ᠪᠠᠰᠠ ᠯᠠ ᠶᠡᠬᠡᠪᠡᠷ ᠳᠡᠯᠭᠡᠷᠡᠬᠦ ᠤᠯᠠᠷᠢᠯ ᠪᠣᠯᠤᠯ᠎ᠠ︕ ᠡᠮᠴᠢ᠄ ᠡᠪᠡᠳᠴᠢᠲᠡᠨ ᠤ ᠶᠢᠰᠦᠨ ᠬᠤᠪᠢ ᠨᠢ ᠡᠷᠡᠭᠲᠡᠶ ᠬᠦᠮᠦᠨ ᠪᠣᠯᠤᠨ᠎ᠠ ᠬᠡᠪᠡ
ᠨᠡᠶᠢᠲᠡᠯᠡᠭᠰᠡᠨ ᠴᠠᠭ᠄
2024/7/21
      ᠵᠧᠵᠢᠶᠠᠩ ᠮᠤᠵᠢ ᠶᠢᠨ ᠯᠢ ᠲᠦᠩ ᠳ᠋ᠧ ᠡᠮᠨᠡᠯᠭᠡ ᠶᠢᠨ ᠬᠤᠷᠢᠶᠠᠨ ᠤ ᠪᠥᠭᠡᠷᠡᠨ ᠡᠪᠡᠳᠴᠢᠨ ᠬᠡᠷᠦᠬᠦ ᠡᠪᠡᠳᠴᠢᠨ ᠤ ᠰᠠᠯᠠᠭᠠᠨ ᠤ ᠡᠷᠬᠢᠯᠡᠭᠴᠢ ᠬᠢᠲᠠᠳ ᠡᠮᠴᠢ ᠴᠧᠨ ᠴᠢᠨ ᠬᠡᠯᠡᠬᠦ ᠳᠡᠭᠡᠨ᠂ ᠤᠢᠢᠷ᠎ᠠ ᠶᠢᠨ ᠡᠳᠦᠷ ᠤᠳ ᠲᠤ᠂ ᠡᠳᠦᠷ ᠪᠦᠷᠢ 20 ᠰᠢᠬᠠᠮ ᠴᠢᠰᠤᠨ ᠤ ᠰᠢᠭᠡᠰᠦᠨ ᠬᠦᠴᠢᠯ ᠠᠷᠪᠢᠳᠠᠬᠤ ᠬᠡᠮ ᠪᠠ ᠲᠤᠯᠠᠢ ᠡᠪᠡᠳᠴᠢᠨ ᠲᠠᠢ ᠬᠦᠮᠦᠨ ᠢ ᠬᠦᠯᠢᠶᠡᠨ ᠠᠪᠴᠤ ᠡᠮᠨᠡᠵᠦ ᠪᠠᠶᠢᠨ᠎ᠠ᠂ ᠡᠭᠦᠨ ᠳᠤ ᠶᠢᠰᠦᠨ ᠬᠤᠪᠢ ᠨᠢ ᠡᠷᠡᠭᠲᠡᠢ ᠬᠥᠮᠦᠨ ᠪᠣᠯᠤᠨ᠎ᠠ ᠭᠡᠪᠡ᠃      ᠲᠤᠯᠠᠢ ᠡᠪᠡᠳᠴᠢᠨ ᠨᠢ ᠡᠬᠢᠨ ᠳᠡᠭᠡᠨ ᠴᠢᠰᠤᠨ ᠤ ᠰᠢᠭᠡᠰᠦᠨ ᠬᠦᠴᠢᠯ ᠠᠷᠪᠢᠳᠠᠬᠤ ᠬᠡᠮ ᠢᠶᠠᠷ ᠢᠯᠡᠷᠡᠵᠦ᠂ ᠪᠥᠭᠡᠷ᠎ᠡ ᠪᠠ ᠦᠶ᠎ᠡ ᠭᠡᠰᠢᠭᠦᠦ ᠶᠢ ᠬᠦᠨᠳᠦ ᠬᠡᠴᠡᠭᠦᠦ ᠨᠥᠯᠥᠭᠡᠯᠡᠳᠡᠭ᠃ ᠠᠩᠬᠠᠷᠤᠭᠤᠰᠢᠲᠠᠶ ᠨᠢ ᠴᠢᠰᠤᠨ ᠤ ᠰᠢᠭᠡᠰᠦᠨ ᠬᠦᠴᠢᠯ ᠠᠷᠪᠢᠳᠠᠬᠤ ᠬᠡᠮ ᠨᠢ ᠶᠠᠭ ᠵᠠᠯᠠᠭᠤᠵᠢᠬᠤ ᠬᠠᠨᠳᠤᠰᠢ ᠲᠠᠢ ᠪᠣᠯᠵᠤ ᠪᠠᠶᠢᠨ᠎ᠠ᠃ ᠴᠢᠰᠤᠨ ᠤ ᠰᠢᠭᠡᠰᠦᠨ ᠬᠦᠴᠢᠯ ᠠᠷᠪᠢᠳᠠᠬᠤ ᠬᠡᠮ ᠪᠣᠯ ᠲᠤᠯᠠᠢ ᠡᠪᠡᠳᠴᠢᠨ ᠡᠭᠦᠰᠬᠦ ᠡᠪᠡᠳᠴᠢᠨ ᠤ ᠵᠦᠢ ᠶᠢᠨ ᠰᠠᠭᠤᠷᠢ ᠮᠥᠨ᠂ ᠴᠢᠰᠤᠨ ᠤ ᠰᠢᠭᠡᠰᠦᠨ ᠬᠦᠴᠢᠯ ᠠᠷᠪᠢᠳᠠᠬᠰᠠᠨ ᠠᠴᠠ ᠦᠶ᠎ᠡ ᠭᠡᠰᠢᠭᠦᠦ ᠬᠠᠯᠠᠭᠤᠷᠠᠨ ᠡᠪᠡᠳᠴᠦ ᠬᠠᠪᠤᠳᠬᠤ ᠵᠡᠷᠭᠡ ᠲᠦᠷᠭᠡᠨ ᠴᠢᠨᠠᠷᠲᠠᠢ ᠡᠪᠡᠳᠴᠢᠨ ᠤ ᠰᠢᠨᠵᠢ ᠲᠡᠮᠳᠡᠭ ᠭᠠᠷᠳᠠᠭ ᠨᠢ ᠲᠤᠯᠠᠢ ᠡᠪᠡᠳᠴᠢᠨ ᠪᠣᠯᠤᠨ᠎ᠠ᠃      ᠡᠮᠴᠢ ᠶᠢᠨ ᠲᠠᠢᠯᠪᠤᠷᠢᠯᠠᠨ ᠬᠡᠯᠡᠬᠦ ᠳᠡᠭᠡᠨ᠂ ᠴᠢᠰᠤᠨ ᠤ ᠰᠢᠭᠡᠰᠦᠨ ᠬᠦᠴᠢᠯ ᠠᠷᠪᠢᠳᠠᠬᠤ ᠨᠢ ᠭᠡᠷ ᠪᠦᠯᠢ ᠶᠢᠨ ᠮᠠᠶ᠋ᠢᠭ ᠤᠨ ᠪᠠᠶᠢᠳᠠᠯ ᠲᠠᠢ ᠪᠦᠭᠡᠳ ᠪᠠᠰᠠ ᠡᠷᠡᠭᠲᠡᠶ ᠬᠥᠮᠦᠨ ᠳᠤ ᠣᠯᠠᠨ ᠲᠣᠬᠢᠶᠠᠯᠳᠤᠨ᠎ᠠ᠃ ᠭᠡᠪᠡᠴᠦ ᠡᠨᠡ ᠨᠢ ᠤᠳᠤᠮᠰᠢᠯ ᠤᠨ ᠴᠢᠨᠠᠷᠲᠠᠢ ᠡᠪᠡᠳᠴᠢᠨ ᠪᠢᠰᠢ᠂ ᠬᠠᠷᠢᠨ ᠡᠪᠡᠳᠴᠢᠲᠡᠨ ᠤ ᠲᠤᠰ ᠪᠡᠶ᠎ᠡ ᠳᠤ ᠭᠧᠨ ᠤ ᠳᠤᠲᠠᠭᠳᠠᠯ ᠲᠠᠢ ᠪᠤᠯᠤᠬᠰᠠᠨ ᠪᠠᠶᠢᠵᠤ ᠮᠡᠳᠡᠨ᠎ᠡ ᠬᠡᠪᠡ᠃ ︽ᠡᠷᠡᠭᠲᠡᠢ ᠬᠥᠮᠦᠨ ᠤ ᠪᠡᠶ᠎ᠡ ᠶᠢᠨ ᠳᠣᠲᠣᠷᠠᠬᠢ ᠡᠷ᠎ᠡ ᠬᠤᠷᠮᠣᠨ ᠨᠢ ᠪᠥᠭᠡᠷᠡᠨ ᠤ ᠰᠢᠭᠡᠰᠦᠨ ᠬᠦᠴᠢᠯ ᠢ ᠭᠠᠳᠠᠭᠰᠢᠯᠠᠭᠤᠯᠬᠤ ᠶᠢ ᠬᠤᠷᠢᠭᠯᠠᠵᠤ᠂ ᠪᠥᠭᠡᠷᠡᠨ ᠤ ᠰᠣᠯᠢᠯᠴᠠᠭᠠᠨ ᠤ ᠦᠷ᠎ᠡ ᠪᠦᠲᠦᠮᠵᠢ ᠶᠢ ᠪᠠᠭᠤᠷᠠᠭᠤᠯᠵᠤ᠂ ᠡᠷᠡᠭᠲᠡᠢ ᠬᠥᠮᠦᠨ ᠤ ᠪᠡᠶ᠎ᠡ ᠶᠢᠨ ᠳᠣᠲᠣᠷᠠᠬᠢ ᠰᠢᠭᠡᠰᠦᠨ ᠬᠦᠴᠢᠯ ᠨᠢ ᠴᠢᠰᠤᠨ ᠳᠣᠲᠣᠷ᠎ᠠ ᠬᠤᠷᠠᠮᠳᠤᠳᠠᠭ᠃ ᠡᠶᠢᠮᠦ ᠠᠴᠠ ᠡᠷᠡᠭᠲᠡᠢ ᠬᠥᠮᠦᠨ ᠤ ᠰᠢᠭᠡᠰᠦᠨ ᠬᠦᠴᠢᠯ ᠲᠥᠷᠥᠯᠬᠢ ᠥᠨᠳᠥᠷ ᠪᠠᠶᠢᠳᠠᠭ︾ ᠭᠡᠵᠦ ᠡᠮᠴᠢ ᠬᠡᠯᠡᠪᠡ᠃ᠳᠤᠷ᠎ᠠ ᠪᠠᠷ ᠢᠳᠡᠵᠦ ᠤᠤᠭᠤᠪᠠᠯ ᠴᠢᠰᠤᠨ ᠤ ᠰᠢᠭᠡᠰᠦᠨ ᠬᠦᠴᠢᠯ ᠳᠡᠭᠡᠭᠰᠢᠯᠡᠵᠦ ᠲᠤᠯᠠᠢ ᠡᠪᠡᠳᠴᠢᠨ ᠢ ᠡᠭᠦᠰᠭᠡᠨ᠎ᠡ᠃ ᠡᠮᠴᠢ᠄ ᠮᠠᠷᠢᠶ᠎ᠠ ᠰᠢᠭᠤᠷᠠᠭᠤᠯᠬᠤ ᠬᠤᠭᠤᠯᠠ ᠨᠢ ᠫᠦᠷᠢᠨ ᠪᠠᠭᠠᠳᠠᠢ ᠢᠳᠡᠭᠡᠨ ᠤᠮᠳᠠᠭᠠᠨ ᠪᠢᠰᠢ ᠶᠤᠮ ᠭᠡᠵᠦ ᠲᠠᠶᠢᠯᠪᠤᠷᠢᠯᠠᠨ ᠬᠡᠯᠡᠪᠡ᠃      ︽ᠲᠤᠯᠠᠢ ᠡᠪᠡᠳᠴᠢᠨ ᠲᠦᠷᠭᠡᠨ ᠬᠥᠳᠡᠯᠬᠦ ᠳᠤ ᠴᠥᠭᠡᠨ ᠪᠤᠰᠤ ᠡᠪᠡᠳᠴᠢᠲᠡᠨ ᠶᠡᠷᠦ ᠨᠢ ᠦᠪᠡᠰᠦᠪᠡᠨ ᠭᠤᠨᠠᠨ ᠪᠡᠶᠡᠳᠦ ᠪᠤᠰᠤ ᠡᠪᠡᠳᠬᠦ ᠶᠢ ᠵᠣᠭᠰᠣᠭᠠᠬᠤ ᠡᠮ ᠤᠤᠭᠤᠳᠠᠭ᠃ ᠭᠡᠪᠡᠴᠦ ᠤᠷᠲᠤ ᠬᠤᠭᠤᠴᠠᠭ᠎ᠠ ᠪᠠᠷ ᠡᠪᠡᠳᠬᠦ ᠶᠢ ᠵᠣᠭᠰᠣᠭᠠᠬᠤ ᠡᠮ ᠤᠤᠭᠤᠪᠠᠯ ᠪᠥᠭᠡᠷᠡᠨ ᠤ ᠵᠠᠪᠰᠠᠷ ᠤᠨ ᠡᠳ᠋ ᠤᠨ ᠭᠡᠮᠲᠦᠯ ᠢ ᠡᠭᠦᠰᠭᠡᠵᠦ᠂ ᠡᠴᠦᠰ ᠲᠡᠭᠡᠨ ᠪᠥᠭᠡᠷᠡᠨ ᠤ ᠠᠵᠢᠯᠯᠠᠭ᠎ᠠ ᠶᠢ ᠮᠠᠭᠤᠳᠠᠭᠤᠯᠳᠠᠭ︾᠃      ᠮᠠᠷᠢᠶᠠᠯᠠᠬᠤ ᠪᠣᠯ ᠴᠢᠰᠤᠨ ᠤ ᠰᠢᠭᠡᠰᠦᠨ ᠬᠦᠴᠢᠯ ᠠᠷᠪᠢᠳᠠᠬᠤ ᠬᠡᠮ ᠪᠠ ᠲᠤᠯᠠᠢ ᠡᠪᠡᠳᠴᠢᠨ ᠡᠭᠦᠰᠬᠦ ᠶᠢᠨ ᠲᠤᠰᠠᠭᠠᠷ ᠠᠶᠤᠯᠲᠤ ᠡᠯᠧᠮᠧᠨ᠋ᠲ ᠪᠤᠯᠤᠨ᠎ᠠ᠃ ᠣᠳᠣᠬᠠᠨ ᠳᠤ ᠡᠨᠡ ᠡᠪᠡᠳᠴᠢᠨ ᠨᠢ ᠵᠠᠯᠠᠭᠤᠵᠢᠨ ᠬᠥᠭᠵᠢᠵᠦ᠂ ︽ᠴᠢᠰᠤᠨ ᠤ ᠰᠢᠭᠡᠰᠦᠨ ᠬᠦᠴᠢᠯ ᠠᠷᠪᠢᠳᠠᠬᠤ ᠬᠡᠮ→ ᠲᠤᠯᠠᠢ ᠡᠪᠡᠳᠴᠢᠨ→ ᠪᠥᠭᠡᠷᠡᠨ ᠤ ᠠᠵᠢᠯᠯᠠᠭ᠎ᠠ ᠪᠦᠷᠢᠨ ᠪᠤᠰᠤ ︾ ᠪᠤᠯᠭᠠᠵᠤ ᠪᠠᠶᠢᠨ᠎ᠠ᠃ ᠡᠷᠡᠭᠲᠡᠶ ᠬᠥᠮᠦᠨ ᠤ ᠴᠢᠰᠤᠨ ᠤ ᠰᠢᠭᠡᠰᠦᠨ ᠬᠦᠴᠢᠯ ᠨᠢ ᠢᠩᠭᠢᠵᠦ ᠠᠯᠬᠤᠮ ᠠᠯᠬᠤᠮ ᠢᠶᠠᠷ ᠡᠵᠡᠮᠳᠡᠯ ᠢᠶᠠᠨ ᠠᠯᠲᠠᠳᠠᠭ᠃ ︽ᠡᠮᠴᠢᠯᠡᠭᠡᠨ ᠳᠠᠬᠢ 50 % ᠠᠴᠠ ᠳᠡᠭᠡᠭᠰᠢᠬᠢ ᠲᠤᠯᠠᠢ ᠡᠪᠡᠳᠴᠢᠨ ᠨᠢ ᠪᠦᠷ ᠢᠳᠡᠵᠦ ᠪᠠᠶᠢᠭᠠᠳ ᠤᠯᠤᠬᠰᠠᠨ ᠪᠥᠭᠡᠳ ᠵᠠᠯᠠᠭᠤᠵᠢᠬᠤ ᠬᠠᠨᠳᠤᠰᠢ ᠲᠠᠢ ᠪᠤᠯᠵᠤ ᠪᠤᠢ᠃ ᠡᠪᠡᠳᠴᠢᠲᠡᠨ ᠶᠡᠷᠦ ᠨᠢ ᠪᠡᠶ᠎ᠡ ᠪᠢᠯᠳᠠᠷ ᠢᠶᠠᠷ ᠮᠠᠷᠢᠶ᠎ᠠ ᠲᠠᠢ᠂ ᠭᠡᠳᠡᠰᠦ ᠨᠢ ᠪᠦᠳᠦᠭᠦᠨ ᠪᠠᠶᠢᠳᠠᠭ ᠶᠤᠮ︾ ᠭᠡᠵᠦ ᠡᠮᠴᠢ ᠬᠡᠯᠡᠭᠰᠡᠨ ᠢᠶᠠᠨ ᠵᠠᠯᠭᠠᠭᠠᠳ᠂ ᠮᠠᠷᠢᠶᠠᠯᠠᠬᠤ ᠪᠣᠯ ᠨᠢᠭᠡ ᠵᠦᠢᠯ ᠤᠨ ᠰᠣᠯᠢᠯᠴᠠᠭᠠᠨ ᠤ ᠴᠢᠨᠠᠷᠲᠠᠶ ᠡᠪᠡᠳᠴᠢᠨ ᠪᠣᠯᠬᠤ ᠪᠠᠷ ᠪᠠᠷᠠᠬᠤ ᠥᠬᠡᠶ ᠂ ᠪᠠᠰᠠ ᠴᠢᠰᠤᠨ ᠤ ᠰᠢᠭᠡᠰᠦᠨ ᠬᠦᠴᠢᠯ ᠠᠷᠪᠢᠳᠠᠬᠤ ᠬᠡᠮ ᠪᠠ ᠲᠤᠯᠠᠢ ᠡᠪᠡᠳᠴᠢᠨ ᠡᠭᠦᠰᠬᠦ ᠲᠤᠰᠠᠭᠠᠷ ᠠᠶᠤᠯᠲᠤ ᠡᠯᠧᠮᠧᠨ᠋ᠲ ᠪᠤᠯᠬᠤ ᠶᠤᠮ᠂ ᠣᠯᠠᠨ ᠢᠶᠠᠷ ᠢᠶᠠᠨ ᠰᠡᠷᠡᠮᠵᠢ ᠲᠠᠢ ᠪᠠᠶᠢᠬᠤ ᠬᠡᠷᠡᠭᠲᠡᠶ ᠭᠡᠵᠦ ᠵᠢᠭᠠᠵᠤ ᠭᠠᠷᠭᠠᠪᠠ᠃
 
ᠢᠷᠡᠯᠲᠡ᠄ ᠠᠷᠡᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号