠᠷᠠᠳ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠲᠤᠬᠠᠢ | ᠰᠠᠨᠠᠯ︾ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠬᠦ ᠤᠯᠤᠰ ᠤᠨ ᠠᠷᠠᠳ ᠢ ᠨᠡᠭᠦᠯᠭᠡᠬᠦ ᠬᠠᠮᠢᠶᠠᠷᠤᠯᠲᠠ ᠶᠢᠨ | ᠪᠠᠶᠢᠭᠤᠯᠤᠮᠵᠢ ᠶᠢᠨ ᠬᠢᠯᠢ ᠶᠢᠨ ᠬᠠᠮᠢᠶᠠᠷᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠪᠣᠰᠤᠭ᠎ᠠ ᠴᠣᠭᠴᠠᠲᠤ ᠬᠢᠯᠢ ᠶᠢᠨ ᠬᠠᠮᠢᠶᠠᠷᠤᠯᠲᠠ ᠡᠵᠡᠮᠳᠡᠯ ᠤᠨ ᠲᠣᠭᠲᠠᠯᠴᠠᠭ᠎ᠠ ᠶᠢ | ᠪᠠᠶᠢᠭᠤᠯᠬᠤ ᠪᠠᠷ ᠭᠠᠷᠳᠠᠴᠠ ᠪᠣᠯᠭᠠᠵᠤ᠂ ᠠᠷᠠᠳ ᠢ ᠨᠡᠭᠦᠯᠭᠡᠬᠦ ᠵᠠᠰᠠᠯᠲᠠ ᠶᠢᠨ ᠲᠣᠭᠲᠠᠯᠴᠠᠭ᠎ᠠ ᠪᠣᠯᠤᠨ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠡᠷᠡᠰ | ᠬᠠᠮᠠᠭᠠᠯᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠦᠬᠦ | ᠬᠦᠴᠦᠨ ᠢᠶᠠᠷ ᠢᠶᠠᠨ ᠪᠠᠬᠢᠵᠢᠭᠦᠯᠪᠡ᠃ | ᠭᠤᠣᠯ ᠡᠭᠦᠷᠭᠡ ᠬᠠᠷᠢᠭᠤᠴᠠᠯᠭ᠎ᠠ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠬᠡ ᠬᠠᠭᠤᠷᠠᠶ ᠶᠢᠨ ᠤᠯᠤᠰ ᠤᠨ ᠬᠠᠤᠯᠢ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠬᠠᠮᠢᠶᠠᠷᠤᠯᠲᠠ ᠶᠢᠨ ᠲᠦᠷᠢᠮ︾ ᠵᠡᠷᠭᠡ ᠬᠠᠤᠯᠢ ᠴᠠᠭᠠᠵᠠ | ᠬᠠᠤᠯᠢ ᠲᠣᠭᠲᠠᠭᠠᠯ ᠢ ᠦᠨᠳᠦᠰᠦᠯᠡᠨ᠂ ᠤᠯᠤᠰ ᠤᠨ ᠠᠷᠠᠳ ᠢ ᠨᠡᠭᠦᠯᠭᠡᠬᠦ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ | ᠤᠳᠤᠷᠢᠳᠤᠯᠭ᠎ᠠ᠂ ᠬᠠᠮᠢᠶᠠᠷᠤᠯᠲᠠ ᠳᠣᠤᠷ᠎ᠠ ᠤᠯᠤᠰ ᠤᠨ ᠨᠤᠲᠤᠭ ᠳᠡᠪᠢᠰᠬᠡᠷ ᠤᠨ ᠠᠮᠤᠷ ᠲᠦᠪᠰᠢᠨ ᠢ ᠬᠠᠮᠠᠭᠠᠯᠠᠬᠤ᠂ | ᠬᠢᠯᠢ ᠠᠯᠤᠰᠯᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠨ ᠴᠣᠬᠢᠯᠲᠠ ᠥᠭᠬᠦ᠂ | ᠬᠢᠯᠢ ᠶᠢᠨ ᠬᠠᠮᠢᠶᠠᠷᠤᠯᠲᠠ ᠶᠢᠨ ᠣᠷᠣᠨ ᠤ ᠨᠡᠪᠲᠡᠷᠡᠬᠦ ᠬᠠᠮᠢᠶᠠᠷᠤᠯᠲᠠ᠂ ᠬᠢᠯᠢ ᠶᠢᠨ ᠠᠷᠠᠳ ᠤᠨ ᠶᠠᠪᠤᠯᠴᠠᠭ᠎ᠠ ᠶᠢᠨ | ᠬᠠᠮᠢᠶᠠᠷᠤᠯᠲᠠ᠂ ᠬᠢᠯᠢ ᠳᠤ ᠬᠦᠷᠴᠦ ᠦᠢᠯᠡᠳᠪᠦᠷᠢᠯᠡᠬᠦ ᠠᠵᠢᠯᠯᠠᠭᠠᠨ ᠤ ᠬᠠᠮᠢᠶᠠᠷᠤᠯᠲᠠ᠂ ᠬᠢᠯᠢ ᠶᠢᠨ ᠶᠠᠪᠤᠳᠠᠯ ᠤᠨ | ᠬᠠᠮᠵᠢᠯᠴᠠᠭᠠᠨ ᠤ ᠰᠠᠶᠢᠲᠤᠷ ᠬᠢᠬᠦ ᠬᠠᠮᠢᠶᠠᠷᠤᠯᠲᠠ᠂ ᠣᠯᠠᠨ ᠤᠯᠤᠰ ᠤᠨ ᠬᠢᠯᠢ ᠶᠢᠨ ᠬᠠᠮᠠᠭᠠᠯᠠᠯᠲᠠ ᠶᠢᠨ ᠬᠠᠤᠯᠢ | ᠬᠡᠷᠡᠭᠵᠢᠭᠦᠯᠬᠦ ᠬᠠᠮᠲᠤᠷᠠᠯᠴᠠᠭ᠎ᠠ᠂ ᠬᠢᠯᠢ ᠶᠢᠨ ᠭᠠᠳᠠᠭᠠᠳᠤ ᠳᠤ ᠬᠤᠯᠪᠣᠭᠳᠠᠬᠤ ᠪᠠᠴᠢᠮ ᠪᠠᠶᠢᠳᠠᠯ ᠢ ᠠᠷᠭᠠᠴᠠᠭᠠᠨ | ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠵᠡᠷᠭᠡ ᠬᠢᠯᠢ ᠶᠢᠨ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠶᠢ ᠭᠦᠢᠴᠡᠳᠭᠡᠨ᠎ᠡ᠃ ᠡᠭᠦᠨ ᠤ ᠬᠠᠮᠲᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ | ᠵᠢᠯᠣᠭᠤᠳᠤᠯᠭ᠎ᠠ᠂ ᠬᠢᠨᠠᠯᠲᠠ ᠲᠠᠯᠪᠢᠯᠲᠠ ᠳᠣᠤᠷ᠎ᠠ ᠬᠢᠯᠢ ᠶᠢᠨ ᠣᠷᠣᠨ ᠤ ᠨᠡᠶᠢᠭᠡᠮ ᠤᠨ ᠠᠮᠤᠷ ᠢ ᠬᠠᠮᠠᠭᠠᠯᠠᠬᠤ | ᠬᠠᠮᠢᠶᠠᠷᠤᠯᠲᠠ ᠶᠢ ᠡᠭᠦᠷᠭᠡᠯᠡᠵᠦ᠂ ᠬᠢᠯᠢ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠪᠠ | ᠲᠡᠭᠦᠨ ᠳᠤ ᠴᠣᠬᠢᠯᠲᠠ ᠥᠭᠬᠦ ᠵᠡᠷᠭᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ | ᠬᠠᠶ᠋ᠢᠭ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠪᠠᠯᠭᠠᠰᠤᠨ ᠤ ᠬᠢᠯᠢ ᠶᠢᠨ | ᠬᠠᠮᠢᠶᠠᠷᠤᠯᠲᠠ ᠶᠢᠨ ᠶᠡᠭᠡ ᠠᠩᠭᠢ | ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠪᠣᠯᠲᠠᠯ᠎ᠠ᠂ ᠦᠳᠡ ᠶᠢᠨ ᠡᠮᠦᠨ᠎ᠡ 8᠄ | 30 -12᠄ 00᠂ ᠦᠳᠡ ᠶᠢᠨ ᠬᠤᠶᠢᠨ᠎ᠠ 14᠄ 30 -17᠄ 30 ᠪᠣᠯᠲᠠᠯ᠎ᠠ᠃ ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠢ ᠪᠠᠭᠲᠠᠭᠠᠬᠤ ᠦᠭᠡᠢ᠃ | ᠬᠠᠷᠢᠭᠤᠴᠠᠯᠭᠠᠲᠠᠨ᠄ ᠯᠢᠦ ᠵᠥᠩ ᠴᠢᠶᠠᠩ | ᠬᠠᠷᠢᠯᠴᠠᠬᠤ ᠤᠲᠠᠰᠤ᠄ 0472 - 8423912 |