ᠤᠶᠤᠨ ᠤᠬᠠᠭᠠᠨ᠂ ᠤᠷ᠎ᠠ ᠮᠡᠷᠭᠡᠵᠢᠯ ᠢ ᠰᠢᠯᠭᠠᠷᠠᠭᠤᠯᠤᠭᠰᠠᠨ ᠵᠢᠷᠠ ᠨᠠᠭᠠᠳᠤᠮ ᠨᠢᠵᠢᠭᠡᠷ ᠰᠠᠶᠢᠬᠠᠨ ᠶᠠᠪᠤᠭᠳᠠᠯ᠎ᠠ
ᠨᠡᠶᠢᠲᠡᠯᠡᠭᠰᠡᠨ ᠴᠠᠭ᠄
2024/7/25
      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠭᠤᠴᠢᠨ ᠲᠦᠷᠪᠡᠳᠦᠭᠡᠷ ᠬᠤᠭᠤᠴᠠᠭᠠᠨ ᠤ ᠨᠠᠭᠠᠳᠤᠮ  ᠤᠨ ᠶᠡᠭᠡ ᠬᠤᠷᠠᠯ ᠤᠨ ᠵᠢᠷᠠ ᠨᠠᠭᠠᠳᠤᠮ ᠤᠨ ᠤᠷᠤᠯᠳᠤᠭᠠᠨ2024 ᠤᠨ ᠤ7 ᠰᠠᠷ᠎ᠠ ᠶᠢᠨ24 ᠤ ᠡᠳᠦᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠦᠽᠸᠢ ᠳᠤ ᠲᠠᠪᠬᠤᠷ ᠤᠨ ᠵᠠ᠂ ᠮᠠᠶᠢᠬᠠᠨ ᠨᠤᠷᠠᠭᠠᠬᠤ ᠬᠡᠭᠦ ᠬᠤᠶᠠᠷ ᠨᠠᠭᠠᠳᠤᠮ ᠤᠨ ᠬᠡᠯᠪᠡᠷᠢ ᠪᠠᠷ ᠨᠢᠵᠢᠭᠡᠷ ᠰᠠᠶᠢᠬᠠᠨ ᠶᠠᠪᠤᠭᠳᠠᠯ᠎ᠠ᠃      ᠲᠤᠰ ᠣᠳᠠᠭᠠᠨ ᠤ ᠤᠷᠤᠯᠳᠤᠭᠠᠨ ᠳᠤ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ᠂ ᠰᠢᠯᠢ ᠶᠢᠨ ᠭᠤᠤᠯ ᠠᠶᠢᠮᠠᠭ᠂ ᠤᠷᠳᠤᠰ᠂ ᠪᠠᠶᠠᠠᠨᠠᠭᠤᠷ᠂ ᠲᠦᠷᠪᠡᠳ ᠵᠡᠷᠭᠡ ᠭᠠᠵᠠᠷ ᠤᠨ ᠵᠢᠷᠠ ᠨᠠᠭᠠᠳᠤᠮ ᠳᠤ ᠪᠠᠭ᠋ᠠᠳᠠᠢ ᠲᠠᠪᠢᠭᠠᠳ ᠬᠦᠮᠦᠰ ᠢᠳᠡᠪᠬᠢᠯᠡᠨ ᠤᠷᠤᠯᠴᠠᠵᠦ᠂ ᠣᠷ᠎ᠠ ᠴᠢᠳᠠᠪᠤᠷᠢ᠂ ᠤᠬᠠᠭᠠᠨ ᠮᠡᠷᠭᠡᠵᠢᠯ ᠢᠶᠠᠨ ᠰᠤᠷᠢᠭᠰᠠᠨ ᠪᠠᠶᠢᠨ᠎ᠠ᠃ ᠠᠬᠤᠢ ᠲᠠᠯᠠᠪᠠᠢ ᠳᠤ ᠤᠷᠤᠯᠴᠠᠭᠰᠠᠳ ᠮᠤᠩᠭᠤᠯ ᠬᠤᠪᠴᠠᠰᠦ ᠵᠠᠰᠠᠯ ᠢᠶᠠᠷ ᠢᠶᠠᠨ ᠴᠢᠮᠡᠵᠦ᠂ ᠮᠤᠩᠭᠤᠯ ᠨᠤᠳᠤᠭ ᠤᠨ ᠤᠷᠠᠨ ᠬᠡᠯᠡᠯᠭᠡ ᠲᠠᠢ ᠵᠢᠷᠠ ᠨᠠᠭᠠᠳᠤᠮ ᠤᠨ ᠢᠶᠠᠨ ᠢᠳᠡᠨ ᠳᠤ ᠬᠦᠷ ᠬᠦᠭᠵᠢᠶᠡᠨᠳᠡᠢ᠂ ᠤᠳᠬ᠎ᠠ ᠲᠡᠭᠦᠰ ᠶᠠᠪᠤᠭᠳᠠᠵᠠᠢ᠃ ᠤᠷᠤᠯᠳᠤᠭᠠᠨ ᠤ ᠳ᠋ᠦᠩ ᠳᠤ ᠲᠠᠪᠬᠤᠷ ᠤᠨ ᠵᠠ ᠨᠠᠭᠠᠳᠤᠮ ᠳᠤ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠠᠨᠳᠤᠯ ᠪᠠᠯᠭᠠᠰᠤᠨ ᠤ ᠨᠠᠷᠠᠠᠮᠠᠨᠳᠠ ᠲᠡᠷᠢᠭᠦᠯᠡᠵᠦ᠂ ᠮᠠᠨᠳᠤᠯ ᠪᠠᠯᠭᠠᠰᠤᠨ ᠤ ᠡᠷᠳᠡᠨᠢᠴᠢᠯᠠᠭᠤ ᠲᠡᠳ᠋ᠯᠡᠵᠦ᠂ ᠪᠠᠶᠠᠠᠬᠤᠸᠠ ᠪᠠᠯᠭᠠᠰᠤᠨ ᠤ ᠨᠠᠷᠠᠠᠮᠠᠨᠳᠠ ᠲᠡᠷᠢᠭᠦᠯᠡᠵᠦ᠂ ᠮᠠᠨᠳᠤᠯ ᠪᠠᠯᠭᠠᠰᠤᠨ ᠤ ᠡᠷᠳᠡᠨᠢᠴᠢᠯᠠᠭᠤ ᠲᠡᠳ᠋ᠯᠡᠵᠦ᠂ ᠪᠠᠶᠠᠠᠬᠤᠸᠠ ᠪᠠᠯᠭᠠᠰᠤᠨ ᠤ ᠬᠤᠷᠴᠡᠪᠢᠯᠢᠭ ᠭᠤᠷᠪᠠᠳᠤᠭᠠᠷ ᠲᠤ ᠲᠤᠳᠤᠷᠠᠵᠦ᠂ ᠮᠠᠶᠢᠬᠠᠨ ᠨᠤᠷᠠᠭᠠᠬᠤ ᠨᠠᠭᠠᠳᠤᠮ ᠳᠤ ᠮᠠᠨᠳᠤᠯ ᠪᠠᠯᠭᠠᠰᠤᠨ ᠤ ᠨᠠᠷᠠᠠᠮᠠᠨᠳᠠ᠂ ᠲᠦᠬᠢᠮ᠎ᠡ ᠲᠡᠷᠢᠭᠦᠯᠡᠵᠦ᠂ ᠮᠠᠨᠳᠤᠯ ᠪᠠᠯᠭᠠᠰᠤᠨ ᠤ ᠪᠤᠳᠠᠬᠤᠸᠠᠷ᠂ ᠰᠦᠨᠢᠳ ᠪᠠᠷᠠᠭᠤᠨ ᠬᠤᠰᠢᠭᠤᠨ ᠤ ᠤᠶᠤᠠᠯᠢᠩᠬᠠᠸ᠎ᠠ ᠲᠡᠳ᠋ᠯᠡᠵᠦ᠂ ᠮᠠᠨᠳᠤᠯ ᠪᠠᠯᠭᠠᠰᠤᠨ ᠤ ᠡᠩᠭᠡᠦ᠋ᠯᠵᠡᠢ᠂ ᠬᠡᠰᠢᠭᠳᠡᠯᠠᠢ ᠭᠤᠷᠪᠠᠳᠤᠭᠠᠷ ᠲᠤ ᠲᠤᠳᠤᠷᠠᠭᠰᠠᠨ ᠪᠠᠶᠢᠨ᠎ᠠ᠃      ᠰᠢᠯᠢᠳᠡᠭ ᠰᠠᠶᠢᠬᠠᠨ ᠤᠯᠠᠮᠵᠢᠯᠠᠯᠳᠦ ᠰᠤᠶᠤᠯ ᠪᠤᠯ ᠦᠨᠳᠦᠰᠦᠳᠡᠨ ᠤ ᠠᠮᠢᠨ ᠰᠦᠨᠡᠰᠦ ᠮᠦᠨ᠃ ᠤᠶᠤᠨ ᠤᠬᠠᠭᠠᠨ᠂ ᠤᠷ᠎ᠠ ᠮᠡᠷᠭᠡᠵᠢᠯ ᠢ ᠰᠢᠯᠭᠠᠬᠤ ᠰᠤᠨᠢᠷᠬᠠᠯᠳᠠᠢ ᠵᠢᠷᠠ ᠨᠠᠭᠠᠳᠤᠮ ᠨᠢ ᠤᠯᠠᠮᠵᠢᠯᠯᠳᠦ ᠪᠤᠳᠠᠰ ᠤᠨ ᠪᠤᠰᠤ ᠦᠪ ᠰᠤᠶᠤᠯ ᠤᠨ ᠨᠢᠭᠡᠨ ᠬᠢᠯᠡᠰ ᠴᠡᠭ ᠪᠤᠯᠤᠭᠰᠠᠨ ᠤ ᠬᠤᠪᠢ ᠳᠤ ᠤᠯᠠᠨ ᠲᠦᠮᠡᠨ ᠤ ᠬᠦᠷᠢᠶᠡᠯᠡᠯ ᠢ ᠬᠦᠷᠳᠡᠭᠰᠡᠨ ᠰᠤᠳᠤᠨ ᠰᠠᠶᠢᠬᠠᠨ ᠮᠦᠷᠦᠶᠢᠴᠡᠭᠡᠨ ᠪᠤᠯᠤᠭᠰᠠᠭᠠᠷ ᠢᠷᠡᠵᠡᠢ᠃ ᠮᠦᠨᠴᠦ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠪᠤᠳᠠᠰ ᠤᠨ ᠪᠤᠰᠤ ᠰᠤᠶᠤᠯ ᠤᠨ ᠦᠪ ᠢ ᠨᠡᠩ ᠴᠢᠨᠠᠭᠰᠢᠳᠠ ᠤᠯᠠᠮᠵᠢᠯᠠᠨ ᠪᠠᠳᠠᠷᠠᠭᠤᠯᠬᠤ ᠳᠤ ᠡᠷᠴᠢ ᠬᠦᠴᠦᠨ ᠨᠡᠮᠡᠷᠢᠯᠡᠭᠰᠡᠨ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号