ᠰᠤᠷᠪᠤᠯᠵᠢᠯᠠᠭᠳᠠᠭᠴᠢ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠴᠢᠩ ᠯᠠᠨ | ᠰᠤᠷᠪᠤᠯᠵᠢᠯᠠᠭᠰᠠᠨ ᠴᠠᠭ᠄ 2024 ᠣᠨ ᠤ 7 ᠳ᠋ᠤᠭᠠᠷ ᠰᠠᠷ᠎ᠠ ᠶᠢᠨ 5 ᠤ ᠡᠳᠦᠷ | ᠬᠥᠲᠥᠯᠥᠭᠴᠢ᠄ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ | ᠲᠣᠪᠴᠢᠶ᠎ᠠ ᠶᠢᠨ 2024 ᠣᠨ ᠤ ᠳᠡᠭᠡᠷ᠎ᠡ ᠬᠠᠭᠠᠰ ᠵᠢᠯ ᠤᠨ ᠲᠤᠬᠠᠶᠢᠯᠠᠭᠰᠠᠨ ᠠᠵᠢᠯ ᠤᠨ ᠠᠬᠢᠴᠠ ᠶᠢᠨ ᠪᠠᠶᠢᠳᠠᠯ ᠢ | ᠲᠠᠨᠢᠯᠴᠠᠭᠤᠯᠤᠭᠠᠳ ᠥᠭᠭᠦᠨ᠎ᠡ ᠦᠦ︖ | ᠰᠤᠷᠪᠤᠯᠵᠢᠯᠠᠭᠳᠠᠭᠴᠢ᠄ 2024 ᠣᠨ ᠤ ᠳᠡᠭᠡᠷ᠎ᠡ ᠬᠠᠭᠠᠰ ᠵᠢᠯ ᠳᠤ᠂ ᠳᠠᠷᠬᠠᠨ ᠮᠤᠤᠮᠢᠩᠭᠠᠨ ᠬᠤᠯᠪᠤᠭᠠᠲᠦ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠤᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ | ᠲᠣᠪᠴᠢᠶ᠎ᠠ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ | ᠠᠷᠠᠳ ᠤᠨ ᠲᠥᠯᠥᠭᠡ ᠪᠣᠳᠠᠲᠠᠶ ᠠᠵᠢᠯ ᠬᠢᠬᠦ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠦᠢᠯᠡᠴᠢᠯᠡᠭᠡ ᠶᠢ | ᠰᠢᠯᠢᠳᠡᠭᠵᠢᠭᠦᠯᠬᠦ᠂ ︽ᠥᠨᠳᠥᠷ ᠪᠦᠲᠦᠮᠵᠢᠲᠡᠢ ᠪᠠᠷ ᠨᠢᠭᠡ ᠶᠠᠪᠤᠳᠠᠯ ᠢ ᠭᠦᠢᠴᠡᠳᠬᠡᠬᠦ︾ ᠶᠢᠨ ᠲᠣᠭᠤᠷᠢᠨ ᠳᠤ ᠲᠠᠰ | ᠳᠡᠪᠰᠢᠭᠰᠡᠨ ᠬᠡᠪᠯᠡᠯ ᠤᠨ ︽ᠲᠠᠨ ᠢ ᠰᠡᠳᠭᠢᠯ ᠬᠠᠨᠤᠮᠵᠢᠲᠠᠢ ᠪᠠᠶᠢᠯᠭᠠᠬᠤ︾ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠦᠷᠭᠦᠯᠵᠢᠯᠡᠨ ᠪᠣᠶ ᠪᠣᠯᠭᠠᠨ᠎ᠠ᠃ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠪᠠᠷᠢᠮᠵᠢᠶᠠᠵᠢᠭᠤᠯᠵᠤ ᠵᠢᠷᠤᠮᠵᠢᠭᠤᠯᠬᠤ ᠳᠥᠭᠦᠮᠴᠢᠯᠡᠬᠦ ᠬᠢᠷᠢ ᠲᠦᠪᠰᠢᠨ ᠢ ᠲᠦᠷᠭᠡᠳᠬᠡᠨ | ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ | ᠬᠡᠷᠡᠭᠵᠢᠭᠦᠯᠬᠦ ᠲᠥᠰᠦᠯ ᠵᠡᠷᠭᠡ ᠪᠢᠴᠢᠭ ᠮᠠᠲ᠋ᠧᠷᠢᠶᠠᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯᠠᠪᠤᠷ | ᠭᠠᠵᠠᠷ ᠤᠨ ᠴᠣᠩᠬᠤᠪᠴᠢ ᠶᠢᠨ ᠠᠵᠢᠯᠲᠠᠨ ᠤ ᠪᠣᠯᠪᠠᠰᠤᠷᠠᠯ ᠤᠨ ᠲᠥᠰᠦᠯ ᠢ ᠲᠣᠭᠲᠠᠭᠠᠬᠤ ᠶᠢᠨ ᠬᠠᠮᠲᠤ ᠳᠣᠷᠣᠭᠰᠢ | ᠪᠠᠭᠤᠯᠭᠠᠵᠤ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤᠪᠴᠢ ᠶᠢᠨ ᠠᠵᠢᠯᠲᠠᠨ ᠳᠤ | ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠤ ᠪᠣᠯᠪᠠᠰᠤᠷᠠᠯ ᠢ ᠲᠥᠪᠯᠡᠷᠡᠭᠦᠯᠦᠨ | ᠬᠢᠬᠦ ᠬᠡᠷᠡᠭᠲᠡᠢ᠃ ︽ᠰᠤᠷᠲᠠᠯ ᠢᠶᠠᠨ ᠬᠤᠪᠢᠷᠠᠭᠤᠯᠬᠤ᠂ ᠦᠢᠯᠡᠴᠢᠯᠡᠭᠡ ᠪᠠᠨ ᠰᠢᠯᠢᠳᠡᠭᠵᠢᠭᠦᠯᠬᠦ᠂ ᠳᠦᠷᠢ ᠲᠥᠷᠬᠦ ᠶᠢ | ᠪᠣᠶ ᠪᠣᠯᠭᠠᠬᠤ︾ ᠠᠵᠢᠯᠯᠠᠭ᠎ᠠ ᠶᠢ ᠥᠷᠨᠢᠭᠦᠯᠵᠦ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠᠷ ᠭᠤᠤᠯ | ᠠᠷᠭ᠎ᠠ ᠮᠠᠶ᠋ᠢᠭ ᠪᠣᠯᠭᠠᠵᠤ᠂ ᠴᠣᠩᠬᠤᠪᠴᠢ ᠶᠢ ᠦᠨᠡᠯᠡᠬᠦ ᠰᠢᠰᠲ᠋ᠧᠮ ᠲᠠᠢ ᠤᠶᠠᠯᠳᠤᠭᠤᠯᠤᠨ᠂ ᠵᠠᠭᠠᠯᠳᠤᠵᠤ ᠢᠯᠡᠴᠢᠯᠡᠨ | ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ ᠵᠡᠷᠭᠡ ᠠᠷᠭ᠎ᠠ ᠮᠠᠶ᠋ᠢᠭ ᠢᠶᠠᠷ ᠴᠣᠩᠬᠤᠪᠴᠢ ᠶᠢᠨ ᠠᠵᠢᠯᠲᠠᠨ ᠳᠤ | ᠪᠠᠶᠢᠩᠭᠤ ᠶᠢᠨ ᠪᠠᠶᠢᠴᠠᠭᠠᠯᠲᠠ ᠬᠢᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠴᠣᠩᠬᠤᠪᠴᠢ ᠶᠢᠨ | ᠠᠵᠢᠯᠲᠠᠨ ᠤ ᠠᠵᠢᠯ ᠤᠨ ᠰᠤᠷᠲᠠᠯ ᠢ ᠤᠯᠠᠮ ᠨᠢᠭᠡ ᠠᠯᠬᠤᠮ ᠬᠤᠪᠢᠷᠠᠭᠤᠯᠵᠤ᠂ ᠴᠣᠩᠬᠤᠪᠴᠢ ᠪᠠᠷ ᠠᠷᠠᠳ ᠢᠶᠠᠨ | ᠳᠣᠲᠣᠨᠣᠴᠢᠯᠠᠬᠤ᠂ ᠠᠷᠠᠳ ᠢᠶᠠᠨ ᠬᠠᠶᠢᠷᠠᠯᠠᠬᠤ ᠰᠠᠶᠢᠨ ᠰᠠᠶᠢᠬᠠᠨ ᠳᠦᠷᠢ ᠲᠥᠷᠬᠦ ᠶᠢ ᠪᠥᠬᠦ ᠬᠦᠴᠦᠨ ᠢᠶᠠᠷ ᠢᠶᠠᠨ | ᠪᠣᠶ ᠪᠣᠯᠭᠠᠨ᠎ᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠦᠯᠵᠢᠶᠡᠨ ᠤ ᠤᠳᠤᠳ ᠬᠠᠮᠲᠤᠷᠠᠭᠰᠠᠨ | ᠨᠠᠮ ᠤᠨ ᠡᠭᠦᠷ ᠤᠨ ᠰᠢᠭᠤᠳ ᠨᠡᠪᠲᠡᠷᠡᠭᠦᠯᠭᠡ ᠶᠢᠨ ᠲᠠᠪᠴᠠᠩ ᠳᠤ ᠲᠦᠰᠢᠭᠯᠡᠨ᠂ ᠵᠠᠰᠠᠭ ᠤᠨ ᠶᠠᠪᠤᠳᠠᠯ ᠤᠨ ᠭᠤᠤᠯ | ᠨᠡᠪᠲᠡᠷᠡᠭᠦᠯᠦᠭᠴᠢ ᠶᠢᠨ ᠪᠦᠯᠬᠦᠮ ᠢ ᠪᠠᠶᠢᠭᠤᠯᠵᠤ᠂ ᠡᠮᠴᠢᠯᠡᠭᠡᠨ ᠤ ᠳᠠᠭᠠᠳᠬᠠᠯ᠂ ᠠᠵᠢᠯ ᠣᠯᠭᠤᠯᠲᠠ ᠵᠡᠷᠭᠡ ᠰᠠᠯᠠᠭ᠎ᠠ | ᠮᠥᠴᠢᠷ ᠲᠠᠢ ᠬᠠᠮᠲᠤᠷᠠᠨ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠶᠢ 8 ᠲᠠᠯᠠᠪᠤᠷ | ᠥᠷᠨᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠬᠤᠷ ᠸᠢᠳᠢᠣ᠋ ᠶᠢ 2 ᠵᠤᠷᠪᠤᠰ ᠰᠡᠭᠦᠳᠡᠷᠯᠡᠨ | ᠨᠡᠪᠲᠡᠷᠡᠭᠦᠯᠵᠦ᠂ ᠬᠤᠲᠠ᠂ ᠬᠤᠰᠢᠭᠤ ᠬᠤᠶᠠᠷ ᠱᠠᠲᠤᠨ ᠤ ᠲᠢᠭ ᠲᠤᠭ ᠰᠢᠭᠤᠳ ᠨᠡᠪᠲᠡᠷᠡᠭᠦᠯᠭᠡ ᠳᠤ ᠣᠷᠣᠯᠴᠠᠵᠤ᠂ | ᠣᠯᠠᠨ ᠲᠦᠮᠡᠨ ᠤ ᠲᠤᠬᠠᠶᠢᠯᠠᠭᠰᠠᠨ ᠠᠵᠢᠯ ᠢ ᠭᠦᠢᠴᠡᠳᠭᠡᠬᠦ ᠶᠠᠪᠤᠴᠠ ᠳᠠᠬᠢ ᠬᠦᠴᠢᠷᠳᠡᠯ ᠪᠠ ᠠᠰᠠᠭᠤᠳᠠᠯ ᠢ | ᠰᠦᠯᠵᠢᠶᠡᠨ ᠳᠡᠭᠡᠷ᠎ᠡ ᠬᠠᠷᠢᠭᠤᠯᠪᠠ᠃ ᠥᠨᠳᠥᠷ ᠪᠦᠲᠦᠮᠵᠢᠲᠡᠢ ᠪᠠᠷ ︽ᠨᠢᠭᠡ ᠶᠠᠪᠤᠳᠠᠯ ᠢ ᠭᠦᠢᠴᠡᠳᠭᠡᠬᠦ︾ ᠶᠢ | ᠢᠳᠡᠪᠬᠢᠲᠡᠢ ᠠᠬᠢᠭᠤᠯᠬᠤ ᠬᠡᠷᠡᠭᠲᠡᠢ᠃ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠ | ᠴᠣᠩᠬᠤᠪᠴᠢ ᠶᠢᠨ ᠠᠵᠢᠯᠲᠠᠳ ᠢ ᠵᠣᠬᠢᠶᠠᠨ ᠪᠠᠶᠢᠭᠤᠯᠤᠨ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠱᠠᠲᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠳᠤ 2 ᠤᠳᠠᠭ᠎ᠠ | ᠣᠷᠣᠯᠴᠠᠭᠤᠯᠵᠤ᠂ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠠᠵᠢᠯᠯᠠᠭ᠎ᠠ ᠪᠠ ᠭᠦᠢᠴᠡᠳᠭᠡᠬᠦ ᠶᠠᠪᠤᠴᠠ ᠶᠢᠨ | ᠲᠣᠭᠤᠷᠢᠨ ᠳᠤ ᠨᠢᠭᠡᠳᠦᠯᠲᠡᠶ ᠪᠣᠯᠪᠠᠰᠤᠷᠠᠯ ᠬᠢᠵᠦ᠂ ᠠᠵᠤ ᠠᠬᠤᠶᠢᠯᠠᠯ ᠪᠠ ᠬᠤᠪᠢ ᠬᠥᠮᠦᠨ ᠤ ︽ᠥᠨᠳᠥᠷ | ᠪᠦᠲᠦᠮᠵᠢᠲᠡᠢ ᠪᠠᠷ ᠨᠢᠭᠡ ᠶᠠᠪᠤᠳᠠᠯ ᠢ ᠭᠦᠢᠴᠡᠳᠬᠡᠬᠦ︾ ᠥᠭᠡᠷᠡᠴᠢᠯᠡᠯᠲᠡ ᠶᠢᠨ ᠠᠵᠢᠯ ᠢ ᠨᠠᠩ ᠨᠠᠷᠢᠯᠢᠬᠵᠢᠭᠤᠯᠪᠠ᠃ | ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠠᠵᠢᠯ ᠢ ᠠᠬᠢᠭᠤᠯᠬᠤ ᠬᠤᠷᠠᠯ ᠢ 2 | ᠤᠳᠠᠭ᠎ᠠ ᠬᠤᠷᠠᠯᠳᠤᠭᠤᠯᠵᠤ᠂ ︽ᠥᠨᠳᠥᠷ ᠪᠦᠲᠦᠮᠵᠢᠲᠡᠢ ᠪᠠᠷ ᠨᠢᠭᠡ ᠶᠠᠪᠤᠳᠠᠯ ᠢ ᠭᠦᠢᠴᠡᠳᠬᠡᠬᠦ︾ | ᠥᠭᠡᠷᠡᠴᠢᠯᠡᠯᠲᠡ ᠶᠢᠨ ᠠᠵᠢᠯ ᠢ ᠲᠦᠷᠭᠡᠳᠬᠡᠨ ᠠᠬᠢᠭᠤᠯᠪᠠ᠃ ᠣᠲᠣ ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠨᠡᠶᠢᠲᠡ 22 ᠵᠦᠢᠯ ᠢ ᠰᠢᠨ᠎ᠡ ᠪᠠᠷ | ᠬᠥᠮᠥᠷᠭᠡ ᠳᠤ ᠣᠷᠣᠭᠤᠯᠵᠤ᠂ ᠶᠠᠭ ᠡᠯ᠎ᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠡᠷᠡᠭ ᠶᠠᠪᠤᠳᠠᠯ ᠢ ᠲᠠᠨᠢᠵᠤ | ᠠᠪᠬᠤ᠂ ᠨᠠᠶᠢᠷᠠᠭᠤᠯᠤᠨ ᠵᠣᠬᠢᠶᠠᠬᠤ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠢ ᠨᠡᠶᠢᠲᠡᠯᠡᠬᠦ ᠠᠵᠢᠯ ᠢ | ᠥᠷᠨᠢᠭᠦᠯᠵᠦ ᠪᠠᠶᠢᠨ᠎ᠠ᠃ ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠵᠠᠢ ᠦᠭᠡᠢ︾ | ᠪᠠᠶᠢᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠨᠢᠭᠡᠴᠢ ᠶᠢ ᠵᠣᠬᠢᠶᠠᠨ ᠪᠠᠶᠢᠭᠤᠯᠤᠨ ᠬᠤᠶᠠᠳᠤᠭᠠᠷ ᠪᠦᠯᠦᠭ ᠤᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠡᠮᠬᠢᠯᠡᠵᠦ᠂ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠳᠤ ᠡᠷᠬᠡ ᠣᠯᠭᠤᠵᠤ | ᠬᠡᠷᠡᠭᠵᠢᠭᠦᠯᠬᠦ 35 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠡᠮᠬᠢᠯᠡᠨ ᠭᠠᠷᠭᠠᠵᠤ᠂ ︽ | ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠳᠤ ᠲᠤᠭᠤᠷᠢᠭ ᠠᠴᠠ ᠭᠠᠷᠬᠤ ᠦᠭᠡᠢ︾ ︽ᠬᠦᠷᠢᠶᠡᠯᠡᠩ | ᠲᠣᠭᠤᠷᠢᠭ ᠤᠨ ᠬᠡᠷᠡᠭ ᠶᠠᠪᠤᠳᠠᠯ ᠢ ᠬᠦᠷᠢᠶᠡᠯᠡᠩ ᠲᠣᠭᠤᠷᠢᠭ ᠲᠤ ᠭᠦᠢᠴᠡᠳᠬᠡᠬᠦ︾ ᠶᠢ ᠪᠡᠶᠡᠯᠡᠭᠦᠯᠪᠡ᠃ ᠬᠦᠷᠢᠶᠡᠯᠡᠩ | ᠲᠣᠭᠤᠷᠢᠭ ᠤᠨ ᠭᠤᠤᠯᠳᠠᠯᠭ᠎ᠠ ᠲᠠᠢ ᠲᠦᠰᠦᠯ ᠢ ᠬᠢᠨᠠᠨ ᠵᠥᠪᠰᠢᠶᠡᠷᠡᠬᠦ ︽ᠭᠤᠷᠪᠠ ᠶᠢ ᠳᠠᠭᠠᠭᠠᠴᠢᠯᠠᠭᠤᠯᠵᠤ ᠨᠢᠭᠡ ᠶᠢ | ᠭᠦᠢᠴᠡᠳᠬᠡᠬᠦ︾ ᠬᠠᠪᠰᠤᠷᠤᠨ ᠭᠦᠢᠴᠡᠳᠬᠡᠬᠦ ᠡᠷᠴᠢᠮ ᠢ ᠴᠢᠩᠭᠠᠷᠠᠭᠤᠯᠵᠤ᠂ ᠬᠦᠷᠢᠶᠡᠯᠡᠩ ᠲᠣᠭᠤᠷᠢᠭ ᠤᠨ ᠠᠵᠤ | ᠠᠬᠤᠶᠢᠯᠠᠯ ᠪᠠ ᠠᠵᠢᠯᠲᠠᠨ ᠠᠵᠢᠯᠴᠢᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠯᠠᠨ ᠶᠠᠩᠵᠤ ᠶᠢᠨ | ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠪᠠ ᠷᠦᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠥᠷᠲᠡᠭᠡ ᠣᠲᠣ ᠪᠣᠯᠲᠠᠯ᠎ᠠ 10 ᠬᠠᠪᠰᠤᠷᠤᠨ ᠭᠦᠢᠴᠡᠳᠬᠡᠬᠦ | ᠲᠦᠰᠦᠯ ᠢ ᠪᠡᠶᠡᠯᠡᠭᠦᠯᠦᠨ᠎ᠡ᠃ ᠬᠡᠷᠡᠭ ᠶᠠᠪᠤᠳᠠᠯ ᠤᠨ ᠨᠠᠷᠢᠨ ᠳᠠᠩᠰᠠ ᠶᠢ ᠡᠮᠬᠢᠯᠡᠵᠦ᠂ ︽ᠠᠮᠠᠯᠠᠯᠲᠠ ᠪᠠᠨ ᠮᠡᠳᠡᠭᠳᠡᠬᠦ | + ᠳᠤᠲᠠᠭᠳᠠᠯ ᠢ ᠭᠥᠯᠢᠶᠡᠨ ᠠᠪᠴᠤ ᠰᠢᠢᠳᠪᠦᠷᠢᠯᠡᠬᠦ︾ ᠶᠢ ᠬᠡᠷᠡᠭᠵᠢᠭᠦᠯᠦᠨ᠎ᠡ᠃ ᠳᠡᠭᠡᠳᠦ ᠱᠠᠲᠤᠨ ᠤ ᠵᠠᠰᠠᠭ | ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠳᠠᠩᠰᠠ ᠲᠠᠢ ᠬᠠᠷᠢᠴᠠᠭᠤᠯᠤᠨ᠂ ᠡᠯ᠎ᠡ ᠬᠠᠮᠢᠶ᠎ᠠ ᠪᠥᠬᠦᠶ | ᠰᠠᠯᠠᠭ᠎ᠠ ᠮᠥᠴᠢᠷ ᠨᠢᠭᠡᠴᠢ ᠶᠢ ᠨᠢᠭᠡᠳᠦᠯᠲᠡᠶ ᠲᠥᠯᠥᠪᠯᠡᠨ ᠪᠥᠬᠦ ᠬᠤᠰᠢᠭᠤᠨ ᠤ ᠵᠠᠰᠠᠭ ᠵᠠᠬᠢᠷᠭᠠᠨ ᠤ | ᠵᠥᠪᠰᠢᠶᠡᠷᠡᠯ ᠤᠨ ᠵᠦᠢᠯᠡᠰ ᠤᠨ ᠭᠠᠷᠴᠠᠭ ᠢ ᠲᠠᠨᠢᠵᠤ ᠠᠪᠬᠤ᠂ ᠨᠤᠲᠠᠯᠠᠬᠤ ᠵᠢᠴᠢ ᠠᠵᠢᠯ ᠶᠠᠪᠤᠳᠠᠯ ᠭᠦᠢᠴᠡᠳᠭᠡᠬᠦ | ᠵᠦᠭᠯᠡᠭᠦᠷ ᠤᠨ ᠬᠦᠴᠦᠨ ᠵᠦᠢᠯ ᠢ ᠨᠠᠶᠢᠷᠠᠭᠤᠯᠤᠨ ᠵᠣᠬᠢᠶᠠᠵᠤ ᠨᠡᠶᠢᠲᠡᠯᠡᠬᠦ ᠠᠵᠢᠯ ᠢ ᠥᠷᠨᠢᠭᠦᠯᠦᠨ᠎ᠡ᠃ ᠪᠥᠬᠦ | ᠬᠤᠰᠢᠭᠤᠨ ᠤ 26 ᠰᠠᠯᠠᠭ᠎ᠠ ᠮᠥᠴᠢᠷ ᠠᠴᠠ ᠭᠠᠷᠴᠠᠭ ᠤᠨ ᠶᠡᠷᠦᠩᠬᠡᠶ ᠲᠤᠭ᠎ᠠ 1173 ᠵᠦᠢᠯ ᠢ ᠨᠤᠲᠠᠯᠠᠪᠠ᠂ | ᠡᠭᠦᠨ ᠳᠤ ᠭᠠᠷᠴᠠᠭ ᠤᠨ ᠭᠤᠤᠯ ᠵᠦᠢᠯ ᠤᠨ ᠲᠤᠭ᠎ᠠ 219 ᠵᠦᠢᠯ᠂ ᠬᠤᠪᠢᠶᠠᠷᠢ ᠵᠦᠢᠯ ᠤᠨ ᠲᠤᠭ᠎ᠠ 353 | ᠵᠦᠢᠯ ᠢ ᠨᠤᠲᠠᠯᠠᠵᠤ᠂ ᠭᠠᠷᠴᠠᠭ ᠤᠨ ᠭᠦᠢᠴᠡᠳᠭᠡᠬᠦ ᠵᠦᠢᠯ ᠤᠨ ᠲᠤᠭ᠎ᠠ 601 ᠵᠦᠢᠯ ᠢ ᠨᠤᠲᠠᠯᠠᠵᠤ᠂ ᠠᠵᠢᠯ | ᠶᠠᠪᠤᠳᠠᠯ ᠭᠦᠢᠴᠡᠳᠭᠡᠬᠦ ᠵᠦᠭᠯᠡᠭᠦᠷ 426 ᠵᠦᠢᠯ ᠢ ᠨᠠᠶᠢᠷᠠᠭᠤᠯᠤᠨ ᠵᠣᠬᠢᠶᠠᠪᠠ᠃ ᠠᠮᠠᠯᠠᠯᠲᠠ ᠪᠠᠨ ᠮᠡᠳᠡᠭᠳᠡᠬᠦ ᠪᠠ | ᠳᠤᠲᠠᠭᠳᠠᠯ ᠢ ᠬᠦᠯᠢᠶᠡᠨ ᠠᠪᠴᠤ ᠰᠢᠢᠳᠪᠦᠷᠢᠯᠡᠬᠦ ᠥᠭᠡᠷᠡᠴᠢᠯᠡᠯᠲᠡ ᠶᠢ ᠠᠬᠢᠭᠤᠯᠵᠤ᠂ ᠡᠯ᠎ᠡ ᠬᠠᠮᠢᠶ᠎ᠠ ᠪᠦᠬᠦᠢ | ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠤᠰᠢᠭᠤ ᠲᠣᠰ ᠱᠠᠲᠤᠨ ᠤ ᠮᠡᠳᠡᠭᠳᠡᠬᠦ 96 ᠵᠦᠢᠯ ᠤᠨ ᠠᠮᠠᠯᠠᠯᠲᠠ ᠶᠢᠨ | ᠵᠦᠢᠯᠡᠰ ᠪᠠ 112 ᠵᠦᠢᠯ ᠤᠨ ᠳᠤᠲᠠᠭᠤ ᠶᠢ ᠭᠥᠯᠢᠶᠡᠨ ᠠᠪᠴᠤ ᠰᠢᠢᠳᠪᠦᠷᠢᠯᠡᠬᠦ ᠵᠦᠢᠯᠡᠰ ᠢ ᠰᠢᠨᠡᠳᠭᠡᠨ | ᠨᠡᠶᠢᠲᠡᠯᠡᠨ᠎ᠡ᠃ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠶᠡᠬᠡᠪᠡᠷ | ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ | ᠭᠦᠢᠴᠡᠳᠭᠡᠬᠦ ᠶᠢ ᠠᠬᠢᠭᠤᠯᠵᠤ᠂ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠭᠡᠬᠦ ︵Ⅳ ᠲᠠᠰ︶ ᠶᠢᠨ | ᠬᠠᠷᠢᠴᠠᠯ ᠤᠨ ᠨᠣᠷᠮ᠎ᠠ 92.58% ᠳᠤ ᠬᠦᠷᠴᠦ᠂ ᠠᠯᠠᠭᠠᠨ ᠳᠡᠭᠡᠷ᠎ᠡ ᠠᠵᠢᠯ ᠶᠠᠪᠤᠳᠠᠯ ᠭᠦᠢᠴᠡᠳᠭᠡᠬᠦ ᠵᠦᠢᠯ ᠤᠨ | ᠲᠤᠭ᠎ᠠ 934 ᠵᠦᠢᠯ ᠳᠤ ᠬᠦᠷᠴᠦ᠂ ᠡᠯᠧᠺᠲᠷᠣᠨ ᠭᠡᠷᠡᠴᠢ ᠦᠨᠡᠮᠯᠡᠯ ᠢ 82323 ᠬᠤᠷᠠᠮᠳᠤᠭᠤᠯᠪᠠ᠃ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠳᠤ ︽ᠠᠵᠤ ᠠᠬᠤᠶᠢᠯᠠᠯ ᠳᠤ ᠠᠰᠢᠭ ᠬᠦᠷᠲᠡᠭᠡᠬᠦ | ᠲᠥᠷᠥ ᠶᠢᠨ ᠪᠣᠳᠣᠯᠭ᠎ᠠ︾ ᠶᠢᠨ ᠲᠤᠰᠬᠠᠶ ᠣᠷᠣᠨ ᠭᠠᠷᠭᠠᠵᠤ᠂ ᠳᠡᠭᠡᠳᠦ ᠱᠠᠲᠤᠨ ᠤ ᠪᠠ ᠬᠤᠰᠢᠭᠤᠨ ᠤ ᠲᠣᠰ | ᠱᠠᠲᠤᠨ ᠤ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠬᠤ ᠪᠠ ᠲᠠᠶᠢᠯᠪᠤᠷᠢᠯᠠᠵᠤ | ᠂ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢ ᠭᠦᠢᠴᠡᠳ ᠣᠶᠢᠯᠠᠭᠠᠭᠤᠯᠵᠤ᠂ ᠲᠥᠷᠥ ᠶᠢᠨ ᠪᠣᠳᠣᠯᠭ᠎ᠠ ᠶᠢᠨ | ᠠᠪᠴᠢᠷᠠᠭᠰᠠᠨ ᠪᠣᠳᠠᠲᠤ ᠠᠰᠢᠭ ᠲᠤᠰᠠ ᠪᠠ ᠲᠥᠬᠦᠮ ᠨᠥᠬᠦᠴᠡᠯ ᠢ ᠦᠨᠡᠨ ᠬᠦ ᠮᠡᠳᠡᠷᠡᠭᠦᠯᠪᠡ᠃ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ | ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠥᠪᠡᠷᠲᠡᠭᠡᠨ ᠦᠢᠯᠡᠴᠢᠯᠡᠬᠦ | ᠲᠣᠭᠤᠷᠢᠭ ᠲᠤ ᠬᠤᠶᠠᠷ ᠺᠣᠮᠫᠢᠦ᠋ᠲ᠋ᠧᠷ ᠲᠣᠬᠢᠷᠠᠭᠤᠯᠵᠤ᠂ ᠬᠦᠨᠳᠦ ᠨᠣᠴᠢᠲᠠᠶ ᠢᠲᠡᠭᠡᠯ ᠠᠯᠳᠠᠭᠰᠠᠨ ᠡᠵᠡᠩᠨᠡᠯᠲᠡ ᠶᠢᠨ | ᠭᠤᠤᠯ ᠴᠣᠭᠴᠠ ᠶᠢᠨ ᠪᠠᠶᠢᠴᠠᠭᠠᠨ ᠯᠠᠪᠯᠠᠬᠤ ᠶᠠᠪᠤᠴᠠ ᠶᠢ ᠨᠠᠭᠠᠵᠤ᠂ ᠠᠵᠢᠯ ᠶᠠᠪᠤᠳᠠᠯ ᠭᠦᠢᠴᠡᠳᠬᠡᠬᠦ ᠪᠠᠷ ᠢᠷᠡᠭᠰᠡᠨ | ᠠᠵᠤ ᠠᠬᠤᠶᠢᠯᠠᠯ ᠣᠯᠠᠨ ᠲᠦᠮᠡᠨ ᠳᠤ ︽ᠨᠢᠭᠡ ᠥᠷᠲᠡᠭᠡᠨ ᠤ ᠮᠠᠶ᠋ᠢᠭ︾ ᠤᠨ ᠪᠠᠶᠢᠴᠠᠭᠠᠨ ᠯᠠᠪᠯᠠᠬᠤ ᠦᠢᠯᠡᠴᠢᠯᠡᠭᠡ | ᠬᠠᠩᠭᠠᠨ᠎ᠠ᠃ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾ ᠶᠢᠨ ᠴᠣᠩᠬᠤ ᠭᠠᠷᠭᠠᠬᠤ ᠶᠢᠨ | ᠬᠠᠮᠲᠤ ᠬᠤᠰᠢᠭᠤᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ | ᠤᠲᠠᠰᠤ ᠲᠠᠢ ᠥᠨᠳᠥᠷ ᠪᠦᠲᠦᠮᠵᠢᠲᠡᠶ ᠪᠠᠷ ᠵᠣᠯᠭᠠᠭᠤᠯᠵᠤ᠂ ᠵᠠᠭᠠᠯᠳᠤᠯᠭ᠎ᠠ ᠶᠢᠨ ᠮᠡᠳᠡᠭᠡ ᠵᠠᠩᠭᠢ ᠶᠢ ᠴᠠᠭ | ᠲᠤᠬᠠᠶ ᠳᠤᠨᠢ ᠭᠥᠯᠢᠶᠡᠨ ᠠᠪᠴᠤ ᠰᠢᠢᠳᠪᠦᠷᠢᠯᠡᠬᠦ᠂ ᠣᠨᠣᠪᠴᠢᠲᠠᠶ ᠵᠠᠳᠠᠯᠬᠤ᠂ ᠥᠨᠳᠥᠷ ᠪᠦᠲᠦᠮᠵᠢᠲᠡᠶ ᠪᠠᠷ | ᠰᠢᠯᠵᠢᠭᠦᠯᠦᠨ ᠰᠢᠢᠳᠪᠦᠷᠢᠯᠡᠬᠦ᠂ ᠪᠦᠲᠦᠮᠵᠢᠲᠡᠶ ᠪᠠᠷ ᠰᠢᠢᠳᠪᠦᠷᠢᠯᠡᠵᠦ ᠳᠠᠭᠤᠰᠬᠠᠬᠤ ᠶᠢ ᠪᠠᠲᠤᠯᠠᠨ᠎ᠠ᠃ ᠪᠢᠴᠢᠭ | ᠮᠠᠲ᠋ᠧᠷᠢᠶᠠᠯ ᠪᠠᠭᠤᠯᠭᠠᠵᠤ ᠪᠥᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ | ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠠᠤᠯᠢ ᠪᠠᠷ ᠲᠣᠭᠲᠠᠭᠠᠭᠰᠠᠨ ᠢᠲᠡᠭᠡᠮᠵᠢ ᠶᠢᠨ ᠠᠮᠠᠯᠠᠯᠲᠠ ᠶᠢᠨ | ᠵᠦᠢᠯᠡᠰ ᠢ ᠡᠮᠬᠢᠯᠡᠨ ᠳᠢᠭᠯᠡᠬᠦ ᠠᠵᠢᠯ ᠢ ᠥᠷᠨᠢᠭᠦᠯᠦᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ | ᠵᠢᠷᠤᠮᠵᠢᠭᠤᠯᠬᠤ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠪᠡ᠃ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠡᠯ᠎ᠡ ᠲᠥᠷᠥᠯ ᠤᠨ ᠢᠯᠡ ᠪᠣᠯᠭᠠᠬᠤ ᠶᠣᠰᠣᠲᠠᠶ | ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠢᠯᠡ ᠪᠣᠯᠭᠠᠵᠤ᠂ ︽ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠣᠯᠭᠠᠬᠤ︾ ᠪᠤᠯᠤᠩ ᠳᠤ ᠡᠯ᠎ᠡ ᠲᠥᠷᠥᠯ ᠤᠨ ᠮᠡᠳᠡᠭᠡ ᠵᠠᠩᠭᠢ ᠶᠢ 247 ᠵᠤᠷᠪᠤᠰ ᠨᠡᠶᠢᠲᠡᠯᠡᠵᠦ᠂ | ᠬᠠᠷᠢᠭᠤᠯᠲᠠ ᠦᠭᠬᠦ ᠳᠡᠭᠡᠨ ᠭᠤᠶᠤᠴᠢᠯᠠᠯ ᠢ ᠦᠨᠳᠦᠰᠦᠯᠡᠨ 1 ᠬᠤᠪᠢ ᠶᠢ ᠢᠯᠡ ᠪᠣᠯᠭᠠᠵᠤ᠂ ᠬᠤᠰᠢᠭᠤᠨ | ᠳᠠᠷᠤᠭ᠎ᠠ ᠶᠢᠨ ᠵᠠᠬᠢᠳᠠᠯ 9 ᠵᠤᠷᠪᠤᠰ ᠲᠤ ᠬᠠᠷᠢᠭᠤᠯᠲᠠ ᠥᠭᠴᠦ᠂ ᠰᠦᠯᠵᠢᠶᠡᠨ ᠳᠡᠭᠡᠷ᠎ᠡ 17 ᠵᠤᠷᠪᠤᠰ ᠦᠭᠡ | ᠦᠯᠡᠳᠡᠭᠡᠪᠡ᠃ 30 ᠬᠦᠷᠢᠶ᠎ᠡ ᠴᠠᠷᠠᠭ᠎ᠠ ᠳᠠᠬᠢ ᠵᠠᠰᠠᠭ ᠤᠨ ᠶᠠᠪᠤᠳᠠᠯ ᠢ ᠢᠯᠡ ᠪᠣᠯᠭᠠᠬᠤ ᠪᠠᠷᠢᠮᠵᠢᠶ᠎ᠠ ᠶᠢᠨ ᠭᠠᠷᠴᠠᠭ | ᠪᠠ ᠬᠥᠳᠡᠯᠦᠩᠭᠦᠶ ᠬᠠᠮᠢᠶᠠᠷᠤᠯᠲᠠ ᠶᠢᠨ ᠲᠦᠷᠢᠮ ᠢ ᠬᠥᠳᠡᠯᠦᠩᠭᠦᠶ ᠪᠠᠷ ᠰᠢᠨᠡᠳᠬᠡᠨ᠎ᠡ᠃ ᠮᠣᠩᠭᠤᠯ ᠬᠡᠯᠡᠨ ᠤ | ᠵᠠᠰᠠᠭ ᠤᠨ ᠶᠠᠪᠤᠳᠠᠯ ᠤᠨ ᠰᠦᠯᠵᠢᠶ᠎ᠡ ᠶᠢᠨ ᠲᠤᠰᠬᠠᠢ ᠣᠷᠴᠢᠭᠤᠯᠤᠭᠴᠢ ᠵᠢᠴᠢ ᠮᠡᠷᠭᠡᠵᠢᠯ ᠤᠨ ᠬᠠᠮᠠᠭᠠᠯᠠᠬᠤ | ᠠᠵᠢᠯᠲᠠᠨ ᠢ ᠰᠣᠩᠭᠤᠨ ᠲᠣᠬᠢᠷᠠᠭᠤᠯᠵᠤ᠂ ᠠᠵᠢᠯᠲᠠᠨ ᠤ ᠬᠦᠴᠦᠨ ᠢ ᠲᠡᠭᠦᠯᠳᠡᠷᠵᠢᠭᠦᠯᠦᠨ᠂ ᠰᠦᠯᠵᠢᠶᠡᠨ ᠤ | ᠠᠭᠤᠯᠭ᠎ᠠ ᠶᠢᠨ ᠪᠠᠲᠤᠯᠠᠭ᠎ᠠ ᠶᠢ ᠦᠨᠡᠨ ᠬᠦ ᠰᠠᠶᠢᠲᠤᠷ ᠬᠢᠬᠦ ᠬᠡᠷᠡᠭᠲᠡᠢ᠃ ᠰᠢᠨ᠎ᠡ ᠵᠠᠭᠤᠴᠢᠯᠠᠭᠤᠷ ᠤᠨ ᠲᠠᠪᠴᠠᠩ ᠤᠨ | ᠮᠡᠳᠡᠭᠡ ᠵᠠᠩᠭᠢ ᠨᠡᠶᠢᠲᠡᠯᠡᠬᠦ ︽ᠭᠤᠷᠪᠠ ᠶᠢ ᠬᠢᠨᠠᠬᠤ ᠭᠤᠷᠪᠠ ᠶᠢ ᠬᠠᠷᠭᠤᠭᠤᠯᠬᠤ︾ ᠲᠦᠷᠢᠮ ᠢ ᠴᠢᠩᠭ᠎ᠠ | ᠬᠡᠷᠡᠭᠵᠢᠭᠦᠯᠵᠦ᠂ ᠰᠦᠯᠵᠢᠶᠡᠨ ᠳᠡᠭᠡᠷᠡᠬᠢ ᠤᠯᠤᠰ ᠲᠥᠷᠥ ᠶᠢᠨ ᠠᠮᠤᠷ ᠲᠦᠪᠰᠢᠨ ᠪᠠ ᠦᠵᠡᠯ ᠤᠬᠠᠮᠰᠠᠷ ᠤᠨ | ᠬᠡᠯᠪᠡᠷᠢ ᠶᠢᠨ ᠠᠮᠤᠷ ᠲᠦᠪᠰᠢᠨ ᠢ ᠬᠠᠮᠠᠭᠠᠯᠠᠨ᠎ᠠ᠃ ᠪᠥᠬᠦ ᠬᠤᠰᠢᠭᠤᠨ ᠤ ᠵᠠᠰᠠᠭ ᠤᠨ ᠶᠠᠪᠤᠳᠠᠯ ᠤᠨ ᠰᠢᠨ᠎ᠡ | ᠵᠠᠭᠤᠴᠢᠯᠠᠭᠤᠷ ᠤᠨ ᠰᠢᠨᠡᠳᠬᠡᠬᠦ ᠳᠠᠪᠲᠠᠮᠵᠢ ᠪᠠ ᠪᠦᠲᠦᠮᠵᠢᠲᠡᠶ ᠬᠤᠷᠰᠢᠯᠴᠠᠭ᠎ᠠ ᠶᠢ ᠪᠠᠶᠢᠩᠭᠤᠵᠢᠭᠤᠯᠤᠨ ᠬᠢᠨᠠᠯᠲᠠ | ᠲᠠᠯᠪᠢᠨ᠎ᠠ᠃ ᠦᠢᠯᠡᠴᠢᠯᠡᠭᠡᠨ ᠤ ᠲᠤᠰᠬᠠᠶ ᠣᠷᠣᠨ ᠭᠠᠷᠭᠠᠵᠤ᠂ ᠠᠵᠤ ᠠᠬᠤᠶᠢᠯᠠᠯ ᠣᠯᠠᠨ ᠲᠦᠮᠡᠨ ᠤ ᠠᠵᠢᠯ | ᠶᠠᠪᠤᠳᠠᠯ ᠡᠷᠬᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠤᠰᠢᠭᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠲᠤ ᠠᠵᠤ ᠠᠬᠤᠶᠢᠯᠠᠯ ᠡᠷᠭᠢᠯᠡᠵᠦ ᠲᠤᠰᠬᠠᠶ ᠲᠣᠭᠤᠷᠢᠭ᠂ ᠠᠵᠤ ᠠᠬᠤᠶᠢᠯᠠᠯ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠤᠰᠬᠠᠶ ᠲᠣᠭᠤᠷᠢᠭ᠂ ︽ᠲᠠᠨ ᠢ ᠬᠠᠪᠰᠤᠷᠤᠨ ᠭᠦᠢᠴᠡᠳᠬᠡᠬᠦ︾ ᠲᠤᠰᠬᠠᠶ | ᠲᠣᠭᠤᠷᠢᠭ ᠭᠠᠷᠭᠠᠵᠤ᠂ ᠠᠵᠤ ᠠᠬᠤᠶᠢᠯᠠᠯ ᠡᠷᠭᠢᠯᠡᠬᠦ ᠳᠤ ᠬᠡᠷᠡᠭᠰᠡᠬᠦ ᠭᠠᠷᠳᠠᠮ ᠢ ᠲᠤᠰᠬᠠᠶ ᠲᠣᠭᠤᠷᠢᠭ ᠲᠤ | ᠣᠷᠣᠭᠤᠯᠤᠨ ᠭᠦᠢᠴᠡᠳᠬᠡᠵᠦ᠂ ᠠᠵᠤ ᠠᠬᠤᠶᠢᠯᠠᠯ ᠳᠤ ᠨᠠᠩ ᠣᠨᠣᠪᠴᠢᠲᠠᠶ᠂ ᠴᠢᠨᠠᠷ ᠰᠠᠶᠢᠲᠠᠶ᠂ ᠥᠨᠳᠥᠷ | ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠨ᠎ᠠ᠃ 1 — 5 ᠳ᠋ᠤᠭᠠᠷ ᠰᠠᠷ᠎ᠠ ᠳᠤ ᠬᠤᠰᠢᠭᠤᠨ ᠤ | ᠲᠣᠰ ᠱᠠᠲᠤᠨ ᠤ ︽ᠲᠠᠨ ᠢ ᠬᠠᠪᠰᠤᠷᠤᠨ ᠭᠦᠢᠴᠡᠳᠭᠡᠬᠦ︾ ᠲᠤᠰᠬᠠᠶ ᠲᠣᠭᠤᠷᠢᠭ ᠤᠨ ᠭᠦᠢᠴᠡᠳᠭᠡᠬᠦ ᠵᠦᠢᠯᠡᠰ ᠤᠨ | ᠬᠡᠮᠵᠢᠶ᠎ᠡ 10 ︵ᠲᠦᠰᠦᠯ ᠤᠨ ᠲᠤᠭ᠎ᠠ︶᠂ ᠶᠡᠷᠦᠩᠬᠡᠶᠢᠯᠡᠭᠰᠡᠨ ᠴᠣᠩᠬᠤᠪᠴᠢ ᠶᠢᠨ ᠬᠠᠪᠰᠤᠷᠤᠨ ᠭᠦᠢᠴᠡᠳᠭᠡᠬᠦ | 127 ᠬᠤᠪᠢ᠂ ᠲᠣᠰᠬᠤᠨ ᠤ ᠱᠠᠲᠤᠨ ᠤ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ 260 ᠭᠠᠷᠤᠶ | ᠬᠤᠪᠢ ᠪᠠᠶᠢᠵᠤ᠂ ᠬᠠᠮᠤᠭ ᠣᠯᠠᠨ ᠳᠠᠭᠠᠨ ᠨᠢᠭᠡ ᠯᠡ ᠤᠳᠠᠭ᠎ᠠ ᠳᠤ ᠭᠦᠶᠦᠬᠦ ᠵᠦᠢᠯᠡᠰ ᠤᠨ ᠬᠠᠷᠢᠴᠠᠯ ᠤᠨ | ᠨᠣᠷᠮ᠎ᠠ ᠨᠢ 100% ᠳᠤ ᠬᠦᠷᠴᠦ᠂ ᠠᠵᠢᠯ ᠶᠠᠪᠤᠳᠠᠯ ᠭᠦᠢᠴᠡᠳᠭᠡᠬᠦ ᠦᠷ᠎ᠡ ᠪᠦᠲᠦᠮᠵᠢ ᠶᠢ ᠬᠠᠮᠤᠭ ᠤᠨ ᠶᠡᠭᠡ | ᠬᠡᠮᠵᠢᠶ᠎ᠡ ᠪᠠᠷ ᠳᠡᠭᠡᠭᠰᠢᠯᠡᠭᠦᠯᠪᠡ᠃ ᠠᠮᠠᠷᠠᠯᠲᠠ ᠶᠢᠨ ᠡᠳᠦᠷ ᠲᠤ ︽ᠪᠣᠯᠵᠣᠬᠤ ᠦᠢᠯᠡᠴᠢᠯᠡᠭᠡ︾᠂ ︽ᠴᠠᠭ ᠢ | ᠤᠷᠲᠤᠳᠬᠠᠬᠤ ᠦᠢᠯᠡᠴᠢᠯᠡᠭᠡ︾ ᠶᠢ ᠬᠡᠷᠡᠭᠵᠢᠭᠦᠯᠵᠦ᠂ 1 — 5 ᠳ᠋ᠤᠭᠠᠷ ᠰᠠᠷ᠎ᠠ ᠳᠤ ᠨᠡᠶᠢᠲᠡ 331 ᠬᠤᠪᠢ | ᠭᠦᠢᠴᠡᠳᠬᠡᠪᠡ᠃ ᠭᠤᠣᠯᠳᠠᠯᠭ᠎ᠠ ᠲᠠᠢ ᠠᠵᠤ ᠠᠬᠤᠶᠢᠯᠠᠯ ᠳᠤ ᠴᠢᠭᠯᠡᠭᠦᠯᠦᠨ ︽ᠭᠡᠷ ᠲᠤᠨᠢ ᠬᠦᠷᠴᠦ ᠦᠢᠯᠡᠴᠢᠯᠡᠬᠦ︾ | ︽ᠰᠠᠭᠠᠳ ᠦᠭᠡᠢ ᠨᠡᠪᠲᠡᠷᠡᠬᠦ ᠵᠠᠮ︾ ᠵᠡᠷᠭᠡ ᠰᠢᠷᠢᠰ ᠣᠨᠴᠠᠯᠢᠭᠲᠤ ᠦᠢᠯᠡᠴᠢᠯᠡᠭᠡ ᠭᠠᠷᠭᠠᠵᠤ᠂ ᠦᠨᠡᠨᠴᠢ | ᠢᠲᠡᠭᠡᠮᠵᠢᠲᠡᠶ ᠠᠵᠤ ᠠᠬᠤᠶᠢᠯᠠᠯ ᠭᠦᠢᠴᠡᠳᠬᠡᠬᠦ ᠵᠦᠢᠯᠡᠰ ᠢᠶᠠᠨ ᠭᠦᠢᠴᠡᠳᠬᠡᠬᠦ ᠳᠡᠭᠡᠨ᠂ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠯ ᠤᠨ ︽ᠰᠠᠭᠠᠳ ᠦᠭᠡᠢ ᠨᠡᠪᠲᠡᠷᠡᠬᠦ ᠵᠠᠮ︾ ᠢ ᠬᠦᠷᠲᠡᠵᠦ᠂ ᠲᠤᠬᠠᠶᠢᠯᠠᠭᠰᠠᠨ ᠠᠵᠢᠯ ᠢᠶᠠᠨ ᠤᠷᠢᠳᠠᠪᠠᠷ | ᠭᠦᠢᠴᠡᠳᠬᠡᠵᠦ ᠪᠣᠯᠤᠨ᠎ᠠ᠃ ᠭᠡᠷᠡᠴᠢᠯᠡᠬᠦ ᠵᠦᠢᠯᠡᠰ ᠢ ᠴᠣᠮᠬᠠᠳᠬᠠᠵᠤ᠂ ᠤᠯᠠᠨ ᠲᠦᠮᠡᠨ ᠪᠠ ᠦᠨᠳᠦᠰᠦᠨ ᠱᠠᠲᠤᠨ ᠤ | ᠠᠵᠢᠯ ᠶᠠᠪᠤᠳᠠᠯ ᠭᠦᠢᠴᠡᠳᠬᠡᠬᠦ ᠳᠠᠷᠤᠭᠠᠰᠤ ᠶᠢ ᠬᠥᠩᠭᠡᠷᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠳᠤᠷᠠᠳᠤᠭᠰᠠᠨ ᠰᠠᠨᠠᠭᠤᠯᠭ᠎ᠠ ᠰᠠᠨᠠᠯ ᠳᠤ ᠴᠢᠭᠯᠡᠭᠦᠯᠦᠨ᠂ ᠬᠠᠪᠰᠤᠷᠤᠨ ᠭᠦᠢᠴᠡᠳᠬᠡᠬᠦ | ᠨᠢᠭᠡᠴᠢ᠂ ᠬᠤᠯᠪᠣᠭᠳᠠᠬᠤ ᠰᠠᠯᠠᠭ᠎ᠠ ᠮᠥᠴᠢᠷ ᠤᠳ ᠬᠤᠷᠠᠯ ᠬᠤᠷᠠᠯᠳᠤᠭᠤᠯᠵᠤ᠂ ᠲᠥᠯᠥᠭᠡᠯᠡᠭᠴᠢᠳ ᠤᠨ ᠨᠡᠶᠢᠭᠡᠮ | ᠲᠣᠭᠤᠷᠢᠭ ᠤᠨ ᠭᠡᠷᠡᠴᠢᠯᠡᠯ ᠬᠢᠵᠦ ᠥᠭᠭᠦᠭᠰᠡᠨ ᠣᠳᠣᠬᠢ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠤᠨ | ᠲᠤᠬᠠᠶ ᠬᠠᠷᠢᠭᠤ ᠲᠤᠰᠬᠠᠯ ᠢ ᠭᠦᠢᠴᠡᠳ ᠰᠣᠨᠣᠰᠴᠤ᠂ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠤᠯᠠᠨ | ᠨᠡᠶᠢᠲᠡ ᠶᠢᠨ ᠸᠢᠴᠠᠲ ᠲᠠᠪᠴᠠᠩ ᠢᠶᠠᠷ ︽ᠪᠤᠭᠤᠲᠤ ᠬᠤᠲᠠ ᠶᠢᠨ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ | ᠭᠡᠷᠡᠴᠢᠯᠡᠬᠦ ᠵᠦᠢᠯᠡᠰ ᠤᠨ ᠭᠠᠷᠴᠠᠭ ᠤᠨ ᠨᠠᠷᠢᠨ ᠳᠠᠩᠰᠠ︾ ᠶᠢ ᠢᠯᠡ ᠨᠡᠶᠢᠲᠡᠯᠡᠵᠦ᠂ 20 ᠵᠦᠢᠯ ᠤᠨ ᠭᠡᠷᠡᠴᠢ ᠶᠢ | ᠳᠠᠬᠢᠨ ᠨᠡᠶᠢᠭᠡᠮ ᠲᠣᠭᠤᠷᠢᠭ᠂ ᠲᠣᠰᠬᠤᠨ ᠤ ᠠᠷᠠᠳ ᠤᠨ ᠵᠥᠪᠯᠡᠯ ᠠᠴᠠ ᠭᠠᠷᠭᠠᠵᠤ ᠥᠭᠬᠦ ᠥᠬᠡᠶ ᠭᠡᠵᠦ ᠲᠣᠳᠣᠷᠬᠠᠶ | ᠲᠣᠭᠲᠠᠭᠠᠵᠤ᠂ ᠲᠦᠷ ᠴᠠᠭ ᠬᠦᠴᠦᠨ ᠥᠬᠡᠶ ᠪᠣᠯᠭᠠᠬᠤ ᠶᠢᠨ ᠠᠷᠭ᠎ᠠ ᠥᠬᠡᠶ 7 ᠭᠡᠷᠡᠴᠢᠯᠡᠬᠦ ᠵᠦᠢᠯᠡᠰ ᠢ ᠬᠠᠮᠢᠶ᠎ᠠ | ᠪᠥᠬᠦᠶ ᠨᠢᠭᠡᠴᠢ ᠲᠠᠢ ᠢᠳᠡᠪᠬᠢᠲᠡᠶ ᠪᠠᠷ ᠨᠡᠪᠲᠡᠷᠡᠯᠴᠡᠨ ᠵᠣᠯᠭᠠᠭᠤᠯᠵᠤ᠂ ᠠᠷᠭᠠᠴᠠᠬᠤ ᠪᠣᠳᠣᠯᠭ᠎ᠠ ᠶᠢ ᠰᠤᠳᠤᠯᠤᠨ᠂ | ᠦᠷᠭᠦᠯᠵᠢᠯᠡᠨ ᠮᠥᠷᠳᠡᠨ ᠰᠢᠢᠳᠪᠦᠷᠢᠯᠡᠨ᠎ᠡ᠃ ᠲᠣᠭᠠᠴᠢᠯᠠᠭᠰᠠᠨ ᠥᠭᠡᠷᠡᠴᠢᠯᠡᠯᠲᠡ ᠶᠢ ᠠᠬᠢᠭᠤᠯᠵᠤ᠂ ᠬᠤᠳᠠᠯᠳᠤᠭ᠎ᠠ | ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠡᠯ᠎ᠡ ᠰᠤᠮᠤ ᠰᠢᠶᠠᠩ ᠪᠠᠯᠭᠠᠰᠤ ᠶᠢ | ᠵᠣᠬᠢᠶᠠᠨ ᠪᠠᠶᠢᠭᠤᠯᠤᠨ ᠰᠠᠭᠤᠭᠠᠯᠢ ᠠᠷᠠᠳ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠤᠨ ᠠᠵᠢᠯ ᠤᠨ | ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠰᠠᠭᠤᠭᠠᠯᠢ ᠠᠷᠠᠳ ᠤᠨ ᠮᠡᠳᠡᠭᠡ | ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠤᠨ ᠡᠯ᠎ᠡ ᠲᠠᠰ ᠳᠠᠪᠬᠤᠷᠭ᠎ᠠ ᠶᠢᠨ ᠬᠠᠮᠢᠶᠠᠷᠤᠭᠴᠢ ᠶᠢᠨ ᠦᠨᠳᠦᠰᠦᠨ | ᠮᠡᠳᠡᠭᠡ ᠵᠠᠩᠭᠢ ᠶᠢ ᠳᠡᠭᠡᠭᠰᠢ ᠮᠡᠳᠡᠭᠦᠯᠵᠦ᠂ ᠰᠠᠯᠠᠭ᠎ᠠ ᠮᠥᠴᠢᠷ ᠠᠯᠤᠰᠯᠠᠭᠰᠠᠨ᠂ ᠲᠠᠰ ᠳᠠᠪᠬᠤᠷᠭ᠎ᠠ ᠠᠯᠤᠰᠯᠠᠭᠰᠠᠨ | ᠲᠤᠭ᠎ᠠ ᠪᠠᠷᠢᠮᠲᠠ ᠶᠢᠨ ᠠᠭᠤᠰᠤᠯᠴᠠᠯ᠂ ᠬᠠᠮᠲᠤᠪᠠᠷ ᠭᠥᠷᠳᠡᠵᠦ ᠰᠣᠯᠢᠯᠴᠠᠬᠤ ᠵᠢᠴᠢ ᠬᠠᠮᠵᠢᠯᠴᠠᠨ ᠬᠠᠮᠲᠤᠷᠠᠯᠴᠠᠬᠤ ᠶᠢ | ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ︽2024 ᠣᠨ ᠤ ᠪᠥᠬᠦ ᠬᠤᠰᠢᠭᠤᠨ ᠤ ᠬᠤᠳᠠᠯᠳᠤᠭ᠎ᠠ ᠡᠷᠭᠢᠯᠡᠬᠦ | ᠣᠷᠴᠢᠨ ᠲᠣᠭᠤᠷᠢᠨ ᠢ ᠰᠢᠯᠢᠳᠡᠭᠵᠢᠭᠦᠯᠬᠦ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠥᠰᠦᠯ︾ ᠢ | ᠲᠣᠭᠲᠠᠭᠠᠵᠤ᠂ ᠡᠯ᠎ᠡ ᠲᠥᠷᠥᠯ ᠤᠨ ᠠᠰᠠᠭᠤᠳᠠᠯ ᠤᠨ ᠨᠠᠷᠢᠨ ᠲᠠᠩᠰᠠ ᠪᠠ ᠴᠡᠭᠴᠡᠯᠡᠨ ᠰᠠᠶᠢᠵᠢᠷᠠᠭᠤᠯᠬᠤ ᠡᠬᠡ | ᠲᠠᠩᠰᠠ ᠶᠢ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠨ ᠳᠣᠭᠢᠷᠠᠭᠤᠯᠵᠤ᠂ ᠬᠤᠲᠠ ᠶᠢᠨ ᠱᠠᠲᠤᠨ ᠳᠤ 18 | ᠬᠤᠪᠢ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠮᠡᠳᠡᠭᠡ ᠵᠠᠩᠭᠢ ᠶᠢ | ᠢᠳᠡᠪᠬᠢᠲᠡᠶ ᠪᠠᠷ ᠮᠡᠳᠡᠭᠦᠯᠦᠨ ᠬᠦᠷᠭᠡᠪᠡ᠃ 12345 ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ | ᠠᠵᠢᠯᠲᠠᠨ ᠢ ᠰᠢᠯᠵᠢᠭᠦᠯᠦᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ | ᠦᠵᠡᠭᠦᠯᠬᠦ ᠬᠠᠯᠠᠮᠰᠢᠯ ᠤᠲᠠᠰᠤᠨ ᠤ ᠠᠵᠢᠯ ᠤᠨ ᠬᠦᠴᠦᠨ ᠢ ᠲᠡᠭᠦᠯᠳᠡᠷᠵᠢᠭᠦᠯᠵᠦ᠂ ︽ᠲᠤᠰᠬᠠᠶ ᠬᠥᠮᠦᠨ ᠳᠠᠭᠠᠵᠤ | ᠳᠠᠩᠰᠠ ᠶᠢᠨ ᠲᠦᠷᠢᠮ ᠢ ᠵᠢᠷᠤᠮᠯᠠᠬᠤ︾ ᠶᠢ ᠬᠡᠷᠡᠭᠵᠢᠭᠦᠯᠦᠨ᠂ ︽ᠳᠠᠩᠰᠠ ᠲᠣᠮᠢᠯᠠᠬᠤ — ᠰᠢᠪᠠᠳᠠᠨ ᠭᠦᠢᠴᠡᠳᠭᠡᠬᠦ | — ᠬᠢᠨᠠᠨ ᠭᠦᠢᠴᠡᠳᠭᠡᠬᠦ — ᠳᠠᠩᠰᠠ ᠬᠢᠨᠠᠬᠤ — ᠬᠠᠷᠢᠭᠤ ᠰᠤᠷᠪᠤᠯᠵᠢᠯᠠᠬᠤ︾ ᠪᠢᠲᠡᠭᠦᠮᠵᠢᠯᠡᠭᠰᠡᠨ ᠬᠡᠯᠪᠡᠷᠢ ᠶᠢᠨ | ᠠᠵᠢᠯ ᠤᠨ ᠬᠡᠯᠬᠢᠶ᠎ᠡ ᠶᠢ ᠪᠣᠶ ᠪᠣᠯᠭᠠᠵᠤ᠂ ᠠᠵᠢᠯ ᠤᠨ ᠳᠠᠩᠰᠠ ᠨᠢᠭᠡᠪᠦᠷᠢ ᠳᠤ ᠴᠥᠮ ᠲᠤᠰᠬᠠᠶ ᠲᠤᠰᠢᠶᠠᠯᠲᠠᠨ ᠢ | ᠬᠠᠷᠭᠤᠭᠤᠯᠤᠨ ᠪᠠᠶᠢᠴᠠᠭᠠᠬᠤ ᠶᠢ ᠦᠨᠡᠨ ᠬᠦ ᠪᠠᠲᠤᠯᠠᠵᠤ᠂ ᠰᠠᠨᠠᠭᠤᠯᠵᠤ ᠮᠡᠳᠡᠭᠡᠯᠡᠬᠦ ᠲᠣᠭᠲᠠᠴᠠ ᠶᠢ ᠴᠢᠩᠭᠠᠷᠠᠭᠤᠯᠤᠨ᠂ | ᠡᠳᠦᠷ ᠢᠶᠠᠷ ᠬᠢᠨᠠᠨ ᠭᠦᠢᠴᠡᠳᠭᠡᠬᠦ ᠪᠠ ᠰᠠᠷ᠎ᠠ ᠪᠠᠷ ᠵᠠᠷᠯᠠᠨ ᠮᠡᠳᠡᠭᠳᠡᠬᠦ ᠶᠢ ᠬᠡᠷᠡᠭᠵᠢᠭᠦᠯᠵᠦ᠂ ᠡᠯ᠎ᠡ ᠳᠠᠭᠠᠭᠠᠨ | ᠭᠦᠢᠴᠡᠳᠭᠡᠬᠦ ᠨᠢᠭᠡᠴᠢ ᠶᠢ ᠰᠢᠪᠠᠳᠠᠵᠤ ᠪᠠᠶᠢᠭᠠᠳ ᠲᠣᠭᠲᠠᠭᠰᠠᠨ ᠴᠠᠭ ᠤᠨ ᠳᠣᠲᠣᠷ᠎ᠠ ᠣᠯᠠᠨ ᠲᠦᠮᠡᠨ ᠤ ᠪᠠᠴᠢᠮ | ᠬᠦᠴᠢᠷ ᠵᠣᠪᠠᠨᠢᠯ ᠢ ᠰᠢᠢᠳᠪᠦᠷᠢᠯᠡᠪᠡ᠃ | ᠬᠥᠲᠥᠯᠥᠭᠴᠢ᠄ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ | ᠲᠣᠪᠴᠢᠶ᠎ᠠ ᠶᠢᠨ ᠲᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠨᠢ ᠶᠠᠭᠤ ᠪᠣᠶ︖ | ᠰᠤᠷᠪᠤᠯᠵᠢᠯᠠᠭᠳᠠᠭᠴᠢ᠄ ︽ᠥᠨᠳᠥᠷ ᠪᠦᠲᠦᠮᠵᠢᠲᠡᠢ ᠪᠠᠷ ᠨᠢᠭᠡ ᠶᠠᠪᠤᠳᠠᠯ ᠢ ᠭᠦᠢᠴᠡᠳᠬᠡᠬᠦ︾ ᠠᠵᠢᠯ ᠢ | ᠦᠷᠭᠦᠯᠵᠢᠯᠡᠨ ᠠᠬᠢᠭᠤᠯᠤᠨ᠎ᠠ᠃ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠤᠯᠤᠰ ᠪᠠ ᠥᠪᠡᠷᠲᠡᠭᠡᠨ ᠵᠠᠰᠠᠬᠤ ᠣᠷᠣᠨ ᠤ | ᠱᠠᠭᠠᠷᠳᠠᠭᠰᠠᠨ 16 ︽ᠨᠢᠭᠡ ᠶᠠᠪᠤᠳᠠᠯ︾ ᠢ ᠰᠠᠶᠢᠲᠤᠷ ᠨᠠᠶᠢᠳᠠᠪᠤᠷᠢᠵᠢᠭᠤᠯᠵᠤ᠂ ᠪᠤᠭᠤᠲᠤ ᠬᠤᠲᠠ ᠶᠢᠨ | ᠱᠠᠭᠠᠷᠳᠠᠯᠭ᠎ᠠ ᠶᠣᠰᠣᠭᠠᠷ ︽ᠨᠢᠭᠡ ᠶᠠᠪᠤᠳᠠᠯ︾ ᠤᠨ ᠥᠭᠡᠷᠡᠴᠢᠯᠡᠯᠲᠡ ᠶᠢᠨ ᠪᠠᠭᠲᠠᠭᠠᠮᠵᠢ ᠶᠢ ᠥᠷᠭᠡᠳᠬᠡᠬᠦ ᠶᠢ | ᠦᠷᠭᠦᠯᠵᠢᠯᠡᠨ ᠠᠬᠢᠭᠤᠯᠵᠤ᠂ ᠬᠤᠯᠪᠣᠭᠳᠠᠯ ᠪᠥᠬᠦᠶ ᠴᠢᠨᠠᠷ ᠢᠶᠠᠷ ᠴᠢᠩᠭ᠎ᠠ᠂ ᠠᠵᠢᠯ ᠶᠠᠪᠤᠳᠠᠯ ᠭᠦᠢᠴᠡᠳᠭᠡᠬᠦ | ᠬᠡᠷᠡᠭᠴᠡᠭᠡ ᠱᠠᠭᠠᠷᠳᠠᠯᠭ᠎ᠠ ᠶᠢᠨ ᠬᠡᠮᠵᠢᠶ᠎ᠡ ᠪᠠᠷ ᠨᠠᠩ ᠣᠯᠠᠨ ᠬᠤᠯᠪᠣᠭᠳᠠᠬᠤ ᠴᠢᠨᠠᠷ ᠢᠶᠠᠷ ᠴᠢᠩᠭ᠎ᠠ᠂ ᠠᠵᠤ ᠠᠬᠤᠶᠢᠯᠠᠯ | ᠪᠠ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢᠶᠠᠷ ᠴᠢᠩᠭ᠎ᠠ ᠰᠠᠯᠠᠭ᠎ᠠ ᠮᠥᠴᠢᠷ ᠠᠯᠤᠰᠯᠠᠭᠰᠠᠨ᠂ ᠲᠠᠰ | ᠳᠠᠪᠬᠤᠷᠭ᠎ᠠ ᠠᠯᠤᠰᠯᠠᠭᠰᠠᠨ ᠵᠦᠢᠯᠡᠰ ᠢ ᠴᠤᠭᠯᠠᠭᠤᠯᠤᠨ ᠭᠦᠢᠴᠡᠳᠭᠡᠬᠦ ᠶᠢ ᠵᠢᠯ ᠳᠠᠷᠠᠭᠠᠯᠠᠨ ᠠᠬᠢᠭᠤᠯᠬᠤ ᠬᠡᠷᠡᠭᠲᠡᠢ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠶᠠᠪᠤᠳᠠᠯ ᠭᠦᠢᠴᠡᠳᠭᠡᠬᠦ ᠴᠤᠪᠤᠷᠠᠯ ᠢ ᠰᠢᠯᠢᠳᠡᠭᠵᠢᠭᠦᠯᠦᠨ᠎ᠡ᠃ ︽ | ᠪᠢ ᠣᠯᠠᠨ ᠲᠦᠮᠡᠨ ᠳᠤ ᠪᠠᠷ᠎ᠠ ᠪᠣᠯᠵᠣ ᠴᠤᠪᠤᠷᠠᠯ ᠢᠶᠠᠷ ᠶᠠᠪᠤᠬᠤ︾᠂ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠪᠡᠶᠡᠴᠢᠯᠡᠨ ᠣᠶᠢᠯᠠᠭᠠᠬᠤ︾ ᠵᠡᠷᠭᠡ ᠠᠵᠢᠯ ᠢ ᠥᠷᠨᠢᠭᠦᠯᠦᠨ᠎ᠡ᠃ ᠡᠯ᠎ᠡ ᠰᠠᠯᠠᠭ᠎ᠠ ᠮᠥᠴᠢᠷ ᠤᠨ ᠭᠤᠤᠯ | ᠤᠳᠤᠷᠢᠳᠤᠯᠭ᠎ᠠ ᠪᠤᠶᠤ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠢᠩᠬᠢᠮ ᠳᠤ ᠬᠦᠷᠴᠦ ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ ᠭᠦᠢᠴᠡᠳᠭᠡᠬᠦ ᠴᠤᠪᠤᠷᠠᠯ ᠢ ᠪᠡᠶᠡᠴᠢᠯᠡᠨ | ᠣᠶᠢᠯᠠᠭᠠᠵᠤ᠂ ᠠᠵᠤ ᠠᠬᠤᠶᠢᠯᠠᠯ ᠣᠯᠠᠨ ᠲᠦᠮᠡᠨ ᠪᠠ ᠡᠯ᠎ᠡ ᠠᠵᠢᠯ ᠲᠥᠷᠥᠯ ᠤᠨ ᠲᠤᠰᠬᠠᠶ ᠮᠡᠷᠭᠡᠵᠢᠯᠲᠡᠨ | ᠡᠷᠳᠡᠮᠲᠡᠨ ᠢ ᠤᠷᠢᠵᠤ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠡᠶᠡᠴᠢᠯᠡᠨ ᠣᠶᠢᠯᠠᠭᠠᠭᠤᠯᠤᠭᠴᠢ︾ ᠪᠣᠯᠭᠠᠵᠤ | ᠂ ᠲᠥᠷᠥ ᠶᠢᠨ ᠪᠣᠳᠣᠯᠭ᠎ᠠ ᠶᠢ ︽ᠤᠶᠢᠯᠠᠭᠠᠬᠤ ᠡᠰᠡᠬᠦ︾᠂ ᠴᠣᠪᠣᠷᠠᠯ ︽ᠨᠡᠪᠲᠡᠷᠡᠬᠦ ᠡᠰᠡᠬᠦ︾᠂ ᠦᠢᠯᠡᠴᠢᠯᠡᠭᠡ ︽ | ᠰᠢᠯᠢᠳᠡᠭ ᠡᠰᠡᠬᠦ︾᠂ ᠤᠶᠢᠯᠠᠭᠠᠯᠲᠠ ︽ᠰᠠᠶᠢᠨ ᠡᠰᠡᠬᠦ︾᠂ ᠨᠠᠷᠢᠨ ᠳᠠᠩᠰᠠ ᠶᠢ ᠨᠡᠶᠢᠲᠡᠯᠡᠬᠦ᠂ ᠬᠡᠷᠡᠭᠯᠡᠯᠲᠡ ᠶᠢ | ᠪᠥᠲᠥᠭᠡᠨ ᠪᠠᠶᠢᠭᠤᠯᠬᠤ᠂ ᠬᠡᠷᠡᠭᠯᠡᠯᠲᠡ ᠶᠢ ᠬᠠᠷᠢᠭᠤ ᠲᠤᠰᠬᠠᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠪᠢᠲᠡᠭᠦᠦ | ᠴᠠᠭᠠᠷᠢᠭ ᠢ ᠪᠦᠷᠢᠯᠳᠦᠭᠦᠯᠦᠨ᠎ᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ | ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠤᠨ᠎ᠠ᠃ 2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠨᠡᠯᠡᠨ ᠵᠢᠱᠢᠭᠰᠡᠨ ᠮᠡᠳᠡᠭᠦᠯᠦᠯᠳᠡ ᠪᠠᠷ ᠭᠠᠷᠳᠠᠴᠠ | ᠪᠣᠯᠭᠠᠵᠤ᠂ ᠡᠯ᠎ᠡ ᠨᠢᠭᠡᠴᠢ᠂ ᠰᠠᠯᠠᠭ᠎ᠠ ᠮᠥᠴᠢᠷ ᠢ ᠰᠢᠪᠠᠳᠠᠵᠤ ᠪᠠᠶᠢᠭᠠᠳ ᠡᠬᠡ ᠲᠠᠩᠰᠠᠨ ᠳᠠᠬᠢ ᠠᠰᠠᠭᠤᠳᠠᠯ ᠢ ᠨᠠᠷᠢᠨ | ᠬᠢᠨᠠᠮᠠᠭᠠᠶ ᠴᠡᠭᠴᠡᠯᠡᠨ ᠰᠠᠶᠢᠵᠢᠷᠠᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ | ᠭᠤᠤᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ᠂ ᠬᠢᠯᠠᠰ ᠴᠡᠭ ᠤᠨ ᠠᠵᠢᠯ ᠪᠠ ᠰᠢᠨ᠎ᠡ ᠶᠢ ᠡᠭᠦᠳᠦᠭᠰᠡᠨ | ᠠᠷᠭ᠎ᠠ ᠬᠢᠳᠡᠯ᠂ ᠨᠡᠶᠢᠲᠡᠯᠢᠭ ᠲᠤᠷᠰᠢᠯᠭ᠎ᠠ ᠶᠢ ᠥᠷᠭᠡᠨ ᠢᠶᠠᠷ ᠤᠬᠠᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ | ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ | ᠬᠦᠴᠦᠨ ᠢ ᠪᠠᠳᠠᠷᠠᠭᠤᠯᠬᠤ ᠶᠢ ᠠᠬᠢᠭᠤᠯᠪᠠ᠃ ᠮᠠᠨᠳᠤᠯ ᠪᠣᠭᠤᠮᠲᠠ ᠶᠢᠨ ︽ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠵᠢᠯ ᠤᠨ ᠥᠷᠲᠡᠭᠡ︾ ᠶᠢᠨ ᠴᠢᠳᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ | ᠪᠣᠭᠤᠮᠲᠠ ᠪᠠᠷ ᠥᠩᠭᠡᠷᠡᠬᠦ ᠠᠵᠤ ᠠᠬᠤᠶᠢᠯᠠᠯ ᠣᠯᠠᠨ ᠲᠦᠮᠡᠨ ᠤ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ | ᠦᠨᠳᠦᠰᠦᠯᠡᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠥᠷᠲᠡᠭᠡ ᠶᠢᠨ ᠦᠢᠯᠡᠴᠢᠯᠡᠭᠡᠨ ᠤ | ᠬᠡᠪᠴᠢᠶ᠎ᠡ ᠶᠢ ᠥᠷᠭᠡᠳᠬᠡᠵᠦ᠂ ᠤᠶᠤᠨᠴᠢᠯᠠᠭᠰᠠᠨ ᠰᠢᠨ᠎ᠡ ᠶᠢ ᠡᠭᠦᠳᠬᠦ ᠡᠷᠴᠢᠮ ᠢ ᠴᠢᠩᠭᠠᠷᠠᠭᠤᠯᠤᠨ᠂ ᠮᠠᠨᠳᠤᠯ | ᠪᠣᠭᠤᠮᠲᠠ ᠶᠢᠨ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠥᠷᠲᠡᠭᠡ︾ ᠶᠢᠨ ᠠᠭᠤᠯᠤᠭᠳᠠᠬᠤᠨ ᠤ | ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠣᠭᠤᠮᠲᠠ ᠶᠢᠨ ᠠᠵᠤ ᠠᠬᠤᠶᠢᠯᠠᠯ ᠳᠤ ︽ᠨᠢᠭᠡ | ᠥᠷᠲᠡᠭᠡᠨ ᠤ ᠮᠠᠶ᠋ᠢᠭ︾ ᠤᠨ ᠣᠯᠠᠨ ᠲᠠᠯ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠬᠤ ᠶᠢᠨ ᠬᠠᠮᠲᠤ | ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠣᠯᠠᠨ ᠲᠦᠮᠡᠨ ᠤ ᠣᠶᠢᠯᠠᠭᠠᠬᠤ ᠬᠡᠮᠵᠢᠶ᠎ᠡ ᠶᠢ | ᠳᠡᠭᠡᠭᠰᠢᠯᠡᠭᠦᠯᠬᠦ ᠬᠡᠷᠡᠭᠲᠡᠢ᠃ ᠰᠠᠯᠠᠭ᠎ᠠ ᠮᠥᠴᠢᠷ ᠤᠳ 12345 ᠬᠠᠯᠠᠮᠰᠢᠯ ᠤᠲᠠᠰᠤ ᠶᠢ ᠭᠦᠢᠴᠡᠳᠭᠡᠬᠦ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠠᠮᠵᠢᠯᠴᠠᠨ ᠠᠬᠢᠭᠤᠯᠤᠨ᠎ᠠ᠃ ᠬᠦᠯᠢᠶᠡᠨ ᠠᠪᠴᠤ | ᠰᠢᠢᠳᠪᠦᠷᠢᠯᠡᠬᠦ᠂ ᠬᠢᠨᠠᠨ ᠬᠦᠢᠴᠡᠳᠭᠡᠬᠦ᠂ ᠬᠠᠷᠢᠭᠤ ᠲᠤᠰᠬᠠᠬᠤ ᠵᠡᠷᠭᠡ ᠰᠢᠷᠢᠰ ᠠᠵᠢᠯ ᠤᠨ ᠳᠦᠷᠢᠮ ᠢ ᠪᠠᠶᠢᠭᠤᠯᠤᠨ | ᠪᠦᠷᠢᠨᠰᠢᠭᠦᠯᠵᠦ᠂ ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠨᠢᠭᠡᠴᠢ ᠶᠢᠨ ᠠᠵᠢᠯ ᠤᠨ ᠳᠠᠩᠰᠠ ᠶᠢ | ᠭᠦᠢᠴᠡᠳᠬᠡᠭᠰᠡᠨ ᠪᠠᠶᠢᠳᠠᠯ ᠢ ᠦᠨᠳᠦᠰᠦᠯᠡᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠠᠬᠢᠭᠤᠯᠬᠤ ᠬᠤᠷᠠᠯ | ᠬᠤᠷᠠᠯᠳᠤᠭᠤᠯᠵᠤ᠂ ᠰᠢᠮᠳᠠᠭᠤᠯᠬᠤ ᠡᠷᠴᠢᠮ ᠢᠶᠠᠨ ᠴᠢᠩᠭᠠᠷᠠᠭᠤᠯᠤᠨ᠂ ᠭᠤᠣᠯ ᠤᠳᠤᠷᠢᠳᠤᠯᠭ᠎ᠠ ᠶᠡᠷᠦᠩᠬᠡᠢ | ᠬᠠᠷᠢᠭᠤᠴᠠᠯᠭ᠎ᠠ ᠶᠢ ᠡᠭᠦᠷᠭᠡᠯᠡᠬᠦ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠬᠤ᠂ ᠪᠣᠳᠠᠲᠠᠢ | ᠠᠵᠢᠯᠲᠠᠨ ᠢ ᠦᠳᠲᠡᠷ ᠲᠦᠷᠭᠡᠨ ᠰᠢᠢᠳᠪᠦᠷᠢᠯᠡᠬᠦ ᠤᠷᠳᠤ ᠬᠤᠭᠤᠴᠠᠭᠠᠨ ᠤ ᠪᠦᠲᠦᠮᠵᠢᠲᠡᠢ ᠠᠵᠢᠯ ᠤᠨ | ᠲᠣᠭᠲᠠᠴᠠ ᠶᠢ ᠪᠦᠷᠢᠨᠰᠢᠭᠦᠯᠦᠨ᠎ᠡ᠃ ᠰᠠᠯᠠᠭ᠎ᠠ ᠮᠥᠴᠢᠷ ᠤᠨ ᠬᠤᠭᠤᠷᠣᠨᠳᠣᠬᠢ ᠨᠡᠪᠲᠡᠷᠡᠯᠴᠡᠭᠡ ᠵᠣᠬᠢᠴᠠᠭᠤᠯᠭ᠎ᠠ ᠶᠢ | ᠴᠢᠩᠭᠠᠳᠬᠠᠵᠤ᠂ ᠬᠠᠮᠲᠤᠷᠠᠨ ᠪᠠᠶᠢᠴᠠᠭᠠᠵᠤ ᠬᠠᠮᠲᠤᠷᠠᠨ ᠰᠢᠢᠳᠪᠦᠷᠢᠯᠡᠬᠦ ᠵᠡᠷᠭᠡ ᠠᠷᠭ᠎ᠠ ᠮᠠᠶ᠋ᠢᠭ ᠢᠶᠠᠷ ᠬᠠᠮᠵᠢᠯᠴᠠᠨ | ᠭᠦᠢᠴᠡᠳᠬᠡᠵᠦ᠂ ᠬᠠᠷᠢᠯᠴᠠᠨ ᠲᠦᠯᠬᠢᠯᠴᠡᠬᠦ᠂ ᠭᠦᠢᠴᠡᠳᠬᠡᠬᠦ ᠶᠢ ᠤᠳᠠᠭᠠᠰᠢᠷᠠᠭᠤᠯᠬᠤ ᠵᠡᠷᠭᠡ ᠦᠵᠡᠭᠳᠡᠯ ᠢ ᠡᠷᠡᠰ | ᠬᠤᠷᠢᠭᠯᠠᠵᠤ᠂ ᠵᠠᠰᠠᠭ ᠤᠨ ᠣᠷᠳᠣᠨ ᠤ ᠠᠷᠠᠳ ᠲᠦᠮᠡᠨ ᠳᠤ ᠦᠢᠯᠡᠴᠢᠯᠡᠬᠦ ᠤᠬᠠᠮᠰᠠᠷ ᠪᠠ ᠴᠢᠳᠠᠪᠤᠷᠢ ᠶᠢ ᠦᠨᠡᠨ ᠬᠦ | ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ᠃ | |