ᠲᠠᠬᠢᠶ᠎ᠠ ᠮᠢᠬᠠᠯᠠᠬᠤ ᠦᠭᠡᠢ ᠪᠠᠶᠢᠳᠠᠭ ᠤᠨ ᠤᠴᠢᠷ
ᠨᠡᠶᠢᠲᠡᠯᠡᠭᠰᠡᠨ ᠴᠠᠭ᠄
2024/7/18
      ᠲᠠᠬᠢᠶ᠎ᠠ ᠲᠡᠵᠢᠭᠡᠬᠦ ᠶᠠᠪᠤᠴᠠ ᠳᠤ᠂ ᠲᠠᠬᠢᠶ᠎ᠠ ᠶᠢᠨ ᠡᠴᠡᠵᠦ ᠲᠤᠷᠠᠬᠤ ᠨᠢ ᠲᠡᠭᠦᠨ ᠤ ᠥᠰᠦᠯᠲᠡ  ᠪᠤᠶᠢᠵᠢᠯᠲᠠ ᠶᠢ ᠨᠥᠯᠥᠭᠡᠯᠡᠬᠦ ᠪᠠᠷ ᠪᠠᠷᠠᠬᠤ ᠦᠭᠡᠢ᠂ ᠮᠢᠬᠠᠨ ᠤ ᠴᠢᠨᠠᠷ ᠴᠢᠨᠰᠠᠭ᠎ᠠ ᠪᠠ ᠲᠡᠵᠢᠭᠡᠨ ᠦᠷᠡᠵᠢᠭᠦᠯᠬᠦ ᠦᠷ᠎ᠡ  ᠠᠰᠢᠭ ᠢ ᠴᠤ ᠪᠠᠭᠤᠷᠠᠭᠤᠯᠳᠠᠭ᠃            ᠲᠡᠭᠡᠪᠡᠯ ᠡᠨᠡ ᠨᠢ ᠶᠠᠮᠠᠷ ᠰᠢᠯᠲᠠᠭᠠᠨ ᠠᠴᠠ ᠪᠣᠯᠤᠭᠰᠠᠨ ᠪᠣᠢ︖            ᠨᠢᠭᠡ᠂ ᠲᠡᠵᠢᠭᠡᠯ ᠪᠣᠷᠳᠣᠭᠠᠨ ᠤ ᠠᠰᠠᠭᠤᠳᠠᠯ            ︵1︶ ᠬᠡᠷᠪᠡ ᠲᠠᠬᠢᠶᠠᠨ ᠤ ᠲᠡᠵᠢᠭᠡᠯ ᠪᠣᠷᠳᠣᠭᠠᠨ ᠳᠤ ᠴᠢᠬᠤᠯᠠ ᠪᠦᠬᠦᠢ ᠰᠢᠮ᠎ᠡ ᠲᠡᠵᠢᠭᠡᠯ ᠤᠨ ᠪᠣᠳᠠᠰ  ᠳᠤᠲᠠᠭᠳᠠᠪᠠᠯ ᠲᠠᠬᠢᠶᠠᠨ ᠤ ᠥᠰᠦᠯᠲᠡ ᠪᠤᠶᠢᠵᠢᠯᠲᠠ ᠶᠢ ᠬᠠᠷᠰᠢᠯᠠᠨ᠎ᠠ᠃        ︵2︶ ᠲᠠᠬᠢᠶᠠᠨ ᠤ ᠲᠡᠵᠢᠭᠡᠯ ᠪᠣᠷᠳᠣᠭᠠᠨ ᠳᠤ ᠬᠤᠣᠷᠲᠤ ᠪᠣᠳᠠᠰ ᠣᠷᠣᠰᠢᠬᠤ ᠪᠤᠶᠤ ᠰᠢᠨ᠎ᠡ ᠰᠣᠷᠭᠤᠭ  ᠲᠡᠵᠢᠭᠡᠯ ᠪᠣᠷᠳᠤᠭ᠎ᠠ ᠪᠠᠶᠢᠬᠤ ᠦᠭᠡᠢ ᠪᠣᠯ ᠲᠠᠬᠢᠶ᠎ᠠ ᠡᠴᠡᠭᠡᠳ ᠮᠢᠬᠠᠯᠠᠳᠠᠭ ᠦᠭᠡᠢ᠃            ᠬᠤᠶᠠᠷ᠂ ᠡᠪᠡᠳᠴᠢᠨ ᠡᠮᠭᠡᠭ ᠤᠨ ᠠᠰᠠᠭᠤᠳᠠᠯ ᠲᠠᠬᠢᠶ᠎ᠠ ᠥᠰᠦᠯᠲᠡ ᠶᠢᠨ ᠶᠠᠪᠤᠴᠠ ᠳᠠᠭᠠᠨ ᠰᠢᠩᠭᠡᠭᠡᠯᠲᠡ ᠶᠢᠨ  ᠵᠠᠮ ᠤᠨ ᠡᠪᠡᠳᠴᠢᠨ ᠳᠤ ᠨᠡᠷᠪᠡᠭᠳᠡᠵᠦ ᠮᠡᠳᠡᠨ᠎ᠡ᠂ ᠵᠢᠱᠢᠶᠡᠯᠡᠪᠡᠯ ᠰᠠᠭᠤᠯᠭᠠᠬᠤ᠂ ᠢᠳᠡᠰᠢ ᠢᠳᠡᠬᠦ ᠦᠭᠡᠢ ᠵᠡᠷᠭᠡ᠂  ᠡᠲᠡᠭᠡᠷ ᠡᠪᠡᠳᠴᠢᠨ ᠠᠴᠠ ᠪᠣᠯᠵᠤ ᠲᠤᠷᠠᠭᠠᠳ ᠮᠢᠬᠠᠯᠠᠬᠤ ᠦᠭᠡᠢ ᠪᠠᠶᠢᠳᠠᠭ᠃            ᠭᠤᠷᠪᠠ᠂ ᠰᠢᠮᠡᠭᠦᠷ ᠬᠤᠷᠣᠬᠠᠢ ᠶᠢᠨ ᠠᠰᠠᠭᠤᠳᠠᠯ ᠲᠠᠬᠢᠶ᠎ᠠ ᠥᠰᠦᠯᠲᠡ ᠶᠢᠨ ᠶᠠᠪᠤᠴᠠ ᠳᠠᠭᠠᠨ ᠰᠢᠮᠡᠭᠦᠷ  ᠬᠤᠷᠣᠬᠠᠢ ᠳᠤ ᠬᠠᠯᠳᠠᠪᠤᠷᠢᠯᠠᠭᠳᠠᠵᠤ ᠮᠡᠳᠡᠨ᠎ᠡ᠂ ᠵᠢᠱᠢᠶᠡᠯᠡᠪᠡᠯ ᠬᠦᠵᠢ ᠬᠤᠷᠣᠬᠠᠢ᠂ ᠨᠣᠬᠠᠢ ᠶᠢᠨ ᠪᠥᠭᠡᠰᠦ ᠵᠡᠷᠭᠡ ᠨᠢ  ᠪᠦᠷ ᠲᠠᠬᠢᠶ᠎ᠠ ᠲᠤᠷᠠᠬᠤ᠂ ᠴᠢᠰᠤ ᠳᠤᠲᠠᠬᠤ᠂ ᠢᠳᠡᠭᠡᠨ ᠤ ᠳᠤᠷᠠᠰᠢᠯ ᠮᠠᠭᠤᠳᠠᠬᠤ ᠵᠡᠷᠭᠡ ᠠᠰᠠᠭᠤᠳᠠᠯ ᠡᠬᠦᠰᠭᠡᠳᠡᠭ᠃             ᠳᠥᠷᠪᠡ᠂ ᠤᠤᠭᠤᠬᠤ ᠤᠰᠤᠨ ᠤ ᠠᠰᠠᠭᠤᠳᠠᠯ            ︵1︶ ᠲᠠᠬᠢᠶ᠎ᠠ ᠥᠰᠴᠦ ᠪᠤᠶᠢᠵᠢᠬᠤ ᠶᠠᠪᠤᠴᠠ ᠳᠠᠭᠠᠨ ᠤᠰᠤ ᠤᠮᠳᠠ ᠪᠠᠷ ᠢᠳᠡᠰᠢ ᠪᠡ ᠢᠳᠡᠰᠢᠨ ᠤ  ᠳᠣᠲᠣᠷᠠᠬᠢ ᠰᠢᠮ᠎ᠡ ᠲᠡᠵᠢᠭᠡᠯ ᠤᠨ ᠪᠣᠳᠠᠰ ᠢ ᠰᠢᠩᠭᠡᠭᠡᠬᠦ ᠳᠤ ᠲᠤᠰᠠᠯᠠᠨ᠎ᠠ᠃ ᠬᠡᠷᠪᠡ ᠲᠠᠬᠢᠶ᠎ᠠ ᠶᠢᠨ ᠤᠤᠭᠤᠬᠤ ᠤᠰᠤ   ᠨᠢ ᠬᠦᠷᠦᠯᠴᠡᠬᠦ ᠦᠭᠡᠢ ᠪᠣᠯ ᠰᠢᠩᠭᠡᠭᠡᠯᠲᠡ ᠶᠢᠨ ᠴᠢᠳᠠᠪᠤᠷᠢ ᠨᠢ ᠬᠢᠵᠠᠭᠠᠷᠯᠠᠭᠳᠠᠵᠤ᠂ ᠥᠰᠦᠨ ᠪᠤᠶᠢᠵᠢᠯᠲᠠ ᠶᠢ ᠨᠢ  ᠬᠦᠨᠳᠦ ᠨᠣᠴᠢᠲᠠᠢ ᠨᠥᠯᠥᠭᠡᠯᠡᠳᠡᠭ᠃            ︵2︶ ᠰᠢᠨ᠎ᠡ ᠰᠣᠷᠭᠤᠭ ᠤᠰᠤ ᠨᠢ ᠲᠠᠬᠢᠶ᠎ᠠ ᠶᠢᠨ ᠹᠢᠽᠢᠣᠯᠣᠭᠢ ᠶᠢᠨ ᠱᠠᠭᠠᠷᠳᠠᠯᠭ᠎ᠠ ᠶᠢ ᠨᠡᠩ ᠰᠠᠶᠢᠨ  ᠬᠠᠩᠭᠠᠵᠤ᠂ ᠲᠠᠬᠢᠶ᠎ᠠ ᠶᠢᠨ ᠬᠡᠪ ᠤᠨ ᠥᠰᠦᠯᠲᠡ ᠪᠤᠶᠢᠵᠢᠯᠲᠠ ᠶᠢ ᠠᠬᠢᠭᠤᠯᠤᠨ᠎ᠠ᠃ ᠡᠭᠦᠨ ᠤ ᠡᠰᠡᠷᠭᠦ ᠪᠠᠷ᠂ ᠬᠡᠷᠪᠡ  ᠤᠰᠤ ᠤᠮᠳᠠ ᠶᠢᠨ ᠲᠥᠬᠦᠭᠡᠷᠦᠮᠵᠢ ᠨᠢ ᠴᠡᠪᠡᠷ ᠪᠤᠰᠤ ᠪᠣᠯ ᠲᠠᠬᠢᠶ᠎ᠠ ᠬᠤᠣᠷᠳᠠᠭᠳᠠᠵᠤ᠂ ᠲᠠᠬᠢᠶ᠎ᠠ ᠶᠢᠨ ᠡᠷᠡᠭᠦᠯ ᠮᠡᠨᠳᠦ  ᠪᠠ ᠥᠰᠦᠯᠲᠡ ᠪᠤᠶᠢᠵᠢᠯᠲᠠ ᠶᠢ ᠨᠥᠯᠥᠭᠡᠯᠡᠨ᠎ᠡ᠃  
 
ᠢᠷᠡᠯᠲᠡ᠄ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号