ᠵᠢᠶᠠ ᠪᠦᠦ ᠯᠢᠶᠠᠩ ᠨᠤᠲᠤᠭ ᠪᠡᠯᠴᠢᠭᠡᠷ ᠬᠡᠳᠥ ᠪᠡᠯᠴᠢᠭᠡᠷᠯᠡᠭᠦᠯᠬᠦ ᠠᠰᠠᠭᠤᠳᠠᠯ ᠢ ᠰᠢᠢᠳᠪᠦᠷᠢᠯᠡᠬᠦ ᠠᠵᠢᠯ ᠤᠨ ᠲᠤᠰᠬᠠᠶ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/2
      7 ᠰᠠᠷ᠎ᠠ ᠶᠢᠨ 1 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠨᠤᠲᠤᠭ ᠪᠡᠯᠴᠢᠭᠡᠷ ᠤᠨ ᠬᠡᠳᠥ ᠪᠡᠯᠴᠢᠭᠡᠷᠯᠡᠭᠦᠯᠬᠦ ᠠᠰᠠᠭᠤᠳᠠᠯ ᠢ ᠰᠢᠢᠳᠪᠦᠷᠢᠯᠡᠬᠦ ᠠᠵᠢᠯ ᠤᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠨᠤᠲᠤᠭ ᠪᠡᠯᠴᠢᠭᠡᠷ ᠤᠨ ᠬᠡᠳᠥ ᠪᠡᠯᠴᠢᠭᠡᠷᠯᠡᠭᠦᠯᠬᠦ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠳᠤ ᠣᠷᠣᠯᠴᠠᠭᠰᠠᠨ ᠬᠤᠰᠢᠭᠤᠨ ᠤ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ  ᠬᠠᠷᠢᠭᠤᠴᠠᠯᠭᠠᠳᠠᠳ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ᠂ ᠡᠪᠡᠰᠦ ᠪᠣᠷᠳᠤᠭ᠎ᠠ ᠬᠠᠩᠭᠠᠬᠤ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠬᠤ᠂  ᠳᠥᠷᠢᠮᠵᠢᠭᠦᠨ ᠥᠨᠳᠥᠷ ᠪᠦᠲᠦᠮᠵᠢᠲᠡᠶ ᠪᠠᠷ ᠬᠠᠤᠯᠢ ᠬᠡᠷᠡᠭᠵᠢᠭᠦᠯᠬᠦ ᠵᠡᠷᠭᠡ ᠠᠰᠠᠭᠤᠳᠠᠯ ᠤᠨ ᠲᠣᠭᠤᠷᠢᠨ ᠳᠤ ᠶᠠᠷᠢᠶ᠎ᠠ ᠲᠠᠯᠪᠢᠵᠤ᠂ ᠪᠣᠳᠠᠲᠠᠶ ᠰᠠᠨᠠᠯ ᠰᠠᠨᠠᠭᠤᠯᠭ᠎ᠠ ᠳᠤᠷᠠᠳᠪᠠ᠃      ᠵᠢᠶᠠ ᠪᠦᠦ ᠯᠢᠶᠠᠩ ᠵᠢᠭᠠᠵᠤ ᠭᠠᠷᠭᠠᠭᠰᠠᠨ ᠨᠢ᠂ ᠨᠤᠲᠤᠭ ᠪᠡᠯᠴᠢᠭᠡᠷ ᠤᠨ ᠬᠡᠳᠥ ᠪᠡᠯᠴᠢᠭᠡᠷᠯᠡᠭᠦᠯᠬᠦ ᠠᠰᠠᠭᠤᠳᠠᠯ  ᠢ ᠰᠢᠢᠳᠪᠦᠷᠢᠯᠠᠬᠦ ᠪᠤᠯ ᠨᠢᠭᠡᠨ ᠣᠷᠳᠣ ᠬᠤᠭᠤᠴᠠᠭᠠᠨ ᠤ ᠪᠥᠭᠡᠳ ᠳᠣᠯᠭᠠᠮ᠎ᠠ ᠠᠰᠠᠭᠤᠳᠠᠯ ᠪᠤᠯᠤᠨ᠎ᠠ᠂ ᠲᠠᠷᠡ ᠨᠢ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ᠂ ᠮᠠᠯ ᠠᠵᠤ ᠠᠬᠤᠶ ᠶᠢᠨ ᠦᠷᠭᠦᠯᠵᠢᠯᠡᠨ ᠬᠥᠭᠵᠢᠬᠦ ᠪᠠ ᠮᠠᠯᠴᠢᠳ ᠤᠨ ᠠᠮᠢᠳᠤᠷᠠᠯ ᠤᠨ ᠬᠢᠷᠢ ᠲᠦᠪᠰᠢᠨ ᠤ ᠳᠡᠭᠡᠭᠰᠢᠯᠡᠯᠲᠡ ᠲᠠᠢ ᠬᠤᠯᠪᠣᠭᠳᠠᠵᠤ ᠪᠠᠶᠢᠳᠠᠭ᠃ ᠵᠢᠶᠠ ᠪᠣᠣ ᠯᠢᠶᠠᠩ ᠤᠬᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠮᠠᠯᠴᠢᠨ ᠲᠠᠷᠢᠶᠠᠴᠢᠨ ᠲᠦᠮᠡᠨ ᠤ ᠨᠤᠲᠤᠭ ᠪᠡᠯᠴᠢᠭᠡᠷ ᠤᠨ ᠮᠠᠯ ᠠᠵᠤ ᠠᠬᠤᠶ ᠲᠠᠷᠢᠶᠠᠯᠠᠩ ᠤᠨ ᠠᠰᠠᠭᠤᠳᠠᠯ ᠢ ᠰᠢᠢᠳᠪᠦᠷᠢᠯᠡᠬᠦ ᠠᠵᠢᠯ ᠤᠨ ᠴᠢᠬᠤᠯᠠ ᠴᠢᠨᠠᠷ ᠤᠨ ᠲᠤᠬᠠᠶ  ᠲᠠᠨᠢᠯᠲᠠ ᠶᠢ ᠴᠢᠩᠭᠠᠳᠬᠠᠵᠤ᠂ ᠰᠢᠰᠲ᠋ᠧᠮ ᠲᠠᠢ ᠪᠠᠷ ᠤᠬᠠᠭᠤᠯᠤᠨ ᠬᠥᠲᠥᠯᠦᠨ ᠵᠢᠯᠣᠭᠤᠳᠴᠤ᠂ ᠣᠯᠠᠨ ᠲᠦᠮᠡᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠳᠠᠶᠢᠴᠢᠯᠠᠵᠤ᠂ ᠰᠡᠳᠬᠢᠯ ᠨᠢᠭᠡᠳᠦᠨ ᠬᠠᠮᠲᠤ ᠪᠠᠷ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤ ᠪᠠᠷ ᠪᠣᠶ ᠪᠣᠯᠭᠠᠬᠤ ᠬᠡᠷᠡᠭᠲᠡᠶ᠂ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠨᠦᠭᠦᠳ ᠰᠠᠬᠢᠯᠭ᠎ᠠ ᠪᠠᠲᠤ ᠬᠠᠤᠯᠢ ᠴᠠᠭᠠᠵᠠ ᠶᠢ ᠴᠢᠩᠭ᠎ᠠ ᠬᠡᠷᠡᠭᠵᠢᠭᠦᠯᠵᠦ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠤᠨ᠂ ᠠᠵᠢᠯ ᠤᠨ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠲᠣᠭᠤᠷᠢᠨ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠰᠡᠷᠡᠮᠵᠢᠯᠡᠭᠦᠯᠬᠦ ᠦᠢᠯᠡᠳᠦᠯ ᠢ ᠪᠠᠳᠠᠷᠠᠭᠤᠯᠤᠨ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠬᠡᠷᠡᠭᠵᠢᠭᠦᠯᠦᠯᠲᠡ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠦᠵᠡᠯ ᠰᠠᠨᠠᠭ᠎ᠠ ᠪᠠᠨ ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ᠳᠠᠷᠤᠢ ᠳᠥᠷᠭᠡᠨ ᠬᠥᠳᠡᠯᠦᠯᠴᠡᠵᠦ᠂ ᠣᠳᠣᠬᠠᠨ ᠤ ᠪᠠᠶᠢᠳᠠᠯ ᠳᠠᠭᠠᠨ ᠰᠠᠭᠤᠷᠢᠯᠠᠨ᠂ ᠠᠯᠤᠰ ᠬᠡᠲᠦ ᠶᠢ ᠪᠣᠳᠣᠯᠬᠢᠯᠠᠨ᠂ ᠠᠵᠤ ᠠᠬᠤᠶ ᠶᠢᠨ ᠲᠠᠩᠰᠠ᠂ ᠠᠮᠢ ᠠᠬᠤᠶ ᠶᠢᠨ ᠲᠠᠩᠰᠠ ᠶᠢ ᠰᠠᠶᠢᠲᠤᠷ ᠪᠤᠳᠤᠵᠤ᠂ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠠᠰᠢᠭᠲᠠᠶ ᠵᠠᠭᠪᠤᠷ ᠪᠠ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠠᠰᠠᠭᠤᠳᠠᠯ ᠢ ᠰᠢᠢᠳᠪᠦᠷᠢᠯᠡᠬᠦ ᠪᠦᠲᠦᠮᠵᠢᠲᠡᠶ ᠠᠷᠭ᠎ᠠ ᠵᠠᠮ ᠢ ᠴᠢᠷᠮᠠᠶᠢᠨ ᠰᠦᠪᠡᠭᠴᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃      ᠵᠢᠶᠠ ᠪᠦᠦ ᠯᠢᠶᠠᠩ ᠴᠢᠬᠤᠯᠠᠴᠢᠯᠠᠭᠰᠠᠨ ᠨᠢ᠂ ᠬᠠᠷᠠᠯᠲᠠ ᠪᠠᠨ ᠴᠢᠩᠭ᠎ᠠ ᠠᠩᠬᠠᠷᠴᠤ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠬᠤ ᠬᠡᠷᠡᠭᠲᠡᠶ᠃ ᠮᠠᠯᠵᠢᠬᠤ ᠡᠷᠦᠬᠡ ᠳᠤ ᠪᠥᠬᠦ ᠲᠠᠯ᠎ᠠ ᠪᠠᠷ ᠭᠦᠨᠵᠡᠭᠡᠶᠢᠷᠡᠨ᠂ ᠪᠥᠬᠦ ᠬᠤᠰᠢᠭᠤᠨ ᠤ ᠮᠠᠯᠴᠢᠳ ᠤᠨ ᠦᠢᠯᠡᠳᠪᠥᠷᠢᠯᠡᠯ ᠠᠮᠢᠳᠤᠷᠠᠯ ᠤᠨ ᠪᠠᠶᠢᠳᠠᠯ ᠤᠨ ᠰᠠᠭᠤᠷᠢ ᠲᠤᠭ᠎ᠠ ᠶᠢ ᠨᠠᠷᠢᠨ ᠲᠣᠳᠣᠷᠬᠠᠶ ᠣᠶᠢᠯᠠᠭᠠᠵᠤ᠂ ᠲᠤᠭ᠎ᠠ ᠪᠦᠷᠢᠳᠬᠡᠯ ᠤᠨ ᠠᠵᠢᠯ ᠢ ᠰᠠᠶᠢᠲᠤᠷ ᠬᠢᠬᠦ ᠬᠡᠷᠡᠭᠲᠡᠶ᠃ ᠲᠥᠷᠥ ᠶᠢᠨ ᠪᠣᠳᠣᠯᠭ᠎ᠠ ᠶᠢ ᠢᠳᠡᠪᠬᠢᠲᠡᠢ ᠰᠤᠳᠤᠯᠵᠤ ᠂ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠬᠤ ᠬᠡᠷᠡᠭᠳᠡᠢ᠃  ᠪᠣᠯᠪᠠᠰᠣᠷᠠᠭᠤᠯᠤᠨ ᠵᠢᠯᠣᠭᠤᠳᠬᠤ ᠠᠵᠢᠯ ᠢ ᠥᠷᠨᠢᠭᠦᠯᠬᠦ ᠪᠠᠷ ᠳᠠᠮᠵᠢᠭᠤᠯᠤᠨ᠂ ᠮᠠᠯᠴᠢᠨ ᠲᠦᠮᠡᠨ ᠤ ᠲᠣᠰ ᠪᠡᠶ᠎ᠡ ᠶᠢᠨ ᠴᠢᠳᠠᠪᠤᠷᠢ ᠶᠢ ᠴᠢᠩᠭᠠᠷᠠᠭᠤᠯᠤᠨ᠎ᠠ᠃ ᠪᠣᠳᠠᠲᠤ ᠦᠷ᠎ᠡ ᠪᠦᠳᠦᠮᠵᠢᠳᠤ ᠴᠢᠨᠠᠷᠲᠠᠶ ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠬᠦ ᠶᠢ ᠴᠢᠬᠤᠯᠠᠴᠢᠯᠠᠵᠤ᠂ ᠬᠡᠳᠥ ᠪᠡᠯᠴᠢᠭᠡᠷᠯᠡᠭᠦᠯᠬᠦ ᠠᠰᠠᠭᠤᠳᠠᠯ ᠢ ᠰᠢᠰᠲ᠋ᠧᠮ ᠲᠠᠢ ᠪᠠᠷ ᠰᠢᠢᠳᠪᠦᠷᠢᠯᠡᠨ᠂ ᠪᠣᠷᠣᠯᠠᠭᠤᠯᠭ᠎ᠠ ᠶᠢᠨ ᠠᠷᠭ᠎ᠠ ᠵᠠᠮ ᠢ ᠤᠯᠠᠮ ᠨᠢᠭᠡ ᠠᠯᠬᠤᠮ ᠨᠡᠪᠲᠡᠷᠡᠭᠦᠯᠵᠦ᠂ ᠰᠤᠯᠠ ᠪᠠᠶᠢᠭ᠎ᠠ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠣᠶᠤᠨᠴᠢ ᠮᠠᠯᠵᠢᠯ ᠤᠨ ᠲᠠᠯᠠᠪᠠᠶ᠂ ᠮᠠᠯ ᠠᠵᠤ ᠠᠬᠤᠶ ᠶᠢᠨ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ᠂ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠵᠡᠷᠭᠡ ᠠᠯᠢ ᠣᠯᠠᠨ ᠳᠡᠯᠭᠡᠷᠡᠭᠦᠯᠵᠦ ᠪᠣᠯᠬᠤ᠂ ᠬᠠᠭᠤᠯᠪᠤᠷᠢᠯᠠᠵᠤ ᠪᠣᠯᠬᠤ ᠠᠮᠵᠢᠯᠲᠠ ᠲᠠᠢ ᠲᠤᠷᠰᠢᠯᠭ᠎ᠠ ᠪᠠ ᠵᠠᠭᠪᠤᠷ ᠢ ᠠᠭᠤᠳᠠᠯᠤᠨ ᠳ᠋ᠦᠩᠨᠡᠬᠦ ᠬᠡᠷᠡᠭᠲᠡᠶ᠃ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠢᠨ ᠠᠵᠤ ᠦᠢᠯᠡᠰᠵᠢᠯᠲᠡ᠂ ᠰᠢᠰᠲ᠋ᠧᠮᠲᠦ ᠴᠢᠨᠠᠷᠲᠠᠢ ᠰᠡᠳᠬᠢᠬᠦᠢ ᠪᠠᠷ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠠᠮᠠᠷᠠᠭᠤᠯᠬᠤ ᠠᠵᠢᠯ ᠤᠨ ᠳᠤᠮᠳᠠᠬᠢ ᠳᠤᠲᠠᠭᠤᠳᠠᠯ ᠪᠠ ᠳᠤᠲᠠᠭᠳᠠᠯ ᠢ ᠪᠠᠶᠢᠴᠠᠭᠠᠨ ᠡᠮᠬᠢᠯᠡᠵᠦ᠂ ᠮᠠᠯᠵᠢᠬᠤ ᠡᠷᠦᠬᠡ ᠶᠢᠨ ᠮᠠᠯ ᠠᠵᠤ ᠠᠬᠤᠢ ᠶᠢᠨ ᠠᠰᠠᠭᠤᠳᠠᠯ ᠢ ᠰᠢᠢᠳᠪᠦᠷᠢᠯᠡᠬᠦ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠬᠥᠳᠡᠯᠦᠩᠭᠦᠢ ᠪᠠᠷ ᠡᠵᠡᠮᠰᠢᠵᠦ᠂ ᠣᠶᠢᠯᠭᠠᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠪᠣᠳᠠᠲᠠᠢ ᠬᠦᠴᠢᠷᠳᠡᠯ ᠢ ᠨᠢ ᠴᠢᠷᠮᠠᠶᠢᠨ ᠰᠢᠢᠳᠪᠦᠷᠢᠯᠡᠬᠦ ᠬᠡᠷᠡᠭᠲᠡᠢ᠃ ᠡᠬᠢ ᠡᠭᠦᠰᠥᠯ ᠢ ᠨᠢ ᠡᠷᠢᠬᠦ ᠰᠢᠰᠲ᠋ᠧᠮ ᠢ ᠪᠠᠶᠢᠭᠤᠯᠵᠤ᠂ ᠲᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠦᠬᠡᠷ ᠬᠤᠨᠢᠨ ᠤ ᠡᠵᠡᠩᠨᠡᠯᠲᠡ ᠪᠣᠷᠣᠯᠠᠭᠤᠯᠤᠯᠲᠠ ᠪᠠ ᠪᠦᠲᠦᠭᠡᠭᠳᠡᠬᠦᠨ ᠤ ᠦᠷᠢᠰᠦᠯᠳᠦᠬᠦ ᠬᠦᠴᠦᠨ ᠢ ᠨᠡᠮᠡᠭᠳᠡᠭᠦᠯᠬᠦ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠡᠭᠦᠷᠭᠡ ᠬᠠᠷᠠᠯᠲᠠ ᠪᠠᠨ ᠳᠣᠳᠣᠷᠠᠭᠤᠯᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠡᠭᠦᠷᠭᠡᠯᠡᠵᠥ᠂ ᠬᠠᠮᠵᠢᠯᠴᠠᠨ ᠰᠢᠢᠳᠪᠦᠷᠢᠯᠡᠵᠥ᠂ ᠪᠦᠬᠦ ᠠᠵᠢᠯᠲᠠᠳ ᠭᠠᠷ  ᠬᠤᠯᠪᠤᠯᠴᠠᠨ᠂ ᠳᠠᠪᠠᠭᠤᠯᠢᠭ ᠢᠶᠠᠨ ᠪᠠᠳᠠᠷᠠᠭᠤᠯᠵᠤ᠂ ︽ᠬᠠᠮᠳᠣᠷᠠᠯᠴᠠᠭ᠎ᠠ︾ ᠪᠠᠨ ᠰᠠᠶᠢᠲᠤᠷ ᠬᠢᠵᠦ᠂ ᠡᠯ᠎ᠡ ᠲᠥᠷᠥᠯ ᠤᠨ ᠡᠬᠢ ᠪᠠᠶᠠᠯᠢᠭ᠂ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠯᠡᠵᠦ᠂ ᠨᠤᠲᠤᠭ ᠪᠡᠯᠴᠢᠭᠡᠷ ᠤᠨ ᠬᠡᠳᠥ ᠪᠡᠯᠴᠢᠭᠡᠷᠯᠡᠭᠦᠯᠬᠦ  ᠠᠰᠠᠭᠤᠳᠠᠯ ᠢ ᠰᠢᠢᠳᠪᠦᠷᠢᠯᠡᠬᠦ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠨᠤᠲᠤᠭ ᠪᠡᠯᠴᠢᠭᠡᠷ ᠢ ᠠᠮᠠᠷᠠᠭᠤᠯᠬᠤ ᠪᠠ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠬᠤ ᠬᠡᠷᠡᠭᠲᠡᠢ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号