ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠭᠤᠴᠢᠨ ᠲᠦᠷᠪᠡᠳᠦᠭᠡᠷ ᠬᠤᠭᠤᠴᠠᠭᠠᠨ ᠤ ᠨᠠᠭᠠᠳᠤᠮ  ᠤᠨ ᠶᠡᠭᠡ ᠬᠤᠷᠠᠯ ᠤᠨ ᠤᠯᠠᠮᠵᠢᠯᠯᠠᠳᠦ ᠱᠠᠭ᠎ᠠ ᠨᠠᠭᠠᠳᠤᠮ ᠤ ᠤᠷᠤᠯᠳᠤᠭᠠᠨ ᠠᠮᠵᠢᠯᠳᠠ ᠲᠠᠢ ᠶᠠᠪᠤᠭᠳᠠᠯ᠎ᠠ
ᠨᠡᠶᠢᠲᠡᠯᠡᠭᠰᠡᠨ ᠴᠠᠭ᠄
2024/7/24
      7 ᠰᠠᠷ᠎ᠠ ᠶᠢᠨ23 ᠤ ᠡᠳᠦᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠭᠤᠴᠢᠨ ᠲᠦᠷᠪᠡᠳᠦᠭᠡᠷ ᠬᠤᠭᠤᠴᠠᠭᠠᠨ ᠤ ᠨᠠᠭᠠᠳᠤᠮ ᠤᠨ ᠶᠡᠭᠡ ᠬᠤᠷᠠᠯ ᠤᠨ ᠤᠯᠠᠮᠵᠢᠯᠯᠠᠳᠦ ᠱᠠᠭ᠎ᠠ ᠨᠠᠭᠠᠳᠤᠮ ᠤᠨ ᠤᠷᠤᠯᠳᠤᠭᠠᠨ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠦᠽᠸᠢ ᠳᠤ ᠶᠠᠪᠤᠭᠳᠠᠭᠰᠠᠨ ᠪᠠᠶᠢᠨ᠎ᠠ᠃      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠨᠠᠭᠠᠳᠤᠮ ᠵᠤᠭᠠᠴᠠᠯ ᠤᠨ ᠲᠦᠷᠦᠯ ᠵᠦᠢᠯ ᠢᠶᠠᠨ ᠦᠷᠭᠡᠳᠭᠡᠨ ᠂ ᠠᠷᠠᠳ ᠤᠯᠠᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠵᠦ᠂ ᠤᠯᠠᠮᠵᠢᠯᠯᠠᠳᠦ ᠨᠠᠭᠠᠳᠤᠮ ᠢ ᠬᠦᠭᠵᠢᠭᠦᠯᠦᠨ ᠲᠡᠯᠭᠡᠷᠡᠭᠦᠯᠬᠦ ᠶᠢᠨ ᠲᠦᠯᠦᠭᠡ ᠦᠨᠳᠦᠰᠦᠳᠡᠨ ᠤ ᠤᠨᠴᠠᠯᠢᠭᠳᠦ ᠱᠠᠭ᠎ᠠ ᠨᠠᠭᠠᠳᠤᠮ ᠢ ᠡᠷᠬᠢᠯᠡᠨ ᠤᠷᠳᠤᠰ᠂ ᠪᠠᠶᠠᠠᠨᠠᠭᠤᠷ ᠂ ᠰᠢᠯᠢ ᠶᠢᠨ ᠭᠤᠤᠯ᠂ ᠤᠯᠠᠭᠠᠠᠴᠠᠪ ᠵᠡᠷᠭᠡ ᠤᠶᠢᠷ᠎ᠠ ᠬᠠᠪᠢ ᠶᠢᠨ ᠬᠤᠳᠠ ᠠᠶᠢᠮᠠᠭ ᠪᠠ ᠮᠠᠨ ᠤ ᠬᠤᠰᠢᠭᠤᠨ ᠤ ᠵᠠᠭᠤᠭᠠᠳ ᠱᠠᠭ᠎ᠠ ᠨᠠᠭᠠᠳᠤᠮ ᠤᠨ ᠪᠠᠭ᠋ᠠᠳᠠᠳ ᠢᠳᠡᠪᠬᠢᠯᠡᠨ ᠤᠷᠤᠯᠴᠠᠭᠰᠠᠨ ᠪᠠᠶᠢᠨ᠎ᠠ᠃
微信图片_20240724093539.jpg
      ᠲᠤᠰ ᠣᠳᠠᠭᠠᠨ ᠤ ᠤᠷᠤᠯᠳᠤᠭᠠᠨ ᠨᠢ ᠮᠤᠷᠢ ᠤᠷᠤᠯᠳᠤᠬᠤ᠂ ᠱᠠᠭ᠎ᠠ ᠬᠠᠷᠪᠤᠬᠤ᠂ ᠱᠠᠭ᠎ᠠ ᠬᠠᠮᠤᠬᠤ ᠵᠡᠷᠭᠡ ᠭᠤᠷᠪᠠᠨ ᠲᠦᠷᠦᠯ ᠬᠤᠪᠢᠶᠠᠨ ᠶᠠᠪᠤᠭᠳᠠᠵᠦ᠂ ᠱᠠᠭ᠎ᠠ ᠬᠠᠷᠪᠤᠬᠤ ᠤᠷᠤᠯᠳᠤᠭᠠᠨ ᠳᠤ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠠᠨᠳᠤᠯ ᠪᠠᠯᠭᠠᠰᠤᠨ ᠤ ᠲᠠᠯᠠᠢ ᠲᠡᠳ᠋ᠯᠡᠵᠦ᠂ ᠴᠠᠭᠠᠠᠬᠠᠳᠠ ᠰᠤᠮᠤᠨ ᠤ ᠴᠡᠩᠭᠡᠯᠳᠦ ᠭᠤᠷᠪᠠᠳᠤᠭᠠᠷ ᠲᠤ ᠲᠤᠳᠤᠷᠠᠵᠦ᠂ ᠱᠠᠭ᠎ᠠ ᠬᠠᠮᠤᠬᠤ ᠤᠷᠤᠯᠳᠤᠭᠠᠨ ᠪᠠ ᠮᠤᠷᠢ ᠤᠷᠤᠯᠳᠤᠬᠤ ᠤᠷᠤᠯᠳᠤᠭᠠᠨ ᠤ ᠡᠮᠦᠨ᠎ᠡ ᠠᠷᠪᠠᠨ ᠵᠢᠷᠭᠤᠭᠠᠨ ᠨᠡᠷᠡᠰ ᠢ ᠬᠦᠬᠢᠭᠦᠯᠦᠨ ᠱᠠᠩᠨᠠᠵᠦ᠂ ᠤᠯᠠᠨ ᠤ ᠤᠷ᠎ᠠ ᠴᠢᠳᠠᠪᠤᠷᠢ ᠶᠢ ᠭᠠᠶᠢᠬᠠᠭᠤᠯᠤᠭᠰᠠᠨ ᠰᠠᠶᠢᠬᠠᠨ ᠤᠷᠤᠯᠳᠤᠭᠠᠨ ᠪᠤᠯᠤᠭᠰᠠᠨ ᠪᠠᠶᠢᠨ᠎ᠠ᠃      ᠲᠤᠰ ᠣᠳᠠᠭᠠᠨ ᠤ ᠱᠠᠭ᠎ᠠ ᠨᠠᠭᠠᠳᠤᠮ ᠤᠨ ᠤᠷᠤᠯᠳᠤᠭᠠᠨ ᠤ ᠠᠭᠤᠯᠭ᠎ᠠ ᠬᠡᠯᠪᠡᠷᠢ ᠪᠠᠶᠠᠯᠢᠭ ᠪᠠᠶᠢᠵᠦ᠂ ᠨᠠᠭᠠᠳᠤᠮᠴᠢᠨ ᠤᠯᠠᠨ ᠮᠢᠨᠢ ᠤᠶᠤᠨ ᠤᠬᠠᠭᠠᠨ ᠢᠶᠠᠷ ᠤᠷ᠎ᠠ ᠴᠢᠳᠠᠪᠤᠷᠢ ᠪᠠᠨ ᠭᠠᠶᠢᠬᠠᠭᠤᠯᠤᠭᠰᠠᠨ ᠤᠯᠠᠨ ᠲᠦᠮᠡᠨᠴᠢ ᠴᠢᠨᠠᠷ ᠲᠠᠢ ᠰᠤᠶᠤᠯ ᠲᠠᠮᠢᠷ ᠤᠨ ᠰᠤᠳᠤᠨ ᠰᠠᠶᠢᠬᠠᠨ ᠮᠦᠷᠦᠶᠢᠴᠡᠭᠡᠨ ᠪᠤᠯᠵᠦ ᠲᠡᠭᠦᠰ ᠠᠮᠵᠢᠯᠳᠠ ᠲᠠᠢ ᠦᠨᠳᠦᠷᠯᠡᠭᠰᠡᠨ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号