ᠰᠡᠴᠡᠨᠪᠠᠭᠠᠳᠤᠷ ᠬᠢᠬᠡᠳ ᠲᠡᠭᠦᠨ ᠤ ︽ᠡᠬᠡᠰᠢᠭ ᠤᠷᠠᠯᠢᠭ ᠤᠨ ᠰᠤᠷᠭᠠᠭᠤᠯᠢ︾
ᠨᠡᠶᠢᠲᠡᠯᠡᠭᠰᠡᠨ ᠴᠠᠭ᠄
2024/7/22
      ᠦᠰᠪᠦᠷᠢ ᠶᠢᠨ ᠬᠡᠥᠬᠡᠳ ᠤᠨ ᠬᠢᠴᠢᠶᠡᠯ ᠲᠦᠷᠦᠯ ᠠᠴᠠ ᠭᠠᠳᠠᠨᠠᠬᠢ ᠤᠷ᠎ᠠ ᠠᠪᠢᠶᠠᠰ ᠢ ᠪᠠᠳᠠᠷᠠᠭᠤᠯᠤᠨ ᠲᠡᠳᠡᠨ  ᠳᠤ ᠰᠤᠶᠤᠯ ᠤᠷᠠᠯᠢᠭ ᠤᠨ ᠠᠩᠬᠠᠨ ᠤ ᠭᠠᠷᠤᠭ᠎ᠠ ᠶᠢ ᠤᠯᠭᠤᠵᠦ ᠦᠭᠴᠦ ᠪᠠᠶᠢᠭ᠎ᠠ ᠡᠨᠡ ᠬᠦᠮᠦᠨ ᠢ ᠰᠡᠴᠡᠨᠪᠠᠭᠠᠳᠤᠷ ᠬᠡᠳᠡᠭ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ︽ᠡᠬᠡᠰᠢᠭ ᠤᠷᠠᠯᠢᠭ ᠤᠨ ᠤᠨ ᠰᠤᠷᠭᠠᠭᠤᠯᠢ︾ ᠶᠢᠨ ᠡᠭᠦᠰᠭᠡᠨ ᠪᠠᠶᠢᠭᠤᠯᠤᠭᠴᠢ᠂ ᠦᠪᠡᠷ ᠢᠶᠠᠨ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠴᠠᠭᠠᠠᠬᠠᠳᠠ ᠰᠤᠮᠤ  ᠪᠠᠷ ᠨᠤᠳᠤᠭ ᠲᠠᠢ᠃2009 ᠤᠨ ᠳᠤ ᠮᠤᠩᠭᠤᠯ ᠤᠯᠤᠰ ᠤᠨ ᠰᠤᠶᠤᠯ ᠤᠷᠠᠯᠢᠭ ᠤᠨ ᠶᠡᠭᠡ ᠰᠤᠷᠭᠠᠭᠤᠯᠢ ᠠᠴᠠ ᠲᠡᠭᠦᠰᠦᠨ2013 ᠤᠨ ᠳᠤ ᠨᠤᠳᠤᠭ ᠲᠠᠢ ᠪᠠᠨ ᠬᠠᠷᠢᠵᠦ ᠢᠷᠡᠭᠡᠳ ᠰᠡᠴᠡᠨᠪᠠᠭᠠᠳᠤᠷ ᠲᠠᠭᠤᠤ ᠬᠦᠭᠵᠢᠮ ᠤᠨ ᠰᠤᠷᠭᠠᠯᠳᠠ ᠶᠢᠨ ᠲᠦᠪ ᠢᠶᠠᠨ ᠡᠷᠬᠢᠯᠡᠵᠦ᠂ ᠰᠤᠷᠤᠭᠴᠢ ᠡᠯᠰᠡᠨ ᠮᠤᠷᠢᠨ ᠬᠤᠭᠤᠷ ᠭᠤᠤᠯᠯᠠᠨ ᠵᠢᠭᠠᠵᠦ ᠪᠠᠶᠢᠪᠠ᠃ ᠮᠤᠷᠢᠨ ᠬᠤᠭᠤᠷ ᠰᠤᠷᠬᠤ ᠬᠡᠥᠬᠡᠳ ᠤᠯᠠᠰᠢᠷᠠᠬᠤ ᠶᠢᠨ ᠵᠡᠷᠭᠡ ᠪᠠᠷ ᠨᠡᠩ ᠤᠯᠠᠨ ᠲᠤᠰᠬᠠᠢ ᠮᠡᠷᠭᠡᠵᠢᠯ ᠤᠨ ᠬᠢᠴᠢᠶᠡᠯ ᠲᠦᠷᠦᠯ ᠲᠠᠢ ᠪᠤᠯᠭᠠᠬᠤ ᠪᠠᠷ2021 ᠤᠨ ᠳᠤ ᠬᠡᠪᠴᠢᠶ᠎ᠡ ᠪᠠᠨ ᠦᠷᠭᠡᠳᠭᠡᠵᠦ ︽ᠡᠬᠡᠰᠢᠭ ᠤᠷᠠᠯᠢᠭ ᠤᠨ ᠰᠤᠷᠭᠠᠭᠤᠯᠢ︾ ᠬᠡᠮᠡᠨ ᠨᠡᠷ᠎ᠡ ᠪᠠᠨ ᠬᠠᠯᠠᠭᠰᠠᠨ ᠪᠠᠶᠢᠨ᠎ᠠ᠃
微信图片_20240722104248.png
      ︽ᠡᠬᠡᠰᠢᠭ ᠤᠷᠠᠯᠢᠭ ᠤᠨ ᠰᠤᠷᠭᠠᠭᠤᠯᠢ︾ ᠨᠢ ᠵᠢᠯ ᠪᠤᠯᠭᠠᠨ ᠤ ᠬᠠᠪᠤᠷ ᠠᠴᠠ ᠰᠤᠶᠤᠯ ᠤᠷᠠᠯᠢᠭ ᠲᠤ ᠲᠤᠷ᠎ᠠ ᠪᠠᠬ᠎ᠠ ᠲᠠᠢ ᠬᠡᠥᠬᠡᠳ ᠤᠳ ᠢ ᠨᠠᠰᠤᠨ ᠤ ᠬᠢᠵᠠᠭᠠᠷᠯᠠᠯ ᠢᠶᠠᠷ ᠡᠯᠰᠡᠨ᠂ ᠤᠯᠠᠨ ᠵᠢᠯ ᠵᠢᠭᠠᠨ ᠰᠤᠷᠭᠠᠯᠳᠠ ᠶᠢᠨ ᠠᠵᠢᠯ  ᠳᠤ ᠵᠢᠳᠭᠦᠭᠰᠡᠨ ᠲᠤᠷᠰᠢᠯᠭ᠎ᠠ ᠲᠠᠢ ᠪᠠᠭᠰᠢ ᠨᠠᠷ ᠢᠶᠠᠷ ᠲᠤᠰᠬᠠᠢ ᠮᠡᠷᠭᠡᠵᠢᠯ ᠤᠨ ᠬᠢᠴᠢᠶᠡᠯ ᠵᠢᠭᠠᠯᠭᠠᠳᠠᠭ᠃ ᠡᠭᠦᠨ ᠤ ᠬᠠᠮᠳᠦ ᠲᠤᠰ ᠰᠤᠷᠭᠠᠭᠤᠯᠢ ᠨᠢ ᠬᠡᠥᠬᠡᠳ ᠲᠤ ᠰᠤᠷᠴᠦ ᠡᠵᠡᠮᠰᠢᠬᠦ ᠡᠷᠬᠡ ᠶᠢ ᠪᠦᠷᠢᠨ ᠬᠠᠩᠭᠠᠬᠤ ᠶᠢᠨ ᠲᠦᠯᠦᠭᠡ᠂ ᠲᠡᠭᠦᠯᠳᠡᠷ ᠬᠦᠭᠵᠢᠮ᠂ ᠮᠤᠷᠢᠨ ᠬᠤᠭᠤᠷ᠂ ᠶᠠᠳᠤᠭ᠎ᠠ᠂ ᠫᠢᠫᠠ᠂ ᠤᠷᠠᠨ ᠵᠢᠷᠤᠭ᠂ ᠤᠷᠠᠨ ᠪᠴᠢᠯᠭᠡ᠂ ᠤᠷᠠᠨ ᠤᠩᠰᠢᠯᠭ᠎ᠠ ᠵᠡᠷᠭᠡ ᠤᠯᠠᠨ ᠲᠦᠷᠦᠯ ᠤᠨ ᠬᠢᠴᠢᠶᠡᠯ ᠢ ᠲᠤᠬᠢᠷᠠᠭᠤᠯᠤᠭᠰᠠᠨ ᠪᠠᠶᠢᠳᠠᠭ᠃ ᠲᠤᠷ᠎ᠠ ᠪᠠᠬ᠎ᠠ ᠳᠤ ᠪᠠᠨ ᠲᠠᠳᠠᠭᠳᠠᠨ ᠤᠷᠠᠯᠢᠭ ᠰᠤᠷᠬᠤ ᠪᠠᠷ ᠢᠷᠡᠭᠰᠡᠨ ᠬᠦᠮᠦᠰ ᠢ ᠪᠢᠳᠡᠭᠡᠢ ᠬᠦᠰᠡᠷᠳᠡᠭᠦᠯᠦᠶ᠎ᠡ ᠭᠡᠵᠦ ᠰᠡᠴᠡᠨᠪᠠᠭᠠᠳᠤᠷ ᠬᠤᠭᠤᠴᠠᠭ᠎ᠠ ᠪᠤᠯᠭᠠᠨ ᠲᠤᠰᠬᠠᠢ ᠮᠡᠷᠭᠡᠵᠢᠯ ᠢᠶᠠᠷ ᠨᠡᠯᠢᠶᠡᠳ ᠦᠨᠳᠦᠷ ᠪᠤᠯᠤᠭᠰᠠᠨ ᠰᠤᠷᠤᠭᠴᠢᠳ ᠲᠤ ᠦᠪᠡᠷ ᠤᠨ ᠲᠤᠰᠬᠠᠢ ᠲᠠᠯᠠᠪᠤᠷ ᠲᠤᠭᠯᠠᠯᠳᠠ ᠭᠠᠷᠭᠠᠬᠤ ᠲᠠᠪᠴᠠᠩ ᠬᠠᠩᠭᠠᠵᠦ ᠦᠭᠬᠦ ᠪᠤᠶᠤ ᠬᠠᠮᠳᠦ ᠨᠡᠶᠢᠳᠡ ᠶᠢᠨ ᠵᠢᠯ ᠤᠨ ᠡᠴᠤᠰ ᠤᠨ ᠬᠠᠷᠢᠭᠤ ᠮᠡᠳᠡᠭᠦᠯᠦᠯᠳᠡ ᠶᠢᠨ ᠲᠤᠭᠯᠠᠯᠳᠠ ᠶᠢ ᠰᠡᠳᠬᠢᠯ ᠲᠠᠯᠪᠢᠨ ᠵᠤᠬᠢᠶᠠᠨ ᠪᠠᠶᠢᠭᠤᠯᠳᠠᠭ ᠨᠢ ᠬᠡᠥᠬᠡᠳ  ᠤᠳ ᠲᠤ ᠪᠠᠰᠠ ᠲᠠᠶᠢᠰᠠᠨ ᠤ ᠤᠷᠠᠯᠢᠭ ᠪᠠ ᠬᠤᠪᠢ ᠪᠡᠶ᠎ᠡ ᠶᠢᠨ ᠬᠡᠪ ᠪᠤᠯᠪᠠᠰᠤᠷᠠᠯ ᠢᠶᠠᠨ ᠲᠡᠭᠡᠭᠰᠢᠯᠡᠭᠦᠯᠬᠦ ᠶᠡᠭᠡ ᠰᠢᠯᠭᠠᠯᠳᠠ ᠪᠤᠯᠳᠠᠭ ᠪᠠᠶᠢᠨ᠎ᠠ᠃ ᠤᠯᠠᠨ ᠵᠢᠯ ᠤᠨ ᠤᠷᠠᠯᠢᠭ ᠤᠨ ᠵᠢᠭᠠᠨ ᠰᠤᠷᠭᠠᠯᠳᠠ ᠶᠢᠨ ᠲᠤᠷᠰᠢᠯᠭ᠎ᠠ ᠬᠤᠷᠠᠮᠳᠤᠭᠤᠯᠤᠭᠰᠠᠨ ᠰᠡᠴᠡᠨᠪᠡᠭᠠᠳᠤᠷ ᠰᠤᠷᠭᠠᠭᠤᠯᠢ ᠶᠢᠨ ᠰᠤᠷᠤᠭᠴᠢᠳ ᠢᠶᠠᠨ ᠲᠠᠭᠠᠭᠤᠯᠵᠦ ᠤᠷᠢᠳ ᠬᠤᠵᠢᠳ ᠪᠤᠭᠤᠳᠦ ᠬᠤᠳᠠ ᠶᠢᠨ ᠴᠠᠭᠠᠨ ᠰᠠᠷ᠎ᠠ ᠶᠢᠨ ᠦᠳᠡᠰᠢᠯᠡᠭᠡ᠂ ᠪᠡᠭᠡᠵᠢᠩ ᠱᠠᠩᠬᠠᠢ ᠮᠤᠩᠭᠤᠯ ᠤᠯᠤᠰ ᠬᠡᠭᠦ ᠮᠡᠳᠦᠴᠢᠯᠡᠨ ᠤᠯᠤᠰ ᠤᠷᠤᠨ ᠨᠤᠭᠤᠳ ᠤᠨ ᠪᠠᠭᠠᠴᠤᠳ ᠬᠡᠥᠬᠡᠳ ᠤᠨ ᠤᠷᠤᠯᠳᠤᠭᠠᠨ ᠲᠡᠮᠡᠴᠡᠭᠡᠨ ᠳᠤ ᠤᠷᠤᠯᠴᠠᠨ ᠭᠠᠨᠵᠤᠭ᠎ᠠ ᠲᠦᠭᠦᠷᠡᠩ ᠪᠤᠴᠠᠵᠦ ᠰᠤᠷᠤᠭᠴᠢ ᠭᠡᠷ ᠤᠨ ᠠᠬᠠᠮᠠᠳ ᠨᠠᠷ ᠢ ᠪᠠᠶᠠᠷᠯᠠᠭᠤᠯᠵᠦ ᠪᠠᠶᠢᠭᠰᠠᠨ ᠤᠳᠠᠭ᠎ᠠ ᠴᠦ ᠪᠤᠢ᠃ ᠰᠤᠶᠤᠯ ᠤᠷᠠᠯᠢᠭ ᠤᠨ ᠪᠤᠯᠪᠠᠰᠤᠷᠠᠯ ᠤᠨ ᠠᠩᠭᠢ ᠡᠷᠬᠢᠯᠡᠭᠰᠡᠨ ᠠᠴᠠ ᠤᠳᠤ ᠪᠤᠯᠳᠠᠯᠠᠬᠢ ᠠᠷᠪᠠᠨ ᠵᠢᠯ ᠤᠨ ᠲᠤᠷᠰᠢ ᠡᠳᠦᠢ ᠲᠡᠳᠦᠢ ᠨᠤᠳᠤᠭ ᠤᠨ ᠬᠡᠥᠬᠡᠳ ᠲᠡᠭᠦᠦ ᠨᠠᠷ ᠮᠠᠨᠢ ᠤᠷᠠᠯᠢᠭ ᠤᠨ ᠰᠤᠷᠭᠠᠭᠤᠯᠢ ᠳᠤ ᠰᠢᠯᠭᠠᠭᠤᠯᠤᠨ ᠤᠷᠤᠭᠰᠠᠨ ᠨᠢ ᠰᠡᠴᠡᠨᠪᠠᠭᠠᠳᠤᠷ ᠲᠤ ᠡᠨᠡ ᠬᠦ ᠦᠢᠯᠡᠰ ᠢᠶᠠᠨ ᠦᠷᠭᠦᠯᠵᠢᠯᠡᠨ ᠡᠷᠬᠢᠯᠡᠬᠦ ᠮᠠᠰᠢ ᠶᠡᠭᠡ ᠰᠡᠳᠬᠢᠯ ᠤᠨ ᠲᠡᠩᠭᠡᠭᠡ ᠪᠤᠯᠳᠠᠭ ᠪᠠᠶᠢᠨ᠎ᠠ᠃
微信图片_20240722104257.png
      ᠦᠷ᠎ᠡ ᠬᠤᠶᠢᠴᠢᠰ ᠤᠨ ᠢᠶᠠᠨ ᠬᠢᠴᠢᠶᠡᠯ ᠰᠤᠷᠤᠯᠭ᠎ᠠ ᠠᠴᠠ ᠭᠠᠳᠠᠨᠠᠬᠢ ᠤᠷ᠎ᠠ ᠠᠪᠢᠶᠠᠰ ᠲᠤ ᠮᠡᠷᠭᠡᠰᠢᠨ ᠴᠠᠭᠠᠷᠠᠬᠤ ᠠᠵᠢᠯ ᠳᠤ ᠴᠢᠷᠮᠠᠶᠢᠨ ᠵᠢᠳᠭᠦᠵᠦ ᠪᠠᠶᠢᠭ᠎ᠠ ᠰᠡᠴᠡᠨᠪᠠᠭᠠᠳᠤᠷ ᠤᠨ ︽ᠡᠬᠡᠰᠢᠭ ᠤᠷᠠᠯᠢᠭ ᠤᠨ ᠰᠤᠷᠭᠠᠭᠤᠯᠢ︾ ᠶᠢᠨ ᠰᠤᠷᠤᠭᠴᠢᠳ ᠨᠢ ᠤᠯᠠᠮ ᠠᠷᠪᠢᠨ ᠪᠤᠯᠪᠠᠰᠤᠷᠠᠯ ᠮᠡᠷᠭᠡᠵᠢᠯ ᠲᠠᠢ ᠪᠤᠯᠤᠭᠠᠰᠠᠢ᠂ ᠰᠤᠷᠤᠯᠭ᠎ᠠ ᠶᠢᠨ ᠲᠠᠩᠬᠢᠮ ᠠᠴᠠ  ᠨᠢ ᠠᠶᠠᠯᠭᠤ ᠡᠬᠡᠰᠢᠭ ᠤᠶᠠᠩᠭᠠᠷᠠᠨ ᠴᠤᠤᠷᠢᠶᠠᠳᠤᠭᠠᠰᠠᠢ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号