ᠵᠢᠶᠠ ᠪᠦᠦ ᠯᠢᠶᠠᠩ ᠮᠠᠨᠳᠤᠯ ᠪᠣᠭᠤᠮᠲᠠ ᠵᠢᠴᠢ ᠮᠠᠨᠳᠤᠯ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/2
      6 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠮᠠᠨᠳᠤᠯ ᠪᠣᠭᠤᠮᠲᠠ ᠵᠢᠴᠢ ᠮᠠᠨᠳᠤᠯ ᠪᠠᠯᠭᠠᠰᠤᠨ ᠳᠤ ᠬᠦᠷᠴᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠵᠢᠶᠠ ᠪᠦᠦ ᠯᠢᠶᠠᠩ ᠤᠷᠢᠳ ᠬᠤᠵᠢᠳ ᠮᠠᠨᠳᠤᠯ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠵᠠᠮ ᠢ ᠥᠷᠭᠡᠳᠬᠡᠨ ᠪᠠᠶᠢᠭᠤᠯᠬᠤ ᠢᠨᠵᠧᠨᠧᠷᠢᠩ᠂ ᠮᠠᠰᠢᠨ ᠲᠡᠷᠭᠡᠨ ᠤ ᠦᠢᠯᠡᠴᠢᠯᠡᠭᠡᠨ ᠤ ᠲᠥᠪ ᠵᠢᠴᠢ ᠮᠠᠰᠢᠨ ᠲᠡᠷᠭᠡᠨ ᠤ ᠠᠷᠠᠯᠵᠢᠶ᠎ᠠ ᠬᠤᠳᠠᠯᠳᠤᠭᠠᠨ ᠤ ᠲᠥᠷᠥᠯ ᠵᠦᠢᠯ ︵ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ︶ ᠵᠡᠷᠭᠡ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ ᠭᠦᠨᠵᠡᠭᠡᠶᠢᠷᠡᠵᠦ᠂ ᠲᠥᠷᠥᠯ ᠵᠦᠢᠯ ᠤᠨ ᠬᠠᠷᠢᠭᠤᠴᠠᠯᠭᠠᠲᠠᠨ᠂ ᠪᠠᠷᠢᠯᠭ᠎ᠠ ᠶᠢᠨ ᠨᠢᠭᠡᠴᠡ ᠶᠢᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠲᠥᠷᠥᠯ ᠵᠦᠢᠯ ᠤᠨ ᠲᠥᠯᠥᠪᠵᠢᠭᠦᠯᠭᠡ᠂ ᠪᠠᠷᠢᠯᠭ᠎ᠠ ᠶᠢᠨ ᠠᠬᠢᠴᠠ᠂ ᠣᠷᠣᠰᠢᠵᠤ ᠪᠠᠶᠢᠭ᠎ᠠ ᠠᠰᠠᠭᠤᠳᠠᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠡᠯ᠎ᠡ ᠳᠥᠷᠥᠯ ᠵᠥᠢᠯ ᠤᠨ ᠪᠥᠲᠥᠭᠡᠨ ᠪᠠᠶᠢᠭᠤᠯᠤᠯᠲᠠ ᠳᠤ ᠪᠣᠳᠠᠲᠠᠶ ᠱᠠᠭᠠᠷᠳᠠᠯᠭ᠎ᠠ ᠳᠤᠷᠠᠳᠪᠠ᠃      ᠵᠢᠶᠠ ᠪᠦᠦ ᠯᠢᠶᠠᠩ ᠵᠢᠭᠠᠨ ᠭᠠᠷᠭᠠᠭᠰᠠᠨ ᠨᠢ᠂ ᠮᠠᠨᠳᠤᠯ ᠪᠣᠭᠤᠮᠲᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠪᠣᠯ ᠮᠠᠨ ᠤ ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠲᠡ ᠶᠢ ᠪᠦᠳᠦᠭᠡᠨ ᠪᠠᠶᠢᠭᠤᠯᠬᠤ ᠡᠭᠦᠷᠭᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠦᠴᠦᠲᠡᠢ ᠭᠠᠷᠳᠠᠴᠠ ᠮᠥᠨ᠂ ᠡᠷᠬᠡᠪᠰᠢ ᠡᠭᠦᠷᠭᠡᠯᠡᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠮᠥᠨ᠂ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠬᠠᠮᠵᠢᠯᠴᠠᠭ᠎ᠠ ᠪᠠᠨ ᠰᠠᠶᠢᠵᠢᠷᠠᠭᠤᠯᠤᠨ᠂ ᠬᠠᠷᠢᠭᠤᠴᠠᠯᠭ᠎ᠠ ᠪᠠᠨ ᠪᠤᠳᠠᠳᠠᠶᠢᠵᠠᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠪᠣᠭᠤᠮᠲᠠ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ᠃      ᠵᠢᠶᠠ ᠪᠦᠦ ᠯᠢᠶᠠᠩ ᠴᠢᠬᠤᠯᠠᠴᠢᠯᠠᠭᠰᠠᠨ ᠨᠢ᠂ ᠪᠣᠭᠤᠮᠲᠠ ᠶᠢᠨ ᠪᠦᠳᠦᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠠᠵᠤ ᠠᠬᠤᠢ ᠶᠢᠨ ᠳᠠᠩᠰᠠ ᠪᠣᠯᠤᠨ ᠠᠮᠢ ᠠᠬᠤᠢ ᠶᠢᠨ ᠲᠠᠩᠰᠠ ᠶᠢ ᠰᠠᠶᠢᠲᠤᠷ ᠪᠤᠳᠤᠵᠤ᠂ ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠨ ᠠᠰᠢᠭᠯᠠᠵᠤ᠂ ᠪᠣᠭᠤᠮᠲᠠ ᠶᠢᠨ ᠨᠣᠭᠤᠭᠠᠷᠠᠭᠤᠯᠤᠯᠲᠠ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡ᠂ ᠵᠠᠮ ᠨᠡᠪᠳᠡᠷᠡᠯᠭᠡ ᠶᠢᠨ ᠪᠦᠳᠦᠭᠡᠨ ᠪᠠᠶᠢᠭᠤᠯᠤᠯᠲᠠ ᠵᠡᠷᠭᠡ ᠶᠢ ᠵᠣᠬᠢᠰᠲᠠᠢ ᠲᠥᠯᠥᠪᠵᠢᠭᠦᠯᠵᠦ᠂ ᠬᠠᠮᠤᠭ ᠤᠨ ᠶᠡᠭᠡ ᠦᠷ᠎ᠡ ᠠᠰᠢᠭ ᠤᠯᠬᠤ ᠬᠡᠷᠡᠭᠲᠡᠢ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠥᠯᠥᠪᠵᠢᠭᠦᠯᠭᠡ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠠᠷᠢᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠬᠢᠵᠠᠭᠠᠷᠯᠠᠵᠤ ᠪᠠᠶᠢᠭ᠎ᠠ ᠬᠦᠴᠢᠷ ᠠᠰᠠᠭᠤᠳᠠᠯ ᠢ ᠴᠢᠳᠠᠯ ᠤᠨ ᠬᠢᠷᠢ ᠪᠠᠷ ᠢᠶᠠᠨ ᠰᠢᠢᠳᠪᠦᠷᠢᠯᠡᠵᠦ᠂ ᠠᠮᠤᠷ ᠲᠦᠪᠰᠢᠨ ᠪᠠ ᠶᠠᠰᠤ ᠴᠢᠨᠠᠷ ᠢ ᠪᠠᠲᠤᠯᠠᠭᠰᠠᠨ ᠰᠠᠭᠤᠷᠢᠨ ᠳᠡᠭᠡᠷ᠎ᠡ᠂ ᠪᠠᠷᠢᠯᠭ᠎ᠠ ᠶᠢᠨ ᠬᠤᠭᠤᠴᠠᠭ᠎ᠠ ᠶᠢ ᠠᠮᠵᠢᠨ ᠠᠳᠬᠤᠵᠤ᠂ ᠲᠦᠷᠭᠡᠨ ᠪᠦᠳᠦᠭᠡᠨ ᠪᠠᠶᠢᠭᠤᠯᠵᠤ᠂ ᠡᠷᠲᠡᠬᠡᠨ ᠠᠰᠢᠭᠯᠠᠯᠲᠠ ᠳᠤ ᠣᠷᠣᠭᠤᠯᠵᠤ᠂ ᠡᠷᠲᠡᠬᠡᠨ ᠦᠷ᠎ᠡ ᠪᠦᠲᠦᠮᠵᠢ ᠭᠠᠷᠭᠠᠵᠤ᠂ ᠡᠷᠲᠡᠬᠡᠨ ᠰᠢᠨ᠎ᠡ ᠨᠡᠮᠡᠭᠳᠡᠯ ᠤᠨ ᠴᠡᠭ ᠢ ᠪᠦᠷᠢᠯᠳᠦᠭᠦᠯᠬᠦ ᠬᠡᠷᠡᠭᠲᠡᠢ᠃ ᠠᠵᠤ ᠠᠬᠤᠢ ᠶᠢᠨ ᠦᠷ᠎ᠡ ᠠᠰᠢᠭ ᠢ ᠴᠢᠩᠭ᠎ᠠ ᠠᠩᠬᠠᠷᠴᠤ᠂ ᠥᠷᠭᠡᠨ ᠬᠡᠷᠡᠭᠴᠡᠭᠡᠨ ᠤ ᠲᠠᠸᠠᠷ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠳᠤᠬᠢᠷᠠᠭᠤᠯᠤᠯᠳᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠬᠢᠯᠢ ᠶᠢᠨ ᠭᠠᠳᠠᠨᠠᠬᠢ ᠪᠠᠷᠠᠭᠠᠨ ᠤ ᠢᠷᠡᠯᠳᠡ ᠶᠢ ᠥᠷᠭᠡᠳᠬᠡᠵᠦ᠂ ᠪᠣᠭᠤᠮᠲᠠ ᠪᠠᠷ ᠥᠩᠭᠡᠷᠡᠬᠦ ᠪᠠᠷᠠᠭᠠᠨ ᠤ ᠦᠷ᠎ᠡ ᠪᠦᠲᠦᠮᠵᠢ ᠶᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠮᠠᠨᠳᠤᠯ ᠪᠣᠭᠤᠮᠲᠠ ᠶᠢᠨ ᠪᠠᠷᠠᠭ᠎ᠠ ᠥᠩᠭᠡᠷᠡᠬᠦ ᠬᠡᠮᠵᠢᠶ᠎ᠡ ᠶᠢ ᠲᠣᠭᠲᠠᠭᠤᠨ ᠢᠶᠠᠷ ᠨᠡᠮᠡᠭᠳᠡᠭᠦ ᠶᠢ ᠪᠠᠲᠤᠯᠠᠬᠤ ᠬᠡᠷᠡᠭᠲᠡᠢ᠃ ᠠᠶᠤᠯ ᠲᠦᠭᠰᠢᠭᠦᠷᠢ ᠭᠡᠮ ᠰᠣᠭᠤᠭ ᠢ ᠰᠡᠷᠭᠡᠶᠢᠯᠡᠵᠦ᠂ ᠲᠡᠦᠬᠡᠨ ᠠᠴᠠ ᠦᠯᠡᠳᠡᠭᠳᠡᠵᠦ ᠢᠷᠡᠭᠰᠡᠨ ᠵᠥᠪᠯᠡᠯᠴᠡᠭᠡᠷ᠂ ᠥᠷᠢ ᠥᠭᠴᠡᠭᠡᠨ ᠤ ᠠᠰᠠᠭᠤᠳᠠᠯ ᠢ ᠰᠠᠶᠢᠲᠤᠷ ᠡᠮᠬᠢᠯᠡᠨ᠂ ᠭᠠᠵᠠᠷ ᠰᠢᠷᠣᠢ ᠲᠠᠲᠠᠪᠤᠷᠢᠯᠠᠬᠤ ᠨᠥᠬᠦᠪᠥᠷᠢ ᠪᠣᠯᠤᠨ ᠭᠠᠵᠠᠷ ᠢᠶᠠᠨ ᠲᠠᠲᠠᠪᠤᠷᠢᠯᠠᠭᠤᠯᠤᠭᠰᠠᠨ ᠮᠠᠯᠴᠢᠳ ᠤᠨ ᠠᠮᠢᠳᠤᠷᠠᠯ ᠪᠣᠯᠤᠨ ᠠᠵᠢᠯ ᠣᠯᠭᠤᠯᠲᠠ ᠶᠢ ᠪᠣᠳᠠᠲᠠᠢ ᠠᠳᠬᠤᠵᠤ᠂ ᠮᠠᠯᠴᠢᠨ ᠲᠦᠮᠡᠨ ᠤ ᠠᠰᠢᠭ ᠲᠤᠰᠠ ᠶᠢ ᠦᠨᠡᠨᠬᠦ ᠪᠠᠲᠤᠯᠠᠬᠤ ᠬᠡᠷᠡᠭᠲᠡᠢ᠃ ᠵᠠᠬ᠎ᠠ ᠳᠡᠯᠭᠡᠭᠦᠷᠴᠢᠯᠡᠭᠰᠡᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠶᠢ ᠰᠠᠶᠢᠲᠤᠷ ᠬᠢᠵᠦ᠂ ᠵᠠᠬ᠎ᠠ ᠳᠡᠯᠭᠡᠭᠦᠷ ᠤᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠲᠣᠭᠲᠠᠭᠠᠵᠤ᠂ ᠦᠢᠯᠡᠴᠢᠯᠡᠭᠡᠨ ᠤ ᠴᠢᠳᠠᠮᠵᠢ ᠶᠢ ᠴᠢᠩᠭᠠᠷᠠᠭᠤᠯᠤᠨ᠂ ᠤᠯᠤᠰ ᠤᠨ ᠲᠥᠷᠥ ᠶᠢᠨ ᠪᠣᠳᠣᠯᠭ᠎ᠠ ᠶᠢ ᠴᠢᠩᠭ᠎ᠠ ᠳᠠᠭᠠᠵᠤ ᠲᠥᠷᠥᠯ ᠵᠦᠢᠯ ᠤᠨ ᠡᠵᠡᠩᠨᠡᠯᠲᠡ ᠶᠢᠨ ᠴᠢᠭᠯᠡᠯ ᠳᠤ ᠴᠠᠭ ᠲᠤᠬᠠᠢ ᠳᠤᠨᠢ ᠲᠣᠬᠢᠷᠠᠭᠤᠯᠤᠯᠲᠠ ᠬᠢᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ︽ᠠᠮᠠ ᠬᠡᠪᠡᠯᠢ ᠬᠤᠯᠪᠣᠭᠠᠯᠠᠨ ᠬᠥᠳᠡᠯᠦᠯᠴᠡᠬᠦ︾ ᠬᠥᠭᠵᠢᠯᠲᠡ ᠶᠢ ᠲᠦᠷᠭᠡᠳᠬᠡᠵᠦ᠂ ᠡᠯ᠎ᠡ ᠲᠥᠷᠥᠯ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠠᠰᠢᠭᠯᠠᠵᠤ᠂ ᠮᠠᠰᠢᠨ ᠲᠡᠷᠭᠡᠨ ᠤ ᠠᠷᠠᠯᠵᠢᠶᠠᠨ ᠤ ᠬᠤᠲᠠ᠂ ᠠᠷᠠᠯᠵᠢᠶ᠎ᠠ ᠬᠤᠳᠠᠯᠳᠤᠭᠠᠨ ᠤ ᠬᠤᠲᠠ ᠶᠢᠨ ᠲᠥᠷᠥᠯ ᠵᠦᠢᠯ ᠤᠨ ᠴᠢᠳᠠᠮᠵᠢ ᠶᠢ ᠵᠦᠶ ᠵᠣᠬᠢᠰᠲᠠᠶ ᠪᠠᠶᠢᠷᠢᠰᠢᠭᠤᠯᠤᠨ᠂ ᠮᠠᠨᠳᠤᠯ ᠪᠠᠯᠭᠠᠰᠤᠨ ᠤ ᠰᠠᠭᠤᠷᠢ ᠪᠡᠯᠡᠳᠬᠡᠮᠵᠢ ᠵᠢᠴᠢ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠪᠠᠯᠭᠠᠰᠤᠨ ᠤ ᠲᠣᠭᠤᠷᠢᠭ ᠤᠨ ᠦᠢᠯᠡᠴᠢᠯᠡᠭᠡ ᠬᠢᠭᠡᠳ ᠪᠣᠭᠤᠮᠲᠠ ᠶᠢᠨ ᠭᠠᠳᠠᠭᠠᠳᠤ ᠠᠷᠠᠯᠵᠢᠶᠠᠨ ᠤ ᠰᠠᠶᠢᠨ ᠦᠢᠯᠡᠳᠦᠯᠴᠡᠯ ᠢ ᠪᠣᠶ ᠪᠣᠯᠭᠠᠬᠤ ᠶᠢ ᠠᠬᠢᠭᠤᠯᠵᠤ᠂ ᠬᠢᠯᠢ ᠶᠢᠨ ᠬᠤᠲᠠ ᠪᠠᠯᠭᠠᠰᠤᠨ ᠤ ᠠᠵᠤ ᠦᠢᠯᠡᠰ ᠤᠨ ᠪᠥᠭᠡᠮᠨᠡᠷᠡᠨ ᠬᠥᠭᠵᠢᠬᠦ ᠶᠢ ᠠᠬᠢᠭᠤᠯᠬᠤ ᠬᠡᠷᠡᠭᠲᠡᠶ᠃      ᠬᠤᠰᠢᠭᠤᠨ ᠤ ᠤᠳᠤᠷᠢᠳᠤᠯᠭ᠎ᠠ ᠳ᠋ᠦᠩ ᠺᠠᠶ᠂ ᠮᠥᠩᠬᠡᠪᠠᠭᠠᠲᠤᠷ᠂ ᠶᠠᠨ ᠴᠦᠨ ᠯᠸᠢ᠂ ᠳ᠋ᠠᠩ ᠰᠢᠶᠤᠤ ᠬᠤᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号