ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠶᠢ ᠲᠠᠷᠬᠠᠭᠠᠬᠤ ᠪᠠᠷᠢᠮᠵᠢᠶ᠎ᠠ ᠶᠢ ᠲᠣᠬᠢᠷᠠᠭᠤᠯᠬᠤ ᠲᠤᠬᠠᠶ ᠬᠤᠯᠪᠣᠭᠳᠠᠯ ᠪᠥᠬᠦᠶ ᠤᠴᠢᠷ ᠶᠠᠪᠤᠳᠠᠯ ᠤᠨ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2024/7/23
      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠠᠯᠳᠠᠯᠲᠠ ᠶᠢᠨ ᠳᠠᠭᠠᠳᠬᠠᠯ ᠤᠨ ᠬᠡᠷᠡᠭᠵᠢᠭᠦᠯᠬᠦ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 268 ᠳ᠋ᠤᠭᠠᠷ ᠲᠣᠭᠠᠲᠤ ᠵᠠᠷᠯᠢᠭ︶ 2024 ᠣᠨ ᠤ 8 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠠᠯᠳᠠᠯᠲᠠ ᠶᠢᠨ ᠳᠠᠭᠠᠳᠬᠠᠯ ᠤᠨ ᠬᠡᠷᠡᠭᠵᠢᠭᠦᠯᠬᠦ ᠠᠷᠭ᠎ᠠ︾ ᠶᠢᠨ ᠳᠣᠯᠣᠳᠤᠭᠠᠷ ᠵᠦᠢᠯ ᠤᠨ ᠲᠣᠭᠲᠠᠭᠠᠯ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠶᠢᠨ ᠬᠡᠷᠡᠭᠵᠢᠭᠦᠯᠵᠦ ᠪᠠᠶᠢᠭ᠎ᠠ ᠨᠢᠭᠡᠳᠦᠭᠡᠷ ᠲᠥᠷᠥᠯ ᠤᠨ ᠭᠠᠵᠠᠷ ᠣᠷᠣᠨ ᠤ 1980 ᠲᠥᠭᠦᠷᠢᠭ ᠤᠨ ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ ᠶᠣᠰᠣᠭᠠᠷ᠂ 2024 ᠣᠨ ᠤ 8 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠠᠵᠢᠯ ᠠᠯᠳᠠᠭᠰᠠᠳ ᠤᠨ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠬᠤ ᠪᠠᠷᠢᠮᠵᠢᠶ᠎ᠠ ᠶᠢ ᠳᠣᠤᠷᠠᠬᠢ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ᠃      ︵ᠨᠢᠭᠡ ︶ ᠨᠢᠭᠡᠳᠦᠭᠡᠷ ᠰᠠᠷ᠎ᠠ ᠠᠴᠠ ᠠᠷᠪᠠᠨ ᠬᠤᠶᠠᠳᠤᠭᠠᠷ ᠰᠠᠷ᠎ᠠ ᠬᠦᠷᠳᠡᠯ᠎ᠡ ᠦᠪᠡᠷᠳᠡᠭᠡᠨ ᠵᠠᠰᠠᠬᠤ ᠤᠷᠤᠨ ᠤ ᠬᠠᠮᠤᠭ ᠤᠨ ᠲᠤᠤᠷ᠎ᠠ ᠴᠠᠯᠢᠩ ᠤᠨ ᠨᠢᠭᠡᠳᠦᠭᠡᠷ ᠲᠦᠷᠦᠯ ᠤᠨ ᠭᠠᠵᠠᠷ ᠤᠷᠤᠨ ᠤ ᠪᠦᠬᠦᠯᠢ ᠡᠳᠦᠷ ᠤᠨ ᠲᠦᠷᠢᠮᠳᠦ ᠠᠵᠢᠯᠴᠢᠨ ᠬᠡᠷᠡᠭᠯᠡᠬᠦ ᠰᠠᠷ᠎ᠠ ᠶᠢᠨ ᠬᠠᠮᠤᠭ ᠤᠨ ᠲᠤᠤᠷ᠎ᠠ ᠴᠠᠯᠢᠩ ᠤᠨ ᠪᠠᠷᠢᠮᠵᠢᠶ᠎ᠠ ᠶᠢᠨ ᠵᠠᠭᠤᠨ ᠤ ᠶᠡᠷᠡᠨ ᠲᠠᠪᠤ ︵ᠲᠠᠷᠤᠢ 1881 ᠲᠦᠭᠦᠷᠢᠭ︶ ᠶᠤᠰᠤᠭᠠᠷ ᠬᠡᠷᠡᠭᠵᠢᠭᠦᠯᠦᠨ᠎ᠡ︔ ᠠᠷᠪᠠᠨ ᠭᠤᠷᠪᠠᠳᠤᠭᠠᠷ ᠰᠠᠷ᠎ᠠ ᠠᠴᠠ ᠡᠬᠢᠯᠡᠨ ᠦᠪᠡᠷᠳᠡᠭᠡᠨ ᠵᠠᠰᠠᠬᠤ ᠤᠷᠤᠨ ᠤ ᠬᠠᠮᠤᠭ ᠤᠨ ᠲᠤᠤᠷ᠎ᠠ ᠴᠠᠯᠢᠩ ᠤᠨ ᠨᠢᠭᠡᠳᠦᠭᠡᠷ ᠲᠦᠷᠦᠯ ᠤᠨ ᠭᠠᠵᠠᠷ ᠤᠷᠤᠨ ᠤ ᠪᠦᠬᠦᠯᠢ ᠡᠳᠦᠷ ᠤᠨ ᠲᠦᠷᠢᠮᠳᠦ ᠠᠵᠢᠯᠴᠢᠨ ᠬᠡᠷᠡᠭᠯᠡᠬᠦ ᠰᠠᠷ᠎ᠠ ᠶᠢᠨ ᠬᠠᠮᠤᠭ ᠤᠨ ᠲᠤᠤᠷ᠎ᠠ ᠴᠠᠯᠢᠩ ᠤᠨ ᠪᠠᠷᠢᠮᠵᠢᠶ᠎ᠠ ᠶᠢᠨ ᠵᠠᠭᠤᠨ ᠤ ᠨᠠᠶᠠᠨ ᠲᠠᠪᠤ ︵ᠲᠠᠷᠤᠢ 1683 ᠲᠦᠭᠦᠷᠢᠭ︶  ᠪᠤᠯᠭᠠᠵᠤ ᠭᠡᠷᠡᠭᠵᠢᠬᠦᠯᠦᠨ᠎ᠡ‌‍ᠤ᠋᠃      ︵  ᠬᠤᠶᠠᠷ︶ ᠠᠵᠢᠯ ᠠᠯᠳᠠᠭᠰᠠᠳ ᠨᠡᠶᠢᠲᠡ ᠪᠦᠬᠦᠯᠢ ᠠᠷᠪᠠᠨ ᠵᠢᠯ ᠰᠦᠢᠳᠬᠡᠯ ᠲᠤᠰᠢᠶᠠᠭᠰᠠᠨ ᠮᠥᠷᠲᠡᠭᠡᠨ ᠡᠷᠡᠭᠲᠡᠶ ᠪᠦᠬᠦᠯᠢ ᠲᠠᠪᠢᠨ ᠲᠠᠪᠤᠨ ᠨᠠᠰᠤ ᠬᠦᠷᠦᠭᠰᠡᠨ᠂ ᠡᠮᠡᠭᠲᠡᠶ ᠪᠦᠬᠦᠯᠢ ᠳᠥᠴᠢᠨ ᠲᠠᠪᠤᠨ ᠨᠠᠰᠤ ᠬᠦᠷᠦᠭᠰᠡᠨ ᠪᠤᠶᠤ ᠡᠷ᠎ᠡ ᠡᠮ᠎ᠡ ᠬᠤᠶᠠᠷ ᠡᠳᠡᠭᠡᠳ ᠢᠶᠠᠷ ᠢᠶᠠᠨ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠴᠤ ᠪᠠᠶᠢᠪᠠᠯ᠂ ᠨᠢᠭᠡᠳᠦᠭᠡᠷ ᠰᠠᠷ᠎ᠠ ᠠᠴᠠ ᠠᠷᠪᠠᠨ ᠬᠤᠶᠠᠳᠤᠭᠠᠷ ᠰᠠᠷ᠎ᠠ ᠬᠦᠷᠲᠡᠯ᠎ᠡ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠳᠣᠤᠷ᠎ᠠ ᠴᠠᠯᠢᠩ ᠤᠨ ᠨᠢᠭᠡᠳᠦᠭᠡᠷ ᠲᠥᠷᠥᠯ ᠤᠨ ᠭᠠᠵᠠᠷ ᠣᠷᠣᠨ ᠤ ᠪᠦᠬᠦᠯᠢ ᠡᠳᠦᠷ ᠤᠨ ᠳᠦᠷᠢᠮᠲᠦ ᠠᠵᠢᠯᠴᠢᠨ ᠬᠡᠷᠡᠭᠯᠡᠬᠦ ᠰᠠᠷ᠎ᠠ ᠶᠢᠨ ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ ᠶᠢᠨ ᠵᠠᠭᠤᠨ ᠤ ᠶᠡᠷᠡᠨ ᠨᠠᠢᠮᠠ ︵ᠳᠠᠷᠤᠶ 1940.4 ᠲᠥᠭᠦᠷᠢᠭ︶ ᠶᠣᠰᠣᠭᠠᠷ ᠬᠡᠷᠡᠭᠵᠢᠭᠦᠯᠦᠨ᠎ᠡ︔ ᠠᠷᠪᠠᠨ ᠭᠤᠷᠪᠠᠳᠤᠭᠠᠷ ᠰᠠᠷ᠎ᠠ ᠠᠴᠠ ᠡᠬᠢᠯᠡᠨ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠳᠣᠤᠷ᠎ᠠ ᠴᠠᠯᠢᠩ ᠤᠨ ᠨᠢᠭᠡᠳᠦᠭᠡᠷ ᠲᠥᠷᠥᠯ ᠤᠨ ᠭᠠᠵᠠᠷ ᠣᠷᠣᠨ ᠤ ᠪᠦᠬᠦᠯᠢ ᠡᠳᠦᠷ ᠤᠨ ᠳᠦᠷᠢᠮᠲᠦ ᠠᠵᠢᠯᠴᠢᠨ ᠬᠡᠷᠡᠭᠯᠡᠬᠦ ᠰᠠᠷ᠎ᠠ ᠶᠢᠨ ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ ᠶᠢᠨ ᠵᠠᠭᠤᠨ ᠤ ᠨᠠᠶᠠᠨ ᠨᠠᠢᠮᠠ ︵ᠲᠤᠬᠠᠶᠢᠯᠠᠪᠠᠯ 1742.4 ᠲᠥᠭᠦᠷᠢᠭ ︶ ᠪᠤᠯᠭᠠᠵᠤ ᠭᠡᠷᠡᠭᠵᠢᠬᠦᠯᠦᠨ᠎ᠡ᠃                        ᠣᠨᠴᠠᠭᠠᠶᠢᠯᠠᠨ ᠵᠠᠷᠯᠠᠨ ᠨᠡᠶᠢᠲᠡᠯᠡᠪᠡ᠃          ᠪᠤᠭᠤᠲᠤ ᠬᠤᠲᠠ ᠶᠢᠨ ᠠᠵᠢᠯ ᠣᠯᠭᠤᠬᠤ ᠦᠢᠯᠡᠴᠢᠯᠡᠭᠡᠨ ᠤ ᠲᠥᠪ                     2024 ᠣᠨ ᠤ 7 ᠰᠠᠷ᠎ᠠ ᠶᠢᠨ 22 ᠤ ᠡᠳᠦᠷ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号