ᠴᠠᠭᠠᠨᠬᠠᠳᠠ ᠰᠤᠮᠤ ᠬᠤᠰᠢᠭᠤᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠪᠠᠲᠤᠬᠠᠭᠠᠯᠭ᠎ᠠ ᠪᠠᠯᠭᠠᠰᠤ ᠠᠴᠠ | ᠵᠡᠭᠦᠨ ᠬᠤᠶᠢᠰᠢ 78 ᠺᠢᠯᠣᠮᠧᠲᠷ ᠵᠠᠶᠢᠲᠠᠢ ᠪᠠᠶᠢᠷᠢᠯᠠᠵᠤ ᠪᠤᠢ᠂ ᠵᠡᠭᠦᠨ ᠲᠠᠯ᠎ᠠ ᠪᠠᠷ ᠢᠶᠠᠨ ᠳᠥᠷᠪᠡᠳ ᠬᠤᠰᠢᠭᠤ ᠲᠠᠢ | ᠵᠠᠯᠭᠠᠯᠳᠤᠵᠤ᠂ ᠡᠮᠦᠨ᠎ᠡ ᠲᠠᠯ᠎ᠠ ᠪᠠᠷ ᠢᠶᠠᠨ ᠳᠠᠷᠬᠠᠨ ᠰᠤᠮᠤ᠂ ᠪᠠᠶ᠋ᠬᠠᠤᠪᠤᠭ᠎ᠠ ᠰᠤᠮᠤ ᠲᠠᠢ ᠵᠠᠯᠭᠠᠯᠳᠤᠵᠤ᠂ ᠪᠠᠷᠠᠭᠤᠨ | ᠲᠠᠯ᠎ᠠ ᠪᠠᠷ ᠢᠶᠠᠨ ᠪᠠᠶᠠᠨᠬᠤᠸᠠ ᠪᠠᠯᠭᠠᠰᠤ ᠲᠠᠢ ᠬᠥᠷᠰᠢᠯᠡᠵᠦ᠂ ᠬᠤᠶᠢᠨ᠎ᠠ ᠲᠠᠯ᠎ᠠ ᠪᠠᠷ ᠢᠶᠠᠨ ᠮᠠᠨᠳᠤᠯ ᠪᠠᠯᠭᠠᠰᠤ᠂ | ᠮᠣᠩᠭᠤᠯ ᠤᠯᠤᠰ ᠲᠠᠢ ᠬᠥᠷᠰᠢᠯᠡᠵᠦ᠂ ᠨᠢᠭᠡᠨ ᠴᠤᠯ ᠮᠠᠯᠵᠢᠬᠤ ᠰᠤᠮᠤ ᠪᠣᠯᠣᠨ᠎ᠠ᠃ | ᠰᠣᠮᠣᠨ ᠤ ᠶᠡᠷᠦᠩᠬᠡᠢ ᠲᠠᠯᠠᠪᠠᠢ ᠨᠢ 2284 ᠲᠡᠭᠰᠢ ᠳᠥᠷᠪᠡᠯᠵᠢᠨ ᠺᠢᠯᠣᠮᠧᠲᠷ ︵342.6 ᠲᠦᠮᠡᠨ ᠮᠦ︶᠂ | ᠬᠢᠯᠢ ᠶᠢᠨ ᠱᠤᠭᠤᠮ 8.57 ᠺᠢᠯᠣᠮᠧᠲᠷ᠂ ᠪᠡᠯᠴᠢᠭᠡᠷ ᠤᠨ ᠲᠠᠯᠠᠪᠠᠢ 318.8 ᠲᠦᠮᠡᠨ ᠮᠦ᠂ ᠵᠢᠯ ᠤᠨ ᠳᠤᠮᠳᠠᠴᠢ | ᠲᠤᠨᠳᠠᠰᠤᠨ ᠤ ᠬᠡᠮᠵᠢᠶ᠎ᠡ ᠨᠢ 200 ᠮᠢᠯᠢᠮᠧᠲᠷ᠂ ᠶᠡᠷᠦᠩᠬᠡᠢ ᠡᠷᠦᠬᠡ ᠶᠢᠨ ᠲᠤᠭ᠎ᠠ ᠨᠢ 885 ᠡᠷᠦᠬᠡ ᠶᠢᠨ 1833 | ᠬᠥᠮᠦᠨ᠂ ᠡᠭᠦᠨ ᠳᠤ ᠮᠣᠩᠭᠤᠯ ᠦᠨᠳᠦᠰᠦᠲᠡᠨ 1074 ᠬᠥᠮᠦᠨ᠂ ᠶᠡᠷᠦᠩᠬᠡᠢ ᠬᠥᠮᠦᠨ ᠠᠮᠠ ᠶᠢᠨ 58% ᠶᠢ | ᠡᠵᠡᠯᠡᠨ᠎ᠡ᠃ ᠮᠠᠯᠴᠢᠨ 678 ᠡᠷᠦᠬᠡ᠂ ᠬᠦᠮᠦᠨ ᠤ ᠲᠤᠭ᠎ᠠ 1770 ᠪᠠᠶᠢᠵᠤ᠂ ᠶᠡᠷᠦᠩᠬᠡᠢ ᠬᠦᠮᠦᠨ ᠠᠮᠠ ᠶᠢᠨ | 95% ᠶᠢ ᠡᠵᠡᠯᠡᠨ᠎ᠡ᠃ ᠪᠠᠶᠢᠩᠭᠤ ᠰᠠᠭᠤᠭ᠎ᠠ ᠬᠥᠮᠦᠨ ᠠᠮᠠ 383 ᠡᠷᠦᠬᠡ ᠶᠢᠨ 807 ᠬᠥᠮᠦᠨ ᠪᠣᠢ︔ | ᠬᠠᠷᠢᠶᠠᠨ ᠳᠤ ᠬᠠᠳᠠᠨᠬᠤᠰᠢᠭᠤ᠂ ᠨᠠᠷᠠᠨᠪᠤᠯᠠᠭ᠂ ᠪᠠᠶᠠᠨᠰᠠᠶᠢᠬᠠᠨ᠂ ᠲᠡᠭᠷᠢᠨᠠᠭᠤᠷ ᠵᠡᠷᠭᠡ 4 ᠵᠠᠰᠠᠭ ᠵᠠᠬᠢᠷᠭᠠᠨ ᠤ | ᠭᠠᠴᠠᠭ᠎ᠠ ᠪᠤᠢ︔ ᠰᠤᠮᠤᠨ ᠤ ᠠᠷᠠᠳ ᠲᠤ ᠳᠥᠭᠦᠮ ᠦᠵᠡᠭᠦᠯᠬᠦ ᠬᠡᠷᠡᠭ ᠡᠷᠬᠢᠯᠡᠬᠦ ᠪᠠᠶᠢᠭᠤᠯᠤᠮᠵᠢ ᠶᠢᠨ ᠳᠣᠤᠷ᠎ᠠ | ᠠᠷᠠᠳ ᠲᠤ ᠳᠥᠭᠦᠮ ᠦᠵᠡᠭᠦᠯᠬᠦ ᠨᠢᠭᠡ ᠦᠢᠯᠡᠴᠢᠯᠡᠭᠡᠨ ᠤ ᠲᠢᠩᠬᠢᠮ᠂ ᠠᠷᠠᠳ ᠲᠤ ᠳᠥᠭᠦᠮ ᠦᠵᠡᠭᠦᠯᠬᠦ ᠳᠥᠷᠪᠡᠨ | ᠦᠢᠯᠡᠴᠢᠯᠡᠭᠡᠨ ᠤ ᠥᠷᠲᠡᠭᠡ ︵ᠪᠠᠲᠤᠬᠠᠭᠠᠯᠭ᠎ᠠ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠥᠷᠲᠡᠭᠡ᠂ | ᠨᠠᠷᠠᠨᠪᠤᠯᠠᠭ ᠭᠠᠴᠠᠭᠠᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠥᠷᠲᠡᠭᠡ᠂ ᠲᠡᠭᠷᠢᠨᠠᠭᠤᠷ | ᠭᠠᠴᠠᠭᠠᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠥᠷᠲᠡᠭᠡ᠂ ᠪᠠᠶᠠᠨᠰᠠᠶᠢᠬᠠᠨ ᠭᠠᠴᠠᠭᠠᠨ ᠤ | ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠥᠷᠲᠡᠭᠡ︶᠂ ᠨᠢᠭᠡ ᠨᠡᠭᠦᠳᠡᠯ ᠦᠢᠯᠡᠴᠢᠯᠡᠭᠡᠨ ᠤ ᠠᠩᠭᠢ᠂ | ᠠᠷᠠᠳ ᠲᠤ ᠳᠥᠭᠦᠮ ᠦᠵᠡᠭᠦᠯᠬᠦ ᠲᠠᠪᠤᠨ ᠦᠢᠯᠡᠴᠢᠯᠡᠭᠡᠨ ᠤ ᠣᠷᠣᠯᠠᠨ ᠭᠦᠢᠴᠡᠳᠬᠡᠬᠦ ᠴᠡᠭ ᠪᠣᠢ᠃ ᠠᠵᠤ | ᠦᠶᠢᠯᠡᠰᠵᠢᠭᠰᠡᠨ ᠬᠦᠷᠢᠶᠡᠯᠡᠩ ᠲᠣᠭᠤᠷᠢᠭ 1᠂ ᠲᠠᠷᠢᠶᠠᠯᠠᠩ ᠮᠠᠯ ᠠᠵᠤ ᠠᠬᠤᠢ ᠶᠢᠨ ᠬᠤᠷᠰᠢᠶᠠᠵᠢᠯ 1᠂ ᠲᠡᠵᠢᠭᠡᠯ | ᠡᠪᠡᠰᠦ ᠪᠣᠷᠳᠣᠭᠠᠨ ᠤ ᠰᠠᠭᠤᠷᠢᠨ ᠭᠠᠵᠠᠷ 1᠂ ᠨᠡᠶᠢᠲᠡ 4200 ᠮᠥ ᠪᠣᠢ︔ ᠥᠪᠡᠷᠲᠡᠭᠡᠨ ᠲᠡᠷᠭᠡ ᠵᠢᠯᠤᠭᠤᠳᠴᠤ | ᠵᠤᠭᠠᠴᠠᠬᠤ ᠪᠠᠭᠤᠴᠠ᠂ ᠮᠠᠯᠴᠢᠨ ᠠᠶᠢᠯ ᠤᠨ ᠪᠠᠶᠠᠰᠤᠯ 3 ᠡᠷᠦᠬᠡ ᠪᠠᠶᠢᠵᠤ᠂ ᠡᠭᠦᠨ ᠳᠤ 1 ᠡᠷᠦᠬᠡ ᠶᠢ ᠨᠢ | ᠪᠠᠶᠢᠭᠤᠯᠵᠤ ᠪᠠᠶᠢᠨ᠎ᠠ᠃ | ᠰᠤᠮᠤᠨ ᠤ ᠨᠠᠮ ᠤᠨ ᠬᠤᠷᠢᠶ᠎ᠠ ᠳᠤ ᠲᠠᠪᠤᠨ ᠨᠠᠮ ᠤᠨ ᠡᠭᠦᠷ ︵ᠪᠠᠶᠢᠭᠤᠯᠭ᠎ᠠ ᠶᠢᠨ ᠨᠠᠮ ᠤᠨ ᠡᠭᠦᠷ᠂ | ᠭᠠᠴᠠᠭᠠᠨ ᠤ ᠨᠠᠮ ᠤᠨ ᠡᠭᠦᠷ︶ ᠪᠤᠢ᠃ ᠨᠡᠶᠢᠲᠡ 143 ᠨᠠᠮ ᠤᠨ ᠭᠡᠰᠢᠭᠦᠨ ︵ᠡᠭᠦᠨ ᠳᠤ ᠪᠠᠶᠢᠭᠤᠯᠭ᠎ᠠ ᠶᠢᠨ | ᠨᠠᠮ ᠤᠨ ᠭᠡᠰᠢᠭᠦᠨ 23 ᠬᠥᠮᠦᠨ᠂ ᠮᠠᠯᠴᠢᠨ ᠨᠠᠮ ᠤᠨ ᠭᠡᠰᠢᠭᠦᠨ 104 ᠬᠥᠮᠦᠨ᠂ ᠴᠥᠭᠡᠨ ᠲᠣᠭᠠᠲᠤ | ᠦᠨᠳᠦᠰᠦᠲᠡᠨ ᠤ ᠨᠠᠮ ᠤᠨ ᠭᠡᠰᠢᠭᠦᠨ 104 ᠬᠥᠮᠦᠨ᠂ ᠨᠡᠭᠦᠳᠡᠯ ᠨᠠᠮ ᠤᠨ ᠭᠡᠰᠢᠭᠦᠨ 16 ᠬᠥᠮᠦᠨ︶ ᠪᠣᠶ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ 37᠂ ᠪᠦᠬᠦ ᠰᠣᠮᠣᠨ ᠤ ᠠᠵᠢᠯ ᠤᠨ | ᠪᠠᠶᠢᠷᠢ ᠳᠤ ᠪᠠᠶᠢᠭ᠎ᠠ ᠠᠵᠢᠯᠲᠠᠨ 41 ᠪᠠᠶᠢᠵᠤ᠂ ᠡᠭᠦᠨ ᠳᠤ ᠠᠯᠪᠠᠲᠠᠨ 23᠂ ᠠᠵᠢᠯ ᠦᠢᠯᠡᠰ ᠤᠨ ᠠᠵᠢᠯᠲᠠᠨ 18᠂ | ᠡᠭᠦᠨ ᠠᠴᠠ ᠭᠠᠳᠠᠨ᠎ᠠ ᠣᠶᠤᠲᠠᠨ ᠲᠣᠰᠬᠤᠨ ᠤ ᠺᠠᠳ᠋ᠷ 1᠂ ᠰᠠᠶᠢᠨ ᠳᠤᠷᠠᠴᠤᠯ 3 ᠪᠠᠶᠢᠨ᠎ᠠ᠃ | ᠰᠢᠯᠢᠳᠡᠭᠵᠢᠭᠦᠯᠦᠨ ᠬᠠᠮᠵᠢᠯᠴᠠᠭᠤᠯᠵᠤ ᠥᠨᠳᠥᠷ ᠪᠦᠲᠦᠮᠵᠢᠲᠡᠶ ᠪᠠᠶᠢᠯᠭᠠᠬᠤ ᠵᠠᠷᠴᠢᠮ ᠶᠣᠰᠣᠭᠠᠷ᠂ ᠴᠠᠭᠠᠨᠬᠠᠳᠠ | ᠰᠤᠮᠤ ᠨᠢ ᠳᠣᠤᠷᠠᠬᠢ ᠨᠠᠮ ᠵᠠᠰᠠᠭ ᠤᠨ ᠪᠠᠶᠢᠭᠤᠯᠤᠮᠵᠢ ᠪᠠ ᠠᠵᠢᠯ ᠦᠢᠯᠡᠰ ᠤᠨ ᠨᠢᠭᠡᠴᠢ ᠶᠢ ᠨᠢᠭᠡᠳᠦᠯᠲᠡᠶ ᠲᠥᠯᠥᠪᠯᠡᠨ | ᠲᠣᠬᠢᠷᠠᠭᠤᠯᠪᠠ᠄ | ᠨᠢᠭᠡ᠂ ᠨᠠᠮ ᠵᠠᠰᠠᠭ ᠤᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ | ︵ᠨᠢᠭᠡ︶ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ᠃ ᠭᠤᠣᠯ ᠡᠭᠦᠷᠭᠡ ᠬᠠᠷᠢᠭᠤᠴᠠᠯᠭ᠎ᠠ᠄ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠡᠳᠦᠷ ᠲᠤᠳᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ | ᠬᠠᠷᠢᠭᠤᠴᠠᠨ᠎ᠠ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ | ᠭᠡᠷ ᠤᠨ ᠠᠵᠢᠯ ᠢ ᠡᠭᠦᠷᠭᠡᠯᠡᠨ᠎ᠡ︔ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ | ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ︔ ᠠᠵᠢᠯᠲᠠᠨ ᠤ ᠶᠠᠪᠤᠳᠠᠯ ᠪᠠ ᠡᠳ᠋ ᠤᠨ ᠵᠠᠰᠠᠭ ᠵᠡᠷᠭᠡ | ᠠᠵᠢᠯ ᠢ ᠬᠠᠷᠢᠭᠤᠴᠠᠨ᠎ᠠ᠃ | ︵ᠬᠤᠶᠠᠷ︶ ᠦᠨᠳᠦᠰᠦᠨ ᠱᠠᠲᠤᠨ ᠤ ᠨᠠᠮ ᠤᠨ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ᠃ ᠭᠤᠣᠯ | ᠡᠭᠦᠷᠭᠡ ᠬᠠᠷᠢᠭᠤᠴᠠᠯᠭ᠎ᠠ᠄ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠲᠦᠭᠡᠨ | ᠪᠠᠶᠢᠭᠤᠯᠤᠯᠲᠠ ᠪᠠ ᠤᠯᠠᠨ ᠲᠦᠮᠡᠨ ᠤ ᠪᠦᠯᠬᠦᠮ ᠤᠨ ᠠᠵᠢᠯ ᠢ ᠬᠠᠷᠢᠭᠤᠴᠠᠨ᠎ᠠ︔ ᠤᠬᠠᠭᠤᠯᠭ᠎ᠠ᠂ ᠦᠵᠡᠯ | ᠤᠬᠠᠮᠰᠠᠷ ᠤᠨ ᠬᠡᠯᠪᠡᠷᠢ᠂ ᠰᠣᠶᠣᠯ ᠪᠡᠶ᠎ᠡ ᠶᠢᠨ ᠲᠠᠮᠢᠷ ᠤᠨ ᠠᠵᠢᠯ ᠢ ᠬᠠᠷᠢᠭᠤᠴᠠᠨ᠎ᠠ︔ ᠨᠠᠮ ᠤᠨ ᠰᠤᠷᠲᠠᠯ ᠴᠢᠬᠡᠴᠢ | ᠵᠠᠰᠠᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠨᠢᠭᠡᠳᠦᠮᠡᠯ ᠹᠷᠣᠨᠲ᠂ ᠦᠨᠳᠦᠰᠦᠲᠡᠨ ᠤ | ᠱᠠᠰᠢᠨ ᠰᠤᠷᠲᠠᠬᠤᠨ ᠵᠡᠷᠭᠡ ᠠᠵᠢᠯ ᠢ ᠬᠠᠷᠢᠭᠤᠴᠠᠨ᠎ᠠ᠃ | ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ᠃ ᠭᠤᠣᠯ ᠡᠭᠦᠷᠭᠡ | ᠬᠠᠷᠢᠭᠤᠴᠠᠯᠭ᠎ᠠ ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠠᠮᠢᠶ᠎ᠠ | ᠪᠦᠬᠦᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ | ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠬᠠᠷᠢᠭᠤᠴᠠᠨ᠎ᠠ︔ ᠠᠵᠤ ᠦᠢᠯᠡᠰ ᠤᠨ | ᠲᠥᠯᠥᠪᠵᠢᠭᠦᠯᠭᠡ ᠶᠢᠨ ᠬᠥᠭᠵᠢᠯᠲᠡ ᠶᠢᠨ ᠠᠵᠢᠯ ᠢ ᠬᠠᠷᠢᠭᠤᠴᠠᠨ᠎ᠠ︔ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠠᠮᠢ ᠠᠬᠤᠶ ᠶᠢᠨ ᠣᠷᠴᠢᠨ ᠲᠣᠭᠤᠷᠢᠨ | ᠵᠡᠷᠭᠡ ᠠᠵᠢᠯ ᠢ ᠬᠠᠷᠢᠭᠤᠴᠠᠨ᠎ᠠ︔ ᠬᠤᠲᠠ ᠪᠠᠯᠭᠠᠰᠤᠨ ᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ | ᠬᠠᠷᠢᠭᠤᠴᠠᠨ᠎ᠠ᠃ | ︵ᠲᠦᠷᠪᠡ︶ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ᠃ ᠭᠤᠣᠯ ᠡᠭᠦᠷᠭᠡ ᠬᠠᠷᠢᠭᠤᠴᠠᠯᠭ᠎ᠠ᠄ | ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ | ᠵᠡᠮᠳᠡᠭᠴᠦᠳ ᠤᠨ ᠬᠤᠯᠪᠣᠭ᠎ᠠ᠂ ᠲᠤᠭ᠎ᠠ ᠪᠦᠷᠢᠳᠬᠡᠯ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ | ᠲᠥᠯᠥᠪᠯᠡᠭᠡᠲᠦ ᠦᠷᠡᠵᠢᠯ᠂ ᠨᠡᠶᠢᠭᠡᠮ ᠤᠨ ᠪᠦᠯᠬᠦᠮ ᠵᠡᠷᠭᠡ ᠨᠡᠶᠢᠭᠡᠮ ᠤᠨ ᠶᠠᠪᠤᠳᠠᠯ ᠤᠨ ᠴᠢᠨᠠᠷᠲᠠᠶ ᠠᠵᠢᠯ ᠢ | ᠬᠠᠷᠢᠭᠤᠴᠠᠨ᠎ᠠ᠃ | ︵ᠲᠠᠪᠤ︶ ᠠᠮᠤᠭᠤᠯᠠᠩ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ᠃ ᠭᠤᠣᠯ ᠡᠭᠦᠷᠭᠡ ᠬᠠᠷᠢᠭᠤᠴᠠᠯᠭ᠎ᠠ ᠄ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠵᠠᠬᠢᠳᠠᠯ ᠰᠣᠷᠪᠣᠯᠵᠢᠯᠠᠯ ᠤᠨ ᠲᠣᠭᠲᠠᠭᠤᠨ ᠢ ᠬᠠᠮᠠᠭᠠᠯᠠᠬᠤ ᠪᠠ | ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠨ᠎ᠠ︔ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠠᠵᠢᠯ ᠢ ᠬᠠᠷᠢᠭᠤᠴᠠᠨ᠎ᠠ︔ | ᠲᠣᠣᠷᠵᠢᠯ ᠤᠨ ᠠᠵᠢᠯ ᠢ ᠬᠠᠷᠢᠭᠤᠴᠠᠨ᠎ᠠ᠃ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠ ᠠᠷᠠᠳ ᠤᠨ ᠵᠡᠪᠰᠡᠭᠲᠦ ᠬᠦᠴᠦᠨ ᠤ ᠲᠠᠯ᠎ᠠ ᠶᠢᠨ | ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠠᠵᠢᠯᠲᠠᠨ ᠤ ᠲᠣᠬᠢᠷᠠᠭᠤᠯᠤᠯᠲᠠ ᠶᠢ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠪᠣᠯᠤᠨ ᠪᠤᠭᠤᠲᠤ ᠬᠤᠲᠠ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠬᠤᠶᠠᠷ᠂ ᠠᠵᠢᠯ ᠦᠢᠯᠡᠰ ᠤᠨ ᠨᠢᠭᠡᠴᠢ ᠶᠢᠨ ᠪᠠᠶᠢᠷᠢᠯᠠᠭᠤᠯᠤᠯᠲᠠ | ︵ᠨᠢᠭᠡ︶ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠠᠭᠠᠨᠬᠠᠳᠠ ᠰᠤᠮᠤ ᠶᠢᠨ ᠨᠠᠮ ᠪᠠ ᠣᠯᠠᠨ | ᠲᠦᠮᠡᠨ ᠤ ᠦᠢᠯᠡᠴᠢᠯᠡᠭᠡᠨ ᠤ ᠲᠥᠪ ︵ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ᠴᠡᠷᠢᠭ ᠠᠴᠠ | ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠭᠠᠵᠠᠷ︶ | ᠭᠤᠤᠯ ᠡᠭᠦᠷᠭᠡ ᠬᠠᠷᠢᠭᠤᠴᠠᠯᠭ᠎ᠠ ᠄ ᠨᠠᠮ ᠤᠨ ᠭᠡᠰᠢᠭᠦᠨ ᠣᠯᠠᠨ ᠲᠦᠮᠡᠨ ᠤ ᠦᠢᠯᠡᠴᠢᠯᠡᠭᠡᠨ ᠤ ᠲᠥᠷᠥᠯ | ᠵᠦᠢᠯ ᠤᠨ ᠪᠦᠬᠦᠯᠢ ᠴᠣᠭᠴᠠ ᠶᠢᠨ ᠲᠣᠬᠢᠷᠠᠭᠤᠯᠤᠯᠲᠠ᠂ ᠲᠣᠬᠢᠷᠠᠭᠤᠯᠤᠯᠲᠠ ᠪᠠ ᠳᠣᠬᠢᠷᠠᠭᠤᠯᠭ᠎ᠠ ᠶᠢ ᠬᠠᠷᠢᠭᠤᠴᠠᠵᠤ᠂ | ᠨᠠᠮ ᠤᠨ ᠭᠡᠰᠢᠭᠦᠨ ᠪᠠ ᠣᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠶ ᠦᠢᠯᠡᠴᠢᠯᠡᠭᠡᠨ ᠤ ᠲᠤᠯᠭᠠᠭᠤᠷᠢᠯᠠᠬᠤ | ᠲᠠᠪᠴᠠᠩ ᠬᠠᠩᠭᠠᠨ᠎ᠠ︔ ᠬᠠᠷᠢᠶ᠎ᠠ ᠣᠷᠣᠨ ᠤ ᠨᠠᠮ ᠤᠨ ᠭᠡᠰᠢᠭᠦᠨ ᠲᠠᠢ ᠬᠠᠷᠢᠯᠴᠠᠬᠤ᠂ ᠦᠢᠯᠡᠴᠢᠯᠡᠬᠦ ᠶᠢ | ᠬᠠᠷᠢᠭᠤᠴᠠᠨ᠎ᠠ︔ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠡᠯ᠎ᠡ ᠲᠥᠷᠥᠯ ᠤᠨ ᠠᠵᠢᠯᠯᠠᠭᠠᠨ ᠤ ᠲᠠᠯᠠᠪᠤᠷ ᠤᠨ | ᠴᠢᠳᠠᠮᠵᠢ ᠶᠢᠨ ᠲᠥᠯᠥᠪᠵᠢᠭᠦᠯᠭᠡ᠂ ᠬᠠᠮᠢᠶᠠᠷᠤᠯᠲᠠ ᠪᠠ ᠬᠠᠮᠠᠭᠠᠯᠠᠯᠲᠠ ᠶᠢ ᠬᠠᠷᠢᠭᠤᠴᠠᠨ᠎ᠠ︔ ᠴᠡᠷᠢᠭ ᠠᠴᠠ | ᠬᠠᠯᠠᠭᠳᠠᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠲᠡᠳᠬᠦᠬᠦ᠂ ᠠᠰᠠᠷᠠᠨ ᠲᠡᠳᠬᠦᠵᠦ ᠬᠠᠪᠰᠤᠷᠤᠨ | ᠲᠡᠳᠬᠦᠬᠦ᠂ ᠡᠷᠬᠢᠨ ᠦᠵᠡᠵᠦ ᠲᠣᠬᠤᠨᠢᠭᠤᠯᠬᠤ᠂ ᠵᠠᠬᠢᠳᠠᠯ ᠰᠤᠷᠪᠤᠯᠵᠢᠯᠠᠯ ᠢ ᠭᠥᠯᠢᠶᠡᠨ ᠠᠪᠬᠤ᠂ ᠡᠷᠬᠡ ᠠᠰᠢᠭ ᠢ | ᠪᠠᠲᠤᠯᠠᠬᠤ ᠵᠡᠷᠭᠡ ᠶᠠᠪᠤᠳᠠᠯ ᠤᠨ ᠴᠢᠨᠠᠷᠲᠠᠶ ᠠᠵᠢᠯ ᠢ ᠬᠠᠷᠢᠭᠤᠴᠠᠨ᠎ᠠ︔ ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ | ᠪᠦᠯᠢ ᠶᠢ ᠬᠠᠷᠠᠭᠠᠯᠵᠠᠬᠤ ᠵᠡᠷᠭᠡ ᠠᠵᠢᠯ ᠢ ᠬᠠᠷᠢᠭᠤᠴᠠᠨ᠎ᠠ︔ ᠰᠣᠮᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ | ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ︵ᠬᠤᠶᠠᠷ︶ ᠳᠠᠷᠬᠠᠨ ᠮᠣᠣᠮᠢᠩᠭᠠᠨ ᠬᠤᠯᠪᠣᠭᠠᠲᠤ ᠬᠤᠰᠢᠭᠤᠨ ᠤ ᠴᠠᠭᠠᠨᠬᠠᠳᠠ ᠰᠤᠮᠤᠨ ᠤ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ | ᠭᠤᠣᠯ ᠡᠭᠦᠷᠭᠡ ᠬᠠᠷᠢᠭᠤᠴᠠᠯᠭ᠎ᠠ᠄ ᠴᠠᠭᠠᠨᠬᠠᠳᠠ ᠰᠣᠮᠣᠨ ᠤ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠠᠴᠠ ᠣᠯᠭᠤᠭᠰᠠᠨ ᠰᠤᠮᠤ ᠰᠢᠶᠠᠩ ᠪᠠᠯᠭᠠᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠡᠷᠬᠡ ᠶᠢ ᠲᠥᠪᠯᠡᠷᠡᠭᠦᠯᠦᠨ ᠬᠡᠷᠡᠭᠵᠢᠭᠦᠯᠦᠨ᠎ᠡ᠃ ᠬᠠᠤᠯᠢ ᠪᠠᠷ ᠲᠣᠭᠲᠠᠭᠠᠭᠰᠠᠨ ᠳᠠᠷᠠᠭᠠᠯᠠᠯ ᠤᠨ ᠶᠣᠰᠣᠭᠠᠷ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠶᠢᠨ ᠨᠠᠶᠢᠳᠠᠯᠭ᠎ᠠ ᠶᠢ ᠬᠦᠯᠢᠶᠡᠵᠦ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯ ᠢ ᠥᠷᠨᠢᠭᠦᠯᠦᠨ᠎ᠡ᠃ | ︵ᠭᠤᠷᠪᠠ︶ ᠳᠠᠷᠬᠠᠨ ᠮᠣᠣᠮᠢᠩᠭᠠᠨ ᠬᠤᠯᠪᠣᠭᠠᠲᠤ ᠬᠤᠰᠢᠭᠤᠨ ᠤ ᠴᠠᠭᠠᠨᠬᠠᠳᠠ ᠰᠤᠮᠤᠨ ᠤ ᠶᠡᠷᠦᠩᠬᠡᠶᠢᠯᠡᠭᠰᠡᠨ | ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ | ᠭᠤᠤᠯ ᠡᠭᠦᠷᠭᠡ ᠬᠠᠷᠢᠭᠤᠴᠠᠯᠭ᠎ᠠ᠄ ᠲᠠᠷᠢᠶᠠᠯᠠᠩ᠂ ᠣᠶ ᠰᠢᠭᠤᠶ᠂ ᠮᠠᠯ ᠠᠵᠤ ᠠᠬᠤᠶ᠂ ᠤᠰᠤ ᠵᠡᠷᠭᠡ | ᠬᠦᠷᠢᠶᠡᠨ ᠳᠠᠬᠢ ᠮᠡᠷᠭᠡᠵᠢᠯ ᠢ ᠣᠷᠣᠭᠤᠯᠤᠨ ᠠᠪᠴᠢᠷᠠᠬᠤ ᠪᠠ ᠳᠡᠯᠭᠡᠷᠡᠭᠦᠯᠬᠦ ᠠᠵᠢᠯ ᠢ ᠬᠠᠷᠢᠭᠤᠴᠠᠨ᠎ᠠ︔ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠬᠠᠷᠢᠭᠤᠴᠠᠨ᠎ᠠ︔ ᠮᠠᠯᠴᠢᠨ | ᠲᠠᠷᠢᠶᠠᠴᠢᠨ ᠳᠤ ᠠᠵᠤ ᠦᠢᠯᠡᠰ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ︔ ᠲᠤᠰᠬᠠᠶ | ᠮᠡᠷᠭᠡᠵᠢᠯ ᠤᠨ ᠪᠣᠯᠪᠠᠰᠤᠷᠠᠯ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠠᠮᠢᠲᠠᠨ ᠤ ᠬᠢᠵᠢᠭ ᠢ | ᠰᠡᠷᠭᠡᠶᠢᠯᠡᠬᠦ ᠵᠡᠷᠭᠡ ᠠᠵᠢᠯ ᠢ ᠬᠠᠷᠢᠭᠤᠴᠠᠨ᠎ᠠ᠃ | ᠬᠠᠶ᠋ᠢᠭ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠠᠭᠠᠨᠬᠠᠳᠠ ᠰᠤᠮᠤ | ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠪᠣᠯᠲᠠᠯ᠎ᠠ᠂ ᠦᠳᠡ ᠶᠢᠨ ᠡᠮᠦᠨ᠎ᠡ 8᠄ | 30 - 12᠄ 00᠂ ᠦᠳᠡ ᠶᠢᠨ ᠬᠤᠶᠢᠨ᠎ᠠ 14᠄ 30 - 17᠄ 30 ᠪᠣᠯᠲᠠᠯ᠎ᠠ | ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠢ ᠪᠠᠭᠲᠠᠭᠠᠬᠤ ᠦᠭᠡᠢ᠃ | ᠬᠠᠷᠢᠭᠤᠴᠠᠯᠭᠠᠲᠠᠨ᠄ ᠬᠤᠩ ᠬᠠᠶ | ᠬᠠᠷᠢᠯᠴᠠᠬᠤ ᠤᠲᠠᠰᠤ᠄ 0472 - 8315586 |