ᠨᠠᠮ ᠤᠨ ᠡᠭᠦᠷ ᠤᠨ ᠬᠢᠨ ᠣᠯᠠᠨ ᠪᠠᠷ ᠢᠶᠠᠨ ᠳᠡᠷᠢᠵᠤ ᠬᠠᠮᠳᠤ ᠪᠠᠷ ᠪᠠᠶᠠᠵᠢᠬᠤ ᠶᠢ ᠳᠠᠶᠢᠴᠢᠯᠠᠨ ᠳᠠᠭᠠᠭᠤᠯᠵᠤ᠂ ᠬᠠᠮᠳᠣ ᠨᠢᠭᠡᠴᠡ ᠪᠠ ᠬᠤᠪᠢ ᠬᠥᠮᠥᠨ ᠪᠥᠷ ᠠᠰᠢᠭ ᠬᠥᠷᠳᠡᠪᠡ
ᠨᠡᠶᠢᠲᠡᠯᠡᠭᠰᠡᠨ ᠴᠠᠭ᠄
2024/7/2
      ᠶᠡᠭᠡ ᠪᠣᠷᠣᠭᠠᠨ ᠤ ᠳᠠᠷᠠᠭ᠎ᠠ᠂ ᠦᠬᠡᠷᠬᠤᠳᠳᠤᠭ ᠪᠠᠯᠭᠠᠰᠤᠨ ᠤ ᠶᠡᠭᠡ ᠮᠠᠭᠤᠬᠤᠳᠤᠳᠭ ᠲᠣᠰᠬᠤᠨ ᠤ ᠠᠷᠠᠳ ᠲᠠᠷᠢᠶᠠᠯᠠᠭ᠎ᠠ ᠶᠢᠨ ᠴᠠᠭ ᠢ ᠵᠠᠪᠳᠤᠨ᠂ ᠰᠠᠭᠠᠭ ᠳᠠᠷᠢᠬᠤ ᠠᠵᠢᠯ ᠢ ᠪᠠᠴᠢᠮ ᠥᠷᠨᠢᠭᠦᠯᠵᠦ᠂ ᠳᠠᠷᠢᠶᠠᠨ ᠳᠣᠮᠳᠡ ᠰᠦᠯᠵᠢᠯᠳᠦᠨ ᠶᠠᠭᠠᠷᠠᠯᠳᠣᠵᠤ ᠪᠠᠶᠢᠭ᠎ᠠ ᠲᠠᠷᠢᠶᠠᠯᠠᠩ ᠤᠨ ᠮᠠᠰᠢᠨ ᠳᠡᠭᠡᠷ᠎ᠡ ᠪᠠᠨ ︽ᠨᠠᠮ ᠤᠨ ᠡᠭᠦᠷ ᠤᠨ ᠳᠠᠭᠠᠭᠤᠯᠤᠨ ᠳᠠᠶᠢᠴᠢᠯᠠᠭᠰᠠᠨ ᠬᠤᠷᠰᠢᠶᠠᠵᠢᠯ︾ ᠭᠡᠭᠦ ᠤᠯᠠᠭᠠᠨ ᠲᠤᠭ ᠬᠠᠳᠬᠤᠵᠤ᠂ ᠲᠠᠷᠢᠶᠠᠨ ᠳᠤᠮᠳᠠ ᠮᠠᠰᠢ ᠶᠠᠭᠠᠷᠠᠯᠲᠠᠶ ᠪᠠᠶᠢᠯ᠎ᠠ       ︽ᠥᠩᠭᠡᠷᠡᠭᠰᠡᠨ ᠵᠢᠯ ᠳᠤ ᠥᠪᠡᠷ ᠤᠨ ᠲᠠᠷᠢᠶ᠎ᠠ ᠪᠠᠨ ᠥᠪᠡᠷ ᠢᠶᠠᠨ ᠲᠠᠷᠢᠵᠤ ᠪᠠᠶᠢᠯ᠎ᠠ᠂ ᠡᠨᠡ ᠵᠢᠯ ᠨᠠᠮ ᠤᠨ ᠡᠭᠦᠷ ᠠᠴᠠ ᠳᠠᠶᠢᠴᠢᠯᠠᠨ ᠬᠤᠷᠰᠢᠶᠠᠵᠢᠯ ᠭᠠᠷᠭᠠᠨ ᠣᠯᠠᠨ ᠢᠶᠠᠷ ᠢᠶᠠᠨ ᠬᠤᠪᠢ ᠣᠷᠣᠵᠤ ᠰᠠᠭᠠᠭ ᠲᠠᠷᠢᠬᠤ ᠶᠢ ᠤᠷᠢᠶᠠᠯᠠᠪᠠ᠃ ᠳᠣᠰᠬᠤᠨ ᠪᠠᠷ ᠢᠶᠠᠨ ᠨᠢᠭᠡᠳᠦᠯᠲᠡᠢ ᠲᠠᠷᠢᠵᠤ᠂ ᠨᠢᠭᠡᠳᠦᠯᠲᠡᠢ ᠬᠠᠮᠢᠶᠠᠷᠴᠤ᠂ ᠨᠢᠭᠡᠳᠦᠯᠲᠡᠢ  ᠪᠤᠷᠤᠯᠠᠭᠤᠯᠬᠤ ᠪᠠᠷ ᠲᠠᠮᠵᠢᠨ ᠲᠠᠷᠢᠮᠠᠯ ᠤᠨ ᠠᠶᠤᠯᠭᠦᠢ ᠦᠢᠯᠡᠳᠪᠥᠷᠢᠯᠡᠯ ᠢ ᠴᠢᠩᠭᠠᠳᠬᠠᠭᠰᠠᠨ ᠪᠠᠷ ᠪᠠᠷᠠᠬᠤ ᠦᠭᠡᠢ ᠪᠠᠰᠠ ᠲᠠᠷᠢᠶᠠᠴᠢᠨ ᠤ ᠥᠪᠡᠷ ᠤᠨ ᠥᠷᠲᠡᠭ ᠢ ᠪᠠᠭᠤᠷᠠᠭᠤᠯᠤᠨ ᠣᠷᠣᠯᠭ᠎ᠠ ᠪᠠᠨ ᠨᠡᠮᠡᠭᠳᠡᠭᠦᠯᠥᠭᠰᠡᠨ ᠪᠠᠶᠢᠨ᠎ᠠ︾ ᠬᠤᠪᠢ ᠤᠷᠤᠭᠰᠠᠨ ᠲᠠᠷᠢᠶᠠᠴᠢᠨ ᠡᠷᠦᠬᠡ ᠨᠠᠮ ᠤᠨ ᠡᠭᠦᠷ ᠤᠨ ᠬᠤᠷᠰᠢᠶ᠎ᠠ ᠶᠢ ᠳᠠᠭᠠᠭᠤᠯᠤᠨ ᠡᠷᠬᠢᠯᠡᠭᠰᠡᠨ ᠬᠤᠷᠰᠢᠶᠠᠵᠢᠯ ᠤᠨ ᠰᠠᠶᠢᠨ ᠲᠠᠯ᠎ᠠ ᠶᠢ ᠪᠠᠶᠠᠷᠲᠠᠢ ᠪᠠᠷ ᠶᠠᠷᠢᠯᠴᠠᠵᠤ ᠪᠠᠶᠢᠯ᠎ᠠ᠃      ᠶᠡᠭᠡ ᠮᠠᠭᠤᠬᠤᠳᠤᠳᠭ ᠳᠣᠰᠬᠤᠨ ᠤ ᠨᠠᠮ ᠤᠨ ᠡᠭᠦᠷ ᠬᠡᠰᠡᠭ ᠪᠤᠰᠠᠭ ᠭᠠᠵᠠᠷ ᠰᠢᠷᠣᠶ ᠤᠨ ᠳᠥᠪᠯᠡᠷᠡᠩᠭᠦᠢ ᠪᠤᠰᠤ ᠪᠠᠶᠢᠳᠠᠯ ᠂ ᠬᠥᠳᠡᠯᠮᠦᠷᠢ ᠬᠦᠴᠦ ᠬᠦᠷᠦᠯᠴᠡᠬᠦ ᠥᠬᠡᠶ ᠵᠡᠷᠭᠡ ᠠᠰᠠᠭᠤᠳᠠᠯ ᠳᠤ ᠴᠢᠭᠯᠡᠭᠦᠯᠥᠨ᠂ ᠳᠣᠰᠬᠤᠨ ᠤ ᠨᠠᠮ ᠤᠨ ᠡᠭᠦᠷ ᠤᠨ ᠳᠠᠶᠢᠴᠢᠯᠠᠨ ᠡᠷᠭᠢᠯᠡᠭᠰᠡᠨ ᠬᠤᠷᠢᠰᠢᠶᠠᠵᠢᠯ ᠢ ᠪᠠᠶᠢᠭᠤᠯᠵᠤ᠂ ᠨᠢᠭᠡᠳᠦᠯᠲᠡᠢ ᠲᠠᠷᠢᠵᠤ ᠬᠠᠮᠳᠣ ᠪᠠᠷ ᠪᠠᠶᠠᠵᠢᠬᠤ ᠵᠠᠭᠪᠤᠷ ᠢᠶᠠᠷ ᠳᠠᠮᠵᠢᠭᠤᠯᠤᠨ 500 ᠮᠥ ᠬᠠᠭᠤᠷᠠᠶ ᠭᠠᠵᠠᠷ ᠲᠤ ᠰᠠᠭᠠᠭ ᠳᠠᠷᠢᠵᠤ᠂ 22 ᠡᠷᠦᠬᠡ ᠬᠤᠪᠢ ᠣᠷᠣᠭᠤᠯᠤᠨ᠂ ᠵᠢᠱᠢᠯᠲᠡ ᠪᠠᠷ ᠮᠥ ᠪᠦᠷᠢ ᠶᠢᠨ ᠣᠷᠣᠯᠭ᠎ᠠ 200 ᠭᠠᠷᠤᠶ ᠲᠥᠭᠦᠷᠢᠭ ᠨᠡᠮᠡᠭᠳᠡᠬᠦ ᠪᠣᠯᠤᠨ᠎ᠠ᠃ ︽ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠢᠯᠣᠭᠤᠳᠣᠯᠭ᠎ᠠ ᠳᠣᠤᠷ᠎ᠠ᠂ ᠪᠢᠳᠡ ᠨᠢᠭᠡᠳᠦᠯᠲᠡᠶ ᠳᠠᠷᠢᠵᠤ ᠬᠠᠮᠲᠤ ᠪᠠᠷ ᠪᠠᠶᠠᠵᠢᠬᠤ ᠪᠠᠷ ᠳᠠᠮᠵᠢᠭᠤᠯᠤᠨ ᠬᠡᠰᠡᠭ ᠪᠤᠰᠠᠭ ᠲᠠᠷᠢᠶ᠎ᠠ ᠶᠢ ᠨᠢᠭᠡᠳᠥᠮᠡᠯ ᠲᠠᠷᠢᠶ᠎ᠠ ᠪᠣᠯᠭᠠᠵᠤ᠂ ᠮᠧᠬᠠᠨᠢᠭᠵᠢᠭᠰᠠᠨ ᠰᠢᠨᠵᠢᠯᠡᠬᠦ ᠤᠬᠠᠭᠠᠨᠴᠢ ᠪᠠᠷ ᠲᠠᠷᠢᠶᠠᠯᠠᠬᠤ ᠳᠤ ᠠᠰᠢᠭᠲᠠᠶ᠂ ᠵᠢᠵᠢᠭ ᠲᠠᠷᠢᠶᠠᠴᠢᠨ ᠤ ᠠᠵᠤ ᠠᠬᠤᠶ ᠨᠢ ᠲᠣᠮᠣ ᠵᠠᠬ᠎ᠠ ᠳᠡᠯᠭᠡᠭᠦᠷ ᠲᠠᠢ ᠵᠣᠯᠭᠠᠭᠤᠯᠬᠤ ᠳᠤ ᠬᠦᠴᠢᠷᠲᠡᠶ ᠪᠠᠶᠢᠬᠤ ᠵᠡᠷᠭᠡ ᠠᠰᠠᠭᠤᠳᠠᠯ ᠢ ᠰᠢᠶ᠋ᠳᠪᠦᠷᠢᠯᠡᠵᠦ᠂ ︿  ᠰᠣᠯᠠ ᠲᠠᠯᠪᠢᠭᠳᠠᠵᠤ ᠪᠠᠶᠢᠭ᠎ᠠ ᠲᠠᠷᠢᠶᠠᠨ ᠭᠠᠵᠠᠷ﹀ ᠶᠢ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠪᠠ᠃︾  ᠭᠡᠵᠥ ᠶᠡᠭᠡ ᠮᠠᠭᠤᠬᠤᠳᠤᠳᠭ ᠲᠤᠰᠬᠤᠨ ᠤ ᠨᠠᠮ ᠤᠨ ᠡᠭᠦᠷ ᠤᠨ ᠱᠦ᠋ᠵᠢ ᠾᠧᠦ ᠵᠢᠶᠦ᠋ᠨ ᠫᠢᠩ  ᠶᠠᠷᠢᠪᠠ᠃      ᠳᠠᠷᠠᠭᠠᠴᠢ ᠶᠢᠨ ᠠᠯᠬᠤᠮ ᠳᠤ᠂ ᠦᠬᠡᠷᠬᠤᠳᠳᠤᠭ ᠪᠠᠯᠭᠠᠰᠤ ᠨᠢ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠡᠭᠦᠷ ᠤᠨ ᠳᠠᠶᠢᠴᠢᠯᠠᠨ ᠡᠷᠭᠢᠯᠡᠭᠰᠡᠨ ᠬᠤᠷᠢᠰᠢᠶᠠᠵᠢᠯ ᠢ ᠡᠷᠲᠡᠬᠡᠨ ︽ᠴᠡᠴᠡᠭᠯᠡᠨ ᠵᠢᠮᠢᠰᠯᠡᠭᠦᠯᠬᠦ︾ ᠶᠢ ᠠᠬᠢᠭᠤᠯᠵᠤ᠂ ︽ᠨᠠᠮ ᠤᠨ ᠡᠭᠦᠷ ᠵᠢᠳᠬᠦᠯ ᠴᠢᠷᠮᠠᠶᠢᠯᠭ᠎ᠠ ᠲᠠᠢ᠂ ᠨᠠᠮ ᠤᠨ ᠭᠡᠰᠢᠭᠦᠨ ᠦᠢᠯᠡᠳᠦᠯ ᠲᠠᠢ᠂ ᠬᠠᠮᠲᠤ ᠶᠢᠨ ᠣᠷᠣᠯᠭ᠎ᠠ  ᠨᠡᠮᠡᠭᠳᠡᠯ ᠲᠠᠢ᠂ ᠤᠯᠠᠨ ᠲᠦᠮᠡᠨ ᠳᠤ  ᠬᠥᠷᠳᠡᠭᠡᠯ ᠲᠠᠢ︾ ᠠᠷᠠᠳ ᠢ ᠪᠠᠶᠠᠵᠢᠭᠤᠯᠤᠨ ᠪᠠᠯᠭᠠᠰᠤ ᠶᠢ ᠬᠦᠴᠦᠷᠬᠡᠭᠵᠢᠭᠦᠯᠬᠦ ᠬᠠᠷᠠᠯᠲᠠ ᠶᠢ ᠪᠡᠶᠡᠯᠡᠭᠦᠯᠦᠨ᠎ᠡ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号