ᠳᠠᠷᠬᠠᠨ ᠰᠤᠮᠤᠨ ᠤ ᠨᠠᠮ ᠤᠨ ᠬᠤᠷᠢᠶ᠎ᠠ ᠪᠣᠯ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ | ᠮᠥᠨ᠂ ᠡᠯ᠎ᠡ ᠵᠦᠢᠯ ᠤᠨ ᠠᠵᠢᠯ ᠤᠨ ᠤᠳᠤᠷᠢᠳᠬᠤ ᠭᠤᠤᠯᠯᠠᠭᠴᠢ ᠬᠦᠴᠦᠨ ᠮᠥᠨ᠂ ᠲᠣᠰ ᠰᠣᠮᠣᠨ ᠤ ᠠᠵᠤ | ᠠᠬᠤᠶ᠂ ᠤᠯᠤᠰ ᠲᠥᠷᠥ᠂ ᠰᠣᠶᠣᠯ᠂ ᠨᠡᠶᠢᠭᠡᠮ᠂ ᠠᠮᠢ ᠠᠬᠤᠶ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠳᠤ | ᠪᠥᠬᠦ ᠲᠠᠯ᠎ᠠ ᠶᠢᠨ ᠤᠳᠤᠷᠢᠳᠤᠯᠭ᠎ᠠ ᠶᠢ ᠬᠡᠷᠡᠭᠵᠢᠭᠦᠯᠵᠦ᠂ ᠲᠣᠰ ᠰᠤᠮᠤ ᠶᠢᠨ ᠨᠠᠮ ᠤᠨ ᠪᠦᠲᠦᠭᠡᠨ ᠪᠠᠶᠢᠭᠤᠯᠤᠯᠲᠠ ᠶᠢ | ᠪᠥᠬᠦ ᠲᠠᠯ᠎ᠠ ᠪᠠᠷ ᠬᠠᠷᠢᠭᠤᠴᠠᠨ᠎ᠠ᠃ ᠰᠤᠮᠤ ᠶᠢᠨ ᠠᠷᠠᠳ ᠤᠨ ᠵᠠᠰᠠᠭ ᠤᠨ ᠣᠷᠳᠣᠨ ᠪᠣᠯ ᠦᠨᠳᠦᠰᠦᠨ ᠱᠠᠲᠤᠨ ᠤ | ᠵᠠᠰᠠᠭ ᠵᠠᠬᠢᠷᠭᠠᠨ ᠤ ᠪᠠᠶᠢᠭᠤᠯᠭ᠎ᠠ ᠮᠥᠨ᠂ ᠲᠤᠰ ᠣᠷᠣᠨ ᠤ ᠪᠠᠨ ᠦᠢᠯᠡᠴᠢᠯᠡᠭᠡ ᠪᠠ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠨ᠎ᠡ᠃ | ᠳᠠᠷᠬᠠᠨ ᠰᠣᠮᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠠᠮ ᠪᠠ ᠤᠯᠤᠰ ᠤᠨ ᠡᠯ᠎ᠡ ᠵᠦᠢᠯ ᠤᠨ | ᠴᠢᠭᠯᠡᠯᠲᠡ᠂ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠤᠭᠤᠰᠢᠯᠠᠭᠤᠯᠵᠤ᠂ | ᠨᠠᠮ ᠤᠨ ᠲᠥᠪ ᠬᠤᠷᠢᠶ᠎ᠠ᠂ ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠢᠳᠪᠦᠷᠢ᠂ | ᠲᠣᠭᠲᠠᠭᠠᠯ ᠢ ᠬᠡᠷᠡᠭᠵᠢᠭᠦᠯᠦᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ ᠰᠤᠮᠤᠨ ᠤ ᠡᠯ᠎ᠡ ᠵᠦᠢᠯ | ᠤᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ | ᠰᠢᠵᠢᠮ ᠢ ᠪᠠᠲᠤ ᠡᠵᠡᠮᠳᠡᠵᠦ᠂ ᠲᠡᠭᠦᠨ ᠢ ᠨᠠᠮ ᠤᠨ ᠪᠦᠲᠦᠭᠡᠨ ᠪᠠᠶᠢᠭᠤᠯᠤᠯᠲᠠ᠂ ᠠᠵᠤ ᠠᠬᠤᠶ ᠶᠢᠨ ᠬᠥᠭᠵᠢᠯᠲᠡ᠂ | ᠠᠷᠠᠳ ᠤᠨ ᠠᠮᠢᠳᠤᠷᠠᠯ ᠤᠨ ᠦᠢᠯᠡᠴᠢᠯᠡᠭᠡ᠂ ᠠᠮᠤᠷ ᠲᠦᠪᠰᠢᠨ ᠬᠠᠤᠯᠢ ᠪᠠᠷ ᠵᠠᠰᠠᠬᠤ ᠵᠡᠷᠭᠡ ᠭᠤᠤᠯ ᠡᠭᠦᠷᠭᠡ | ᠴᠢᠳᠠᠪᠤᠷᠢ ᠶᠢᠨ ᠪᠥᠬᠦ ᠶᠠᠪᠤᠴᠠ ᠡᠯ᠎ᠡ ᠲᠠᠯ᠎ᠠ ᠳᠤ ᠲᠤᠭᠤᠰᠢᠯᠠᠭᠤᠯᠵᠤ᠂ ᠬᠥᠭᠵᠢᠯᠲᠡ ᠪᠠ ᠠᠮᠤᠷ ᠲᠦᠪᠰᠢᠨ ᠢ | ᠨᠢᠭᠡᠳᠦᠯᠲᠡᠶ ᠲᠥᠯᠥᠪᠵᠢᠭᠦᠯᠵᠦ᠂ ᠡᠯ᠎ᠡ ᠲᠥᠷᠥᠯ ᠤᠨ ᠲᠦᠭᠰᠢᠭᠦᠷᠢᠲᠦ ᠥᠷᠢᠰᠥᠯᠳᠦᠭᠡᠨ ᠢ ᠪᠦᠲᠦᠮᠵᠢᠲᠡᠶ | ᠰᠡᠷᠭᠡᠶᠢᠯᠡᠨ ᠠᠷᠢᠯᠭᠠᠵᠤ᠂ ᠴᠢᠨᠠᠷ ᠰᠠᠶᠢᠲᠠᠶ ᠬᠥᠭᠵᠢᠯᠲᠡ ᠪᠠ ᠥᠨᠳᠥᠷ ᠲᠦᠪᠰᠢᠨ ᠪᠥᠬᠦᠶ ᠠᠮᠤᠷ ᠲᠦᠪᠰᠢᠨ ᠤ | ᠰᠠᠶᠢᠨ ᠨᠥᠬᠦᠴᠡᠯᠳᠦᠯ ᠢ ᠪᠡᠶᠡᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ | ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠬᠡᠷᠡᠭ ᠤᠨ ᠳᠤᠮᠳᠠ ᠡᠭᠦᠷᠭᠡ ᠴᠢᠳᠠᠪᠤᠷᠢ ᠶᠢᠨ ᠦᠢᠯᠡᠳᠦᠯ | ᠢᠶᠠᠨ ᠪᠠᠳᠠᠷᠠᠭᠤᠯᠤᠨ᠎ᠠ᠃ | ᠳᠠᠷᠬᠠᠨ ᠰᠤᠮᠤ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠤᠮᠤ ᠰᠢᠶᠠᠩ ᠪᠠᠯᠭᠠᠰᠤᠨ ᠤ | ᠡᠭᠦᠷᠭᠡ ᠬᠠᠷᠢᠭᠤᠴᠠᠯᠭ᠎ᠠ ᠶᠢᠨ ᠵᠦᠢᠯᠡᠰ ᠤᠨ ᠨᠠᠷᠢᠨ ᠲᠠᠩᠰᠠ︾᠂ ︽ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤ ᠠᠴᠠ ᠰᠤᠮᠤ ᠰᠢᠶᠠᠩ ᠪᠠᠯᠭᠠᠰᠤᠨ ᠳᠤ ᠣᠯᠭᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢᠨ | ᠨᠠᠷᠢᠨ ᠲᠠᠩᠰᠠ︾ ᠶᠢ ᠦᠨᠳᠦᠰᠦᠯᠡᠨ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠨᠠᠶᠢᠷᠠᠭᠤᠯᠤᠨ ᠵᠣᠬᠢᠶᠠᠵᠤ᠂ | ᠡᠷᠬᠡ ᠬᠠᠷᠢᠭᠤᠴᠠᠯᠭ᠎ᠠ ᠶᠢᠨ ᠨᠡᠷᠡᠶᠢᠳᠦᠯ᠂ ᠡᠷᠬᠡ ᠬᠠᠷᠢᠭᠤᠴᠠᠯᠭ᠎ᠠ ᠶᠢᠨ ᠲᠥᠷᠥᠯ ᠬᠡᠯᠪᠡᠷᠢ᠂ ᠲᠣᠭᠲᠠᠭᠠᠭᠰᠠᠨ | ᠦᠨᠳᠦᠰᠦᠯᠡᠯ᠂ ᠬᠠᠷᠢᠭᠤᠴᠠᠯᠭ᠎ᠠ ᠪᠠᠨ ᠭᠦᠢᠴᠡᠳᠭᠡᠬᠦ ᠠᠷᠭ᠎ᠠ ᠬᠡᠯᠪᠡᠷᠢ᠂ ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ | ᠵᠡᠷᠭᠡ ᠶᠢ ᠵᠦᠢᠯ ᠳᠠᠷᠠᠭᠠᠯᠠᠨ ᠲᠣᠳᠣᠷᠬᠠᠶᠢᠯᠠᠪᠠ᠃ ᠡᠨᠡ ᠬᠦ ᠰᠠᠭᠤᠷᠢᠨ ᠳᠡᠭᠡᠷ᠎ᠡ᠂ ᠠᠵᠢᠯ ᠶᠠᠪᠤᠳᠠᠯ ᠭᠦᠢᠴᠡᠳᠬᠡᠬᠦ | ᠵᠦᠭᠯᠡᠭᠦᠷ᠂ ᠠᠵᠢᠯᠯᠠᠭᠠᠨ ᠤ ᠶᠠᠪᠤᠴᠠ ᠶᠢᠨ ᠵᠢᠷᠤᠭ ᠵᠡᠷᠭᠡ ᠶᠢ ᠲᠣᠭᠲᠠᠭᠠᠵᠤ᠂ ᠵᠠᠰᠠᠭ ᠵᠠᠬᠢᠷᠭᠠᠨ ᠤ ᠳᠠᠷᠠᠭᠠᠯᠠᠯ ᠢ | ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠷᠬᠡ ᠶᠢᠨ ᠠᠵᠢᠯᠯᠠᠭᠠᠨ ᠢ ᠵᠢᠷᠤᠮᠵᠢᠭᠤᠯᠪᠠ᠃ | ᠰᠢᠯᠢᠳᠡᠭᠵᠢᠬᠦᠯᠬᠦ ᠬᠠᠮᠵᠢᠯᠴᠠᠬᠤ ᠥᠨᠳᠥᠷ ᠪᠦᠲᠦᠮᠵᠢᠲᠡᠶ ᠪᠠᠶᠢᠬᠤ ᠵᠠᠷᠴᠢᠮ ᠶᠣᠰᠣᠭᠠᠷ᠂ ᠳᠠᠷᠬᠠᠨ ᠰᠤᠮᠤ | ᠳᠣᠤᠷᠠᠬᠢ ᠨᠠᠮ ᠵᠠᠰᠠᠭ ᠤᠨ ᠪᠠᠶᠢᠭᠤᠯᠤᠮᠵᠢ ᠪᠠ ᠠᠵᠢᠯ ᠦᠢᠯᠡᠰ ᠤᠨ ᠨᠢᠭᠡᠴᠢ ᠶᠢ ᠨᠢᠭᠡᠳᠦᠯᠲᠡᠶ ᠲᠥᠯᠥᠪᠯᠡᠨ | ᠲᠣᠬᠢᠷᠠᠭᠤᠯᠪᠠ᠄ | ︵ᠨᠢᠭᠡ︶ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ᠃ ᠭᠤᠣᠯ ᠡᠭᠦᠷᠭᠡ ᠬᠠᠷᠢᠭᠤᠴᠠᠯᠭ᠎ᠠ᠄ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠡᠳᠦᠷ ᠲᠤᠳᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ | ᠬᠠᠷᠢᠭᠤᠴᠠᠨ᠎ᠠ︔ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠤᠯᠤᠰ ᠲᠥᠷᠥ ᠶᠢᠨ ᠵᠥᠪᠯᠡᠯᠭᠡᠨ ᠤ | ᠠᠯᠪᠠᠨ ᠭᠡᠷ ᠤᠨ ᠠᠵᠢᠯ ᠢ ᠡᠭᠦᠷᠭᠡᠯᠡᠨ᠎ᠡ︔ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ | ᠪᠣᠳᠣᠯᠭ᠎ᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ︔ ᠠᠵᠢᠯᠲᠠᠨ ᠤ ᠶᠠᠪᠤᠳᠠᠯ ᠪᠠ ᠡᠳ᠋ ᠤᠨ | ᠵᠠᠰᠠᠭ ᠵᠡᠷᠭᠡ ᠠᠵᠢᠯ ᠢ ᠬᠠᠷᠢᠭᠤᠴᠠᠨ᠎ᠠ︔ ᠳᠠᠩᠰᠠ ᠡᠪᠬᠡᠮᠡᠯ᠂ ᠨᠢᠭᠤᠴᠠ ᠮᠠᠲ᠋ᠧᠷᠢᠶᠠᠯ᠂ ᠨᠢᠭᠤᠴᠠ ᠶᠢ ᠬᠠᠮᠠᠭᠠᠯᠠᠬᠤ᠂ | ᠵᠠᠰᠠᠭ ᠤᠨ ᠶᠠᠪᠤᠳᠠᠯ ᠢ ᠢᠯᠡ ᠪᠣᠯᠭᠠᠬᠤ᠂ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠬᠠᠮᠢᠶᠠᠷᠤᠯᠲᠠ | ᠵᠡᠷᠭᠡ ᠠᠵᠢᠯ ᠢ ᠡᠭᠦᠷᠭᠡᠯᠡᠨ᠎ᠡ᠃ | ︵ᠬᠤᠶᠠᠷ︶ ᠨᠠᠮ ᠤᠨ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ᠃ ᠭᠤᠣᠯ ᠡᠭᠦᠷᠭᠡ ᠬᠠᠷᠢᠭᠤᠴᠠᠯᠭ᠎ᠠ᠄ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ | ᠱᠤᠭᠤᠮ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠨ᠎ᠠ︔ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠪᠠ ᠤᠯᠠᠨ ᠲᠦᠮᠡᠨ ᠤ ᠪᠦᠯᠬᠦᠮ ᠤᠨ ᠠᠵᠢᠯ ᠢ | ᠬᠠᠷᠢᠭᠤᠴᠠᠨ᠎ᠠ︔ ᠤᠬᠠᠭᠤᠯᠭ᠎ᠠ᠂ ᠦᠵᠡᠯ ᠤᠬᠠᠮᠰᠠᠷ ᠤᠨ ᠬᠡᠯᠪᠡᠷᠢ ᠵᠡᠷᠭᠡ ᠠᠵᠢᠯ ᠢ ᠬᠠᠷᠢᠭᠤᠴᠠᠨ᠎ᠠ︔ ᠨᠠᠮ ᠤᠨ | ᠰᠤᠷᠲᠠᠯ ᠴᠢᠬᠡᠴᠢ ᠵᠠᠰᠠᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠨᠢᠭᠡᠳᠦᠮᠡᠯ ᠹᠷᠣᠨᠲ᠂ | ᠦᠨᠳᠦᠰᠦᠲᠡᠨ ᠤ ᠱᠠᠰᠢᠨ ᠰᠤᠷᠲᠠᠬᠤᠨ ᠵᠡᠷᠭᠡ ᠠᠵᠢᠯ ᠢ ᠬᠠᠷᠢᠭᠤᠴᠠᠨ᠎ᠠ᠃ | ︵ᠭᠤᠷᠪᠠ︶ ᠨᠡᠶᠢᠭᠡᠮ ᠤᠨ ᠵᠠᠰᠠᠯᠲᠠ ᠶᠢᠨ ᠠᠯᠪᠠᠨ ᠭᠡᠷ ︵ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠠᠯᠪᠠᠨ ᠭᠡᠷ ᠤᠨ ᠫᠠᠶᠢᠰᠠ ᠶᠢ ᠡᠯᠭᠦᠨ᠎ᠡ︶ ᠭᠤᠣᠯ ᠡᠭᠦᠷᠭᠡ ᠬᠠᠷᠢᠭᠤᠴᠠᠯᠭ᠎ᠠ᠄ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ | ᠲᠥᠯᠥᠪᠵᠢᠭᠦᠯᠵᠦ᠂ ᠡᠯ᠎ᠡ ᠲᠦᠷᠦᠯ ᠤᠨ ᠲᠦᠭᠰᠢᠭᠦᠷᠢᠲᠦ ᠥᠷᠢᠰᠥᠯᠳᠦᠭᠡᠨ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ | ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ | ᠪᠡᠶᠡᠯᠡᠭᠦᠯᠦᠨ᠎ᠡ︔ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠵᠠᠬᠢᠳᠠᠯ ᠰᠣᠷᠪᠣᠯᠵᠢᠯᠠᠯ ᠤᠨ ᠲᠣᠭᠲᠠᠭᠤᠨ ᠢ | ᠬᠠᠮᠠᠭᠠᠯᠠᠬᠤ ᠪᠠ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠶᠢ ᠬᠠᠷᠢᠭᠤᠴᠠᠨ᠎ᠠ︔ ᠬᠠᠤᠯᠢ ᠪᠠᠷ | ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠪᠠ ᠠᠷᠠᠳ ᠤᠨ ᠵᠡᠪᠰᠡᠭᠲᠦ ᠬᠦᠴᠦᠨ ᠢ ᠠᠬᠢᠭᠤᠯᠬᠤ | ᠵᠡᠷᠭᠡ ᠠᠵᠢᠯ ᠢ ᠬᠠᠷᠢᠭᠤᠴᠠᠨ᠎ᠠ︔ ᠲᠣᠣᠷᠵᠢᠯ ᠤᠨ ᠠᠵᠢᠯ ᠢ ᠬᠠᠷᠢᠭᠤᠴᠠᠨ᠎ᠠ᠃ | ︵ᠲᠦᠷᠪᠡ︶ ᠠᠵᠤ ᠠᠬᠤᠶ ᠶᠢᠨ ᠬᠥᠭᠵᠢᠯᠲᠡ ᠪᠠ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ᠃ ᠭᠤᠣᠯ | ᠡᠭᠦᠷᠭᠡ ᠬᠠᠷᠢᠭᠤᠴᠠᠯᠭ᠎ᠠ᠄ ᠠᠵᠤ ᠦᠢᠯᠡᠳᠪᠦᠷᠢ᠂ ᠠᠵᠤ ᠠᠬᠤᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢᠨ | ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ︔ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠤᠯᠪᠣᠭᠳᠠᠯ | ᠪᠦᠬᠦᠢ ᠠᠵᠢᠯ ᠢ ᠬᠠᠷᠢᠭᠤᠴᠠᠨ᠎ᠠ︔ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠠᠮᠢ ᠠᠬᠤᠶ ᠶᠢᠨ ᠣᠷᠴᠢᠨ ᠲᠣᠭᠤᠷᠢᠨ ᠤ ᠠᠵᠢᠯ ᠢ ᠬᠠᠷᠢᠭᠤᠴᠠᠨ᠎ᠠ | ︔ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ᠂ ᠰᠣᠶᠣᠯ ᠪᠡᠶ᠎ᠡ ᠶᠢᠨ ᠲᠠᠮᠢᠷ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠵᠡᠮᠳᠡᠭᠴᠦᠳ ᠤᠨ ᠬᠤᠯᠪᠣᠭ᠎ᠠ᠂ ᠲᠤᠭ᠎ᠠ ᠪᠦᠷᠢᠳᠬᠡᠯ᠂ ᠬᠥᠳᠡᠯᠮᠦᠷᠢ | ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠲᠥᠯᠥᠪᠯᠡᠭᠡᠲᠦ ᠦᠷᠡᠵᠢᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ | ᠂ ᠨᠡᠶᠢᠭᠡᠮ ᠤᠨ ᠪᠦᠯᠬᠦᠮ ᠵᠡᠷᠭᠡ ᠨᠡᠶᠢᠭᠡᠮ ᠤᠨ ᠶᠠᠪᠤᠳᠠᠯ ᠤᠨ ᠴᠢᠨᠠᠷᠲᠠᠶ ᠠᠵᠢᠯ ᠢ ᠬᠠᠷᠢᠭᠤᠴᠠᠨ᠎ᠠ᠃ | ︵ᠳᠠᠪᠤ︶ ᠳᠠᠷᠬᠠᠨ ᠰᠤᠮᠤ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ︵ᠠᠷᠠᠳ ᠲᠤ | ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ᠂ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠫᠠᠶᠢᠰᠠ ᠶᠢ ᠡᠯᠭᠦᠨ᠎ᠡ︶ ᠨᠠᠮ ᠤᠨ ᠭᠡᠰᠢᠭᠦᠨ | ᠣᠯᠠᠨ ᠲᠦᠮᠡᠨ ᠤ ᠦᠢᠯᠡᠴᠢᠯᠡᠭᠡᠨ ᠤ ᠲᠥᠷᠥᠯ ᠵᠦᠢᠯ ᠤᠨ ᠪᠦᠬᠦᠯᠢ ᠴᠣᠭᠴᠠ ᠶᠢᠨ ᠲᠣᠬᠢᠷᠠᠭᠤᠯᠤᠯᠲᠠ᠂ | ᠲᠣᠬᠢᠷᠠᠭᠤᠯᠤᠯᠲᠠ ᠪᠠ ᠳᠣᠬᠢᠷᠠᠭᠤᠯᠭ᠎ᠠ ᠶᠢ ᠬᠠᠷᠢᠭᠤᠴᠠᠵᠤ᠂ ᠨᠠᠮ ᠤᠨ ᠭᠡᠰᠢᠭᠦᠨ ᠪᠠ ᠣᠯᠠᠨ ᠲᠦᠮᠡᠨ ᠳᠤ | ᠶᠡᠷᠦᠩᠬᠡᠶᠢᠯᠡᠭᠰᠡᠨ ᠴᠢᠨᠠᠷᠲᠠᠶ ᠦᠢᠯᠡᠴᠢᠯᠡᠭᠡᠨ ᠤ ᠲᠤᠯᠭᠠᠭᠤᠷᠢᠯᠠᠬᠤ ᠲᠠᠪᠴᠠᠩ ᠬᠠᠩᠭᠠᠨ᠎ᠠ︔ ᠬᠠᠷᠢᠶ᠎ᠠ ᠣᠷᠣᠨ ᠤ | ᠨᠠᠮ ᠤᠨ ᠭᠡᠰᠢᠭᠦᠨ ᠲᠠᠢ ᠬᠠᠷᠢᠯᠴᠠᠬᠤ᠂ ᠦᠢᠯᠡᠴᠢᠯᠡᠬᠦ ᠶᠢ ᠬᠠᠷᠢᠭᠤᠴᠠᠨ᠎ᠠ︔ ᠨᠠᠮ ᠪᠠ ᠣᠯᠠᠨ ᠲᠦᠮᠡᠨ ᠤ | ᠦᠢᠯᠡᠴᠢᠯᠡᠭᠡᠨ ᠤ ᠡᠯ᠎ᠡ ᠲᠥᠷᠥᠯ ᠤᠨ ᠠᠵᠢᠯᠯᠠᠭᠠᠨ ᠤ ᠲᠠᠯᠠᠪᠤᠷ ᠤᠨ ᠴᠢᠳᠠᠮᠵᠢ ᠶᠢᠨ ᠲᠥᠯᠥᠪᠵᠢᠭᠦᠯᠭᠡ᠂ | ᠬᠠᠮᠢᠶᠠᠷᠤᠯᠲᠠ ᠪᠠ ᠬᠠᠮᠠᠭᠠᠯᠠᠯᠲᠠ ᠶᠢ ᠬᠠᠷᠢᠭᠤᠴᠠᠨ᠎ᠠ︔ ᠴᠡᠷᠢᠭ ᠠᠴᠠ ᠬᠠᠯᠠᠭᠳᠠᠭᠰᠠᠳ ᠤᠨ ᠠᠵᠢᠯ ᠣᠯᠵᠤ ᠠᠳᠠᠯ | ᠦᠢᠯᠡᠰ ᠴᠣᠭᠴᠠᠯᠠᠬᠤ ᠶᠢ ᠲᠡᠳᠬᠦᠬᠦ᠂ ᠠᠰᠠᠷᠠᠨ ᠬᠠᠷᠠᠭᠠᠯᠵᠠᠵᠤ ᠬᠠᠪᠰᠤᠷᠤᠨ ᠲᠡᠳᠬᠦᠬᠦ᠂ ᠰᠤᠷᠪᠤᠯᠵᠢᠯᠠᠨ | ᠲᠣᠬᠤᠨᠢᠭᠤᠯᠬᠤ᠂ ᠵᠠᠬᠢᠳᠠᠯ ᠰᠣᠷᠪᠣᠯᠵᠢᠯᠠᠯ ᠢ ᠬᠦᠯᠢᠶᠡᠨ ᠠᠪᠬᠤ᠂ ᠡᠷᠬᠡ ᠠᠰᠢᠭ ᠢ ᠪᠠᠲᠤᠯᠠᠬᠤ ᠵᠡᠷᠭᠡ ᠶᠠᠪᠤᠳᠠᠯ ᠤᠨ | ᠴᠢᠨᠠᠷᠲᠠᠶ ᠠᠵᠢᠯ ᠢ ᠡᠭᠦᠷᠭᠡᠯᠡᠨ᠎ᠡ︔ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠵᠡᠷᠭᠡ | ᠠᠵᠢᠯ ᠢ ᠬᠠᠷᠢᠭᠤᠴᠠᠨ᠎ᠠ︔ ᠰᠢᠶᠠᠩ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠠ | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ︔ ᠳᠡᠭᠡᠳᠦ ᠱᠠᠲᠤᠨ ᠤ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ︵ᠵᠢᠷᠭᠤᠭ᠎ᠠ︶ ᠳᠠᠷᠬᠠᠨ ᠰᠣᠮᠣᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ᠃ | ᠭᠤᠣᠯ ᠡᠭᠦᠷᠭᠡ ᠬᠠᠷᠢᠭᠤᠴᠠᠯᠭ᠎ᠠ᠄ ᠳᠠᠷᠬᠠᠨ ᠰᠤᠮᠤ ᠶᠢᠨ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠠᠴᠠ ᠣᠯᠭᠤᠭᠰᠠᠨ ᠰᠤᠮᠤ ᠰᠢᠶᠠᠩ ᠪᠠᠯᠭᠠᠰᠤ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠡᠷᠬᠡ ᠶᠢ ᠲᠥᠪᠯᠡᠷᠡᠭᠦᠯᠦᠨ ᠬᠡᠷᠡᠭᠵᠢᠭᠦᠯᠦᠨ᠎ᠡ᠃ ᠬᠠᠤᠯᠢ ᠪᠠᠷ ᠲᠣᠭᠲᠠᠭᠠᠭᠰᠠᠨ ᠳᠠᠷᠠᠭᠠᠯᠠᠯ ᠤᠨ ᠶᠣᠰᠣᠭᠠᠷ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠶᠢᠨ ᠨᠠᠶᠢᠳᠠᠯᠭ᠎ᠠ ᠶᠢ ᠬᠦᠯᠢᠶᠡᠵᠦ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯ ᠢ ᠥᠷᠨᠢᠭᠦᠯᠦᠨ᠎ᠡ︔ ᠳᠡᠭᠡᠳᠦ ᠱᠠᠲᠤᠨ ᠤ ᠲᠤᠰᠢᠶᠠᠭᠰᠠᠨ ᠪᠤᠰᠤᠳ ᠠᠵᠢᠯ ᠢ ᠭᠦᠢᠴᠡᠳᠭᠡᠨ᠎ᠡ᠃ | ︵ᠳᠤᠯᠤᠭ᠎ᠠ︶ ᠳᠠᠷᠬᠠᠨ ᠰᠣᠮᠣᠨ ᠤ ᠲᠠᠷᠢᠶᠠᠯᠠᠩ ᠮᠠᠯ ᠠᠵᠤ ᠠᠬᠤᠶ ᠪᠠ ᠰᠣᠶᠣᠯ ᠵᠢᠭᠤᠯᠴᠢᠯᠠᠯ ᠤᠨ | ᠬᠥᠭᠵᠢᠯᠲᠡ ᠶᠢᠨ ᠲᠥᠪ᠃ ᠭᠤᠣᠯ ᠡᠭᠦᠷᠭᠡ ᠬᠠᠷᠢᠭᠤᠴᠠᠯᠭ᠎ᠠ᠄ ᠲᠠᠷᠢᠶᠠᠯᠠᠩ᠂ ᠤᠢ ᠰᠢᠭᠤᠶ᠂ ᠮᠠᠯ ᠠᠵᠤ ᠠᠬᠤᠶ᠂ | ᠤᠰᠤ ᠵᠡᠷᠭᠡ ᠬᠦᠷᠢᠶᠡᠨ ᠳᠠᠬᠢ ᠮᠡᠷᠭᠡᠵᠢᠯ ᠢ ᠣᠷᠣᠭᠤᠯᠤᠨ ᠠᠪᠴᠢᠷᠠᠬᠤ ᠪᠠ ᠳᠡᠯᠭᠡᠷᠡᠭᠦᠯᠬᠦ ᠠᠵᠢᠯ ᠢ ᠬᠠᠷᠢᠭᠤᠴᠠᠨ᠎ᠠ︔ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠬᠠᠷᠢᠭᠤᠴᠠᠨ᠎ᠠ︔ | ᠮᠠᠯᠴᠢᠨ ᠲᠠᠷᠢᠶᠠᠴᠢᠨ ᠳᠤ ᠠᠵᠤ ᠦᠢᠯᠡᠰ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ︔ | ᠲᠤᠰᠬᠠᠶ ᠮᠡᠷᠭᠡᠵᠢᠯ ᠤᠨ ᠪᠣᠯᠪᠠᠰᠤᠷᠠᠯ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠠᠮᠢᠲᠠᠨ ᠤ | ᠬᠢᠵᠢᠭ ᠰᠡᠷᠭᠡᠶᠢᠯᠡᠬᠦ ᠵᠡᠷᠭᠡ ᠠᠵᠢᠯ ᠢ ᠬᠠᠷᠢᠭᠤᠴᠠᠨ᠎ᠠ︔ ᠤᠯᠠᠨ ᠲᠦᠮᠡᠨ ᠤ ᠰᠣᠶᠣᠯ ᠤᠨ ᠠᠮᠢᠳᠤᠷᠠᠯ ᠳᠤ | ᠦᠢᠯᠡᠴᠢᠯᠡᠭᠡ ᠬᠠᠩᠭᠠᠬᠤ᠂ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠴᠡᠴᠡᠭᠯᠡᠭᠦᠯᠬᠦ ᠵᠡᠷᠭᠡ ᠠᠵᠢᠯ ᠢ | ᠡᠭᠦᠷᠭᠡᠯᠡᠨ᠎ᠡ︔ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠶᠢ | ᠬᠠᠷᠢᠭᠤᠴᠠᠵᠤ᠂ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ᠂ ᠬᠥᠭᠵᠢᠯᠲᠡ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠵᠡᠷᠭᠡ ᠠᠵᠢᠯ ᠢ ᠬᠠᠷᠢᠭᠤᠴᠠᠨ᠎ᠠ︔ ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠨ | ᠬᠥᠭᠵᠢᠬᠦ ᠶᠢ ᠠᠬᠢᠭᠤᠯᠤᠨ᠎ᠠ︔ ᠳᠡᠭᠡᠳᠦ ᠱᠠᠲᠤᠨ ᠤ ᠲᠤᠰᠢᠶᠠᠭᠰᠠᠨ ᠪᠤᠰᠤᠳ ᠠᠵᠢᠯ ᠢ ᠭᠦᠢᠴᠡᠳᠭᠡᠨ᠎ᠡ᠃ | ᠳᠠᠷᠬᠠᠨ ᠰᠤᠮᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ᠂ ᠠᠷᠠᠳ ᠤᠨ ᠵᠡᠪᠰᠡᠭᠲᠦ ᠬᠦᠴᠦᠨ ᠪᠠ ᠣᠯᠠᠨ ᠲᠦᠮᠡᠨ ᠤ ᠪᠦᠯᠬᠦᠮ ᠵᠡᠷᠭᠡ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠮᠵᠢ ᠶᠢ ᠬᠤᠯᠪᠣᠭᠳᠠᠯ ᠪᠥᠬᠦᠶ ᠬᠠᠤᠯᠢ ᠴᠠᠭᠠᠵᠠ ᠲᠦᠷᠢᠮ ᠲᠣᠭᠲᠠᠭᠠᠯ ᠪᠠ ᠬᠠᠮᠢᠶ᠎ᠠ | ᠪᠥᠬᠦᠶ ᠲᠣᠭᠲᠠᠭᠠᠯ ᠶᠣᠰᠣᠭᠠᠷ ᠪᠠᠶᠢᠭᠤᠯᠤᠨ᠎ᠠ᠃ | ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠨᠢ ᠪᠠᠶᠢᠭᠤᠯᠤᠮᠵᠢ ᠶᠢ ᠦᠷᠭᠦᠯᠵᠢᠯᠡᠨ ᠦᠯᠡᠳᠡᠭᠡᠵᠦ᠂ ᠳᠠᠪᠬᠤᠷ | ᠬᠠᠮᠢᠶᠠᠷᠤᠯᠲᠠ ᠶᠢ ᠬᠡᠷᠡᠭᠵᠢᠭᠦᠯᠦᠨ᠂ ᠬᠤᠰᠢᠭᠤ ︵ᠰᠢᠶᠠᠨ᠂ ᠲᠣᠭᠤᠷᠢᠭ︶ ᠶᠢᠨ ᠰᠠᠯᠠᠭ᠎ᠠ ᠮᠥᠴᠢᠷ ᠤᠨ ᠲᠣᠮᠢᠯᠠᠨ | ᠰᠠᠭᠤᠯᠭᠠᠭᠰᠠᠨ ᠪᠠᠶᠢᠭᠤᠯᠤᠮᠵᠢ ᠶᠢᠨ ᠠᠵᠢᠯᠲᠠᠨ ᠢ ᠳᠠᠷᠬᠠᠨ ᠰᠤᠮᠤ ᠠᠴᠠ ᠨᠢᠭᠡᠳᠦᠯᠲᠡᠢ ᠵᠢᠯᠣᠭᠤᠳᠤᠨ ᠵᠣᠬᠢᠴᠠᠭᠤᠯᠵᠤ᠂ | ᠳᠠᠷᠬᠠᠨ ᠰᠤᠮᠤ ᠳᠤ ᠲᠦᠰᠢᠭᠯᠡᠨ ᠰᠢᠯᠭᠠᠨ ᠬᠢᠨᠠᠬᠤ ᠠᠵᠢᠯ ᠢ ᠥᠷᠨᠢᠭᠦᠯᠵᠦ᠂ ᠬᠠᠷᠢᠭᠤᠴᠠᠯᠭᠠᠲᠠᠨ ᠢ ᠲᠣᠮᠢᠯᠠᠬᠤ ᠪᠠ | ᠪᠠᠭᠤᠯᠭᠠᠬᠤ ᠳᠤ ᠪᠠᠨ ᠤᠷᠢᠳ ᠢᠶᠠᠷ ᠳᠠᠷᠬᠠᠨ ᠰᠤᠮᠤ ᠶᠢᠨ ᠨᠠᠮ ᠤᠨ ᠬᠤᠷᠢᠶ᠎ᠠ ᠶᠢᠨ ᠰᠠᠨᠠᠯ ᠢ ᠬᠤᠷᠢᠶᠠᠨ᠎ᠠ᠃ | |