ᠲᠠᠷᠬᠠᠨ ᠮᠤᠤᠮᠢᠩᠭᠠᠨ ᠬᠤᠯᠪᠤᠭᠠᠠᠳᠦ ᠬᠤᠰᠢᠭᠤᠨ ᠤ ᠭᠤᠴᠢᠨ ᠲᠦᠷᠪᠡᠳᠦᠭᠡᠷ ᠬᠤᠭᠤᠴᠠᠭᠠᠨ ᠤ ᠨᠠᠭᠠᠳᠤᠮ  ᠤᠨ ᠶᠡᠭᠡ ᠬᠤᠷᠠᠯ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2024/7/20
      7 ᠰᠠᠷ᠎ᠠ ᠶᠢᠨ19 ᠤ ᠦᠳᠡ ᠶᠢᠨ ᠡᠮᠦᠨ᠎ᠡ᠂ ︽ᠲᠠᠯ᠎ᠠ ᠨᠤᠳᠤᠭ ᠤᠨ ᠨᠠᠨᠳᠢᠨ ᠪᠤᠯᠵᠤᠭ᠎ᠠ᠂ ᠲᠠᠩᠰᠤᠭ ᠨᠠᠭᠠᠳᠤᠮ ᠤᠨ ᠪᠠᠶᠠᠷᠳᠦ ᠵᠤᠯᠭᠠᠯᠳᠠ︾ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠭᠤᠴᠢᠨ ᠲᠦᠷᠪᠡᠳᠦᠭᠡᠷ ᠬᠤᠭᠤᠴᠠᠭᠠᠨ ᠤ ᠨᠠᠭᠠᠳᠤᠮ ᠤᠨ ᠶᠡᠭᠡ ᠬᠤᠷᠠᠯ ᠤᠨ ᠡᠬᠢᠯᠡᠯᠳᠡ ᠶᠢᠨ ᠶᠤᠰᠤᠯᠠᠯ ᠪᠠᠳᠤᠬᠠᠭᠠᠯᠭ᠎ᠠ ᠶᠢᠨ ᠨᠠᠭᠠᠳᠤᠮ ᠰᠤᠶᠤᠯ ᠤᠨ ᠠᠵᠦ ᠦᠢᠯᠡᠰ ᠤᠨ ᠲᠤᠭᠤᠷᠢᠭ ᠲᠤ ᠦᠪᠡᠳᠡᠭᠰᠢ ᠶᠡᠭᠡ ᠪᠠᠷ ᠶᠠᠪᠤᠭᠳᠠᠪᠠ᠃      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠵᠠᠩ ᠪᠠᠭᠠᠨ᠎ᠠ ᠡᠬᠢᠯᠯᠡᠳᠡ ᠶᠢᠨ ᠶᠤᠰᠤᠯᠠᠯ ᠢ ᠡᠷᠬᠢᠯᠡᠵᠦ᠂ ᠪᠤᠭᠤᠳᠦ ᠬᠤᠳᠠ ᠶᠢᠨ ᠵᠠᠰᠠᠭ ᠤᠨ ᠤᠷᠳᠤᠨ ᠤ ᠲᠡᠳ᠋ ᠲᠠᠷᠤᠭ᠎ᠠ ᠵᠠᠩ ᠪᠢᠨ ᠨᠠᠭᠠᠳᠤᠮ ᠤᠨ ᠬᠤᠷᠠᠯ ᠡᠬᠢᠯᠡᠬᠦ ᠶᠢ ᠵᠠᠷᠯᠠᠪᠠ᠃      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠤᠤ ᠯᠢᠶᠠᠩ ᠶᠠᠷᠢᠶ᠎ᠠ ᠲᠠᠯᠪᠢᠵᠦ᠂ ᠪᠤᠭᠤᠳᠦ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠤᠶᠤᠨ᠂ ᠪᠤᠭᠤᠳᠦ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠵᠤᠤ ᠵᠢᠶᠦ᠋ᠨ᠂ ᠪᠤᠭᠤᠳᠦ ᠬᠤᠳᠠ ᠶᠢᠨ ᠵᠠᠰᠠᠭ ᠤᠨ ᠤᠷᠳᠤᠨ ᠤ ᠲᠡᠳ᠋ ᠲᠠᠷᠤᠭ᠎ᠠ ᠵᠠᠩ ᠪᠢᠨ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠶᠠᠳᠤᠭᠠᠷ ᠲᠡᠰ ᠤᠨ ᠲᠤᠭᠤᠷᠢᠨ ᠪᠠᠶᠢᠴᠠᠭᠠᠭᠴᠢ ᠵᠢᠶᠠ ᠪᠤᠤ ᠯᠢᠶᠠᠩ᠂ ᠪᠤᠭᠤᠳᠦ ᠬᠤᠳᠠ ᠶᠢᠨ ᠵᠠᠰᠠᠭ ᠤᠨ ᠤᠷᠳᠤᠨ ᠤ ᠨᠠᠷᠢᠨ ᠪᠢᠴᠢᠭ ᠤᠨ ᠲᠠᠷᠤᠭ᠎ᠠ᠂ ᠠᠯᠪᠠᠨ ᠲᠢᠩᠬᠢᠮ ᠤᠨ ᠡᠷᠬᠢᠯᠡᠭᠴᠢ ᠸᠠᠩ ᠵᠠᠨ ᠶᠤᠸᠠᠨ ᠨᠠᠷ ᠪᠠ ᠲᠠᠯ᠎ᠠ ᠨᠤᠳᠤᠭ ᠤᠨ ᠪᠢᠴᠢᠬᠠᠨ ᠪᠠᠭᠠᠳᠤᠷ ᠡᠬᠡᠴᠢ ᠦᠬᠢᠨ ᠲᠡᠭᠦᠦ ᠯᠦᠩ ᠮᠸᠢ᠂ ᠢᠦᠢ ᠷᠦᠩ᠂ ᠲᠤᠯᠤᠳᠤᠭᠠᠷ ᠬᠤᠭᠤᠴᠠᠭᠠᠨ ᠤ ᠪᠦᠬᠦ ᠤᠯᠤᠰ ᠤᠨ ᠦᠨᠡᠨᠴᠢ ᠢᠳᠡᠭᠡᠮᠵᠢᠳᠡᠢ ᠶᠤᠰᠤ ᠰᠤᠷᠳᠠᠬᠤᠨ ᠤ ᠵᠢᠱᠢᠶᠡᠴᠢ ᠠᠳᠢᠶ᠎ᠠ ᠨᠠᠷ ᠡᠬᠢᠯᠡᠯᠳᠡ ᠶᠢᠨ ᠶᠤᠰᠤᠯᠠᠯ ᠳᠤ ᠤᠷᠤᠯᠴᠠᠵᠦ᠂ ᠲᠡᠷᠢᠭᠦᠯᠡᠭᠴᠢ ᠶᠢᠨ ᠲᠠᠶᠢᠰᠠᠨ ᠳᠤ ᠰᠠᠭᠠᠳᠠᠭᠰᠠᠨ ᠪᠠᠶᠢᠨ᠎ᠠ᠃      ᠡᠬᠢᠯᠡᠯᠳᠡ ᠶᠢᠨ ᠶᠤᠰᠤᠯᠠᠯ ᠨᠢ ᠰᠦᠷ ᠲᠠᠯᠠᠶᠢᠴᠢᠳᠠᠢ ᠤᠯᠤᠰ ᠤᠨ ᠡᠩᠨᠡᠭᠡᠨ ᠤ ᠲᠠᠯᠠᠪᠠᠢ ᠳᠤ ᠤᠷᠤᠬᠤ ᠪᠠᠷ ᠬᠦᠰᠢᠭᠡ ᠪᠠᠨ ᠰᠡᠬᠦᠵᠦ᠂ ᠡᠷ᠎ᠡ ᠶᠢᠨ ᠭᠤᠷᠪᠠᠨ ᠨᠠᠭᠠᠳᠤᠮ ᠤᠨ ᠵᠢᠠᠠᠰᠠᠭᠠᠯ ᠤᠨ ᠡᠩᠨᠡᠭᠡ ᠵᠡᠷᠭᠡ ᠨᠢ ᠦᠵᠡᠭᠴᠢᠳ ᠤᠨ ᠲᠠᠭᠠᠰᠢᠶᠠᠯ ᠢ ᠬᠦᠷᠳᠡᠨ᠂ ᠬᠦᠬᠡ ᠬᠡᠬᠡᠷ᠎ᠡ ᠬᠠᠮᠳᠤᠯᠢᠭ᠂ ᠵᠠᠯᠠᠭᠤ ᠲᠠᠭᠤᠴᠢᠨ ᠠᠭᠤᠳᠠᠮ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠯᠠᠭᠠᠠᠮᠦ᠋ᠴᠢᠷ ᠤᠨ ᠲᠤᠭᠯᠠᠭᠴᠢᠳ ᠤᠨ ᠭᠤᠴᠦ ᠰᠠᠶᠢᠬᠠᠨ ᠲᠤᠭᠯᠠᠯᠳᠠ ᠨᠢ ᠨᠠᠭᠠᠳᠤᠮᠴᠢᠨ ᠤᠯᠠᠨ ᠢ ᠪᠠᠶᠠᠰᠬᠠᠭᠰᠠᠨ ᠪᠠᠶᠢᠨ᠎ᠠ᠃      ᠡᠬᠢᠯᠯᠡᠳᠡ ᠶᠢᠨ ᠶᠤᠰᠤᠯᠠᠯ ᠤᠨ ᠲᠠᠷᠠᠭ᠎ᠠ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ︽ᠭᠠᠴᠠᠭᠠᠨ  ᠤ ᠰᠢᠭᠰᠢᠶ᠎ᠡ︾ ᠮᠤᠷᠢᠨ ᠤᠷᠤᠯᠳᠤᠭᠠᠨ ᠪᠠ ᠬᠦᠴᠦᠳᠦ ᠪᠦᠬᠡ ᠶᠢᠨ ᠪᠠᠷᠢᠯᠳᠤᠭᠠᠨ ᠶᠠᠪᠤᠭᠳᠠᠪᠠ᠃      ᠲᠤᠰ ᠤᠳᠠᠭᠠᠨ ᠤ ᠨᠠᠭᠠᠳᠤᠮ ᠤᠨ ᠬᠤᠷᠠᠯ ᠨᠢ7 ᠰᠠᠷ᠎ᠠ ᠶᠢᠨ19 ᠤ ᠡᠳᠦᠷ ᠠᠴᠠ8 ᠰᠠᠷ᠎ᠠ ᠶᠢᠨ31 ᠤ ᠡᠳᠦᠷ ᠪᠤᠯᠳᠠᠯ᠎ᠠ ᠶᠠᠪᠤᠭᠳᠠᠵᠦ᠂ ᠰᠤᠶᠤᠯ ᠵᠢᠭᠤᠯᠴᠢᠯᠠᠯ᠂ ᠤᠯᠠᠮᠵᠢᠯᠠᠯᠳᠦ ᠪᠡᠶ᠎ᠡ ᠲᠠᠮᠢᠷ ᠤᠨ ᠤᠷᠤᠯᠳᠤᠭᠠᠨ᠂ ᠤᠷᠠᠨ ᠰᠠᠶᠢᠬᠠᠨ ᠤ ᠲᠤᠭᠯᠠᠯᠳᠠ᠃ ᠠᠵᠦ ᠠᠬᠤᠢ ᠠᠷᠠᠯᠵᠢᠶ᠎ᠠ ᠬᠤᠳᠠᠯᠳᠤᠭ᠎ᠠ ᠵᠡᠷᠭᠡ ᠠᠭᠤᠯᠭ᠎ᠠ ᠪᠠᠷ ᠦᠷᠭᠡᠨ ᠲᠡᠯᠭᠡᠷ ᠶᠠᠪᠤᠭᠳᠠᠬᠤ ᠪᠠᠷ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号