ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠤᠭ ᠤᠨ ᠰᠢᠨ᠎ᠡ ᠮᠡᠳᠡᠭᠡ᠄ ᠣᠲᠣ | ᠪᠣᠯᠲᠠᠯ᠎ᠠ᠂ ᠥᠪᠥᠷ ᠮᠣᠩᠭᠤᠯ 2024 ᠣᠨ ᠤ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ | ᠨᠥᠬᠦᠪᠦᠷᠢ ᠶᠢ ᠨᠢᠭᠡᠨᠲᠡ 74.42 ᠳ᠋ᠦᠩᠰᠢᠭᠤᠷ ᠲᠥᠭᠦᠷᠢᠭ ᠪᠠᠭᠤᠯᠭᠠᠪᠠ᠃ | ᠡᠭᠦᠨ ᠳᠤ᠂ ᠲᠥᠪ ᠤᠨ ᠡᠳ᠋ ᠤᠨ ᠵᠠᠰᠠᠭ ᠤᠨ ᠠᠪᠤᠷᠠᠨ ᠲᠤᠰᠠᠯᠠᠬᠤ ᠨᠥᠬᠦᠪᠦᠷᠢ 56.33 ᠳ᠋ᠦᠩᠰᠢᠭᠤᠷ | ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠤᠨ ᠠᠪᠤᠷᠠᠨ ᠲᠤᠰᠠᠯᠠᠬᠤ | ᠨᠥᠬᠦᠪᠦᠷᠢ 18.09 ᠳ᠋ᠦᠩᠰᠢᠭᠤᠷ ᠲᠥᠭᠦᠷᠢᠭ ᠪᠠᠭᠤᠯᠭᠠᠨ᠂ ᠥᠪᠥᠷ ᠮᠣᠩᠭᠤᠯ ᠤᠨ 167 ᠲᠦᠮᠡᠨ ᠬᠤᠲᠠ | ᠬᠥᠳᠡᠭᠡᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠣᠨᠴᠠ ᠬᠦᠴᠢᠷᠳᠡᠯᠲᠡᠢ ᠬᠥᠮᠥᠰ᠂ | ᠥᠨᠥᠴᠢᠨ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠳ ᠤᠨ ᠦᠨᠳᠦᠰᠦᠨ ᠠᠮᠢᠳᠤᠷᠠᠯ ᠢ | ᠪᠠᠲᠤᠯᠠᠵᠤ᠂ ᠣᠨᠴᠠ ᠬᠦᠴᠢᠷᠳᠡᠯᠲᠡᠢ ᠬᠥᠮᠥᠰ ᠵᠢᠴᠢ ᠲᠡᠨᠦᠭᠦᠯ ᠭᠤᠶᠢᠷᠠᠨᠴᠢᠳ ᠢ ᠲᠦᠷ ᠴᠠᠭ ᠠᠪᠤᠷᠠᠨ ᠲᠤᠰᠠᠯᠠᠬᠤ | ᠠᠵᠢᠯ ᠥᠷᠨᠢᠭᠦᠯᠦᠭᠡᠳ᠂ ᠠᠪᠤᠷᠠᠨ ᠲᠤᠰᠠᠯᠠᠬᠤ ᠨᠥᠬᠦᠪᠦᠷᠢ ᠶᠢᠨ ᠬᠤᠷᠢᠭ᠎ᠠ ᠱᠤᠭᠤᠮ ᠢ ᠰᠠᠬᠢᠬᠤ᠂ ᠠᠷᠠᠳ ᠤᠨ | ᠠᠮᠢᠳᠤᠷᠠᠯ ᠢ ᠪᠠᠲᠤᠯᠠᠬᠤ ᠴᠢᠬᠤᠯᠠ ᠦᠢᠯᠡᠳᠦᠯ ᠢ ᠨᠢ ᠪᠠᠳᠠᠷᠠᠭᠤᠯᠤᠭᠰᠠᠨ ᠪᠠᠶᠢᠨ᠎ᠠ᠃ | 2024 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠨ ᠶᠠᠪᠤᠳᠠᠯ ᠤᠨ ᠶᠠᠮᠤᠨ᠂ | ᠡᠳ᠋ ᠤᠨ ᠵᠠᠰᠠᠭ ᠤᠨ ᠶᠠᠮᠤᠨ ᠯᠤᠭ᠎ᠠ ᠣᠶᠢᠯᠠᠭᠠᠯᠴᠠᠨ ᠵᠣᠯᠭᠠᠯᠳᠤᠬᠤ ᠪᠠᠨ ᠢᠳᠡᠪᠬᠢᠲᠡᠢ ᠰᠠᠶᠢᠲᠤᠷ ᠬᠢᠵᠦ᠂ ᠲᠥᠪ ᠤᠨ | ᠡᠳ᠋ ᠤᠨ ᠵᠠᠰᠠᠭ ᠤᠨ ᠥᠪᠥᠷ ᠮᠣᠩᠭᠤᠯ ᠤᠨ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ | ᠨᠥᠬᠦᠪᠦᠷᠢ ᠶᠢ ᠨᠢ ᠡᠷᠴᠢᠮᠵᠢᠭᠦᠯᠬᠦ ᠪᠠᠷ ᠴᠢᠷᠮᠠᠶᠢᠵᠤ ᠪᠠᠶᠢᠨ᠎ᠠ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ ᠨᠢ ᠪᠥᠬᠦ ᠣᠷᠣᠨ ᠤ ᠡᠯ᠎ᠡ ᠭᠠᠵᠠᠷ ᠤᠨ | ᠡᠳ᠋ ᠤᠨ ᠵᠠᠰᠠᠭ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠢ ᠱᠠᠭᠠᠷᠳᠠᠬᠤ ᠳᠤ ᠪᠠᠨ ᠨᠢᠭᠲᠠ | ᠬᠠᠮᠵᠢᠯᠴᠠᠵᠤ᠂ ᠠᠰᠠᠭᠤᠳᠠᠯ ᠢ ᠴᠠᠭ ᠲᠤᠬᠠᠢ ᠳᠤ ᠨᠢ ᠢᠯᠡᠷᠡᠭᠦᠯᠦᠨ ᠰᠢᠢᠳᠪᠦᠷᠢᠯᠡᠬᠦ ᠬᠡᠷᠡᠭᠲᠡᠢ︔ ︽ | ᠴᠢᠳᠠᠯ ᠤᠨ ᠢᠶᠠᠨ ᠬᠢᠷᠢ ᠪᠠᠷ ᠴᠢᠷᠮᠠᠶᠢᠨ ᠬᠢᠬᠦ︾ ᠵᠠᠷᠴᠢᠮ ᠶᠣᠰᠣᠭᠠᠷ᠂ ᠪᠠᠲᠤᠯᠠᠬᠤ ᠡᠲᠡᠭᠡᠳ ᠢ ᠨᠠᠷᠢᠯᠢᠭ ᠣᠨᠣᠴᠠᠲᠠᠢ | ᠮᠠᠭᠠᠳᠯᠠᠨ ᠲᠣᠭᠲᠠᠭᠠᠬᠤ ᠠᠵᠢᠯ ᠢᠶᠠᠨ ᠴᠢᠩᠭ᠎ᠠ ᠰᠠᠶᠢᠲᠤᠷ ᠬᠢᠬᠦ ᠬᠡᠷᠡᠭᠲᠡᠢ︔ ᠬᠦᠴᠢᠷᠳᠡᠯᠲᠡᠢ ᠣᠯᠠᠨ ᠲᠦᠮᠡᠨ ᠢ | ᠠᠪᠤᠷᠠᠨ ᠲᠤᠰᠠᠯᠠᠬᠤ ᠨᠥᠬᠦᠪᠦᠷᠢ ᠶᠢᠨ ᠬᠡᠷᠡᠭᠯᠡᠯᠲᠡ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ | ᠲᠥᠰᠥᠪ ᠢ ᠬᠡᠷᠡᠭᠵᠢᠭᠦᠯᠬᠦ ᠠᠬᠢᠴᠠ ᠪᠠᠨ ᠲᠦᠷᠭᠡᠳᠬᠡᠨ᠂ ᠪᠡᠯᠡ ᠮᠦᠩᠭᠦᠨ ᠤ ᠵᠠᠷᠤᠯᠭ᠎ᠠ ᠶᠢᠨ ᠪᠦᠲᠦᠴᠡ ᠶᠢ | ᠴᠢᠨᠠᠭᠰᠢᠳᠠ ᠤᠯᠠᠮ ᠰᠢᠯᠢᠳᠡᠭᠵᠢᠭᠦᠯᠵᠦ᠂ ᠪᠡᠯᠡ ᠮᠦᠩᠭᠦᠨ ᠤ ᠬᠡᠷᠡᠭᠯᠡᠯᠲᠡ ᠶᠢᠨ ᠦᠷ᠎ᠡ ᠠᠰᠢᠭ ᠢ ᠦᠨᠡᠨ ᠬᠦ | ᠳᠡᠭᠡᠭᠰᠢᠯᠡᠭᠦᠯᠦᠨ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠨᠠᠩ ᠰᠠᠶᠢᠨ ᠪᠠᠲᠤᠯᠠᠬᠤ ᠬᠡᠷᠡᠭᠲᠡᠢ | ᠭᠡᠵᠡᠢ᠃ | |