ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠭᠤᠴᠢᠨ ᠲᠦᠷᠪᠡᠳᠦᠭᠡᠷ ᠬᠤᠭᠤᠴᠠᠭᠠᠨ ᠤ ᠨᠠᠭᠠᠳᠤᠮ  ᠤᠨ ᠶᠡᠭᠡ ᠬᠤᠷᠠᠯ ᠤᠨ ᠤᠯᠠᠮᠵᠢᠯᠯᠠᠳᠦ ᠰᠤᠷ ᠬᠠᠷᠪᠤᠭᠠᠨ ᠤ ᠤᠷᠤᠯᠳᠤᠭᠠᠨ ᠠᠮᠵᠢᠯᠳᠠ ᠲᠠᠢ ᠶᠠᠪᠤᠭᠳᠠᠭᠰᠠᠨ
ᠨᠡᠶᠢᠲᠡᠯᠡᠭᠰᠡᠨ ᠴᠠᠭ᠄
2024/7/25
      7 ᠰᠠᠷ᠎ᠠ ᠶᠢᠨ23 ᠠᠴᠠ24 ᠤ ᠡᠳᠦᠷ ᠪᠤᠯᠳᠠᠯ᠎ᠠ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠭᠤᠴᠢᠨ ᠲᠦᠷᠪᠡᠳᠦᠭᠡᠷ ᠬᠤᠭᠤᠴᠠᠭᠠᠨ ᠤ ᠨᠠᠭᠠᠳᠤᠮ ᠤᠨ ᠶᠡᠭᠡ ᠬᠤᠷᠠᠯ ᠤᠨ ᠤᠯᠠᠮᠵᠢᠯᠠᠯᠳᠦ ᠰᠤᠷ ᠬᠠᠷᠪᠤᠭᠠᠨ ᠤ ᠤᠷᠤᠯᠳᠤᠭᠠᠨ ᠨᠠᠭᠠᠳᠤᠮ ᠰᠤᠶᠤᠯ ᠤᠨ ᠠᠵᠦ ᠦᠢᠯᠡᠰ ᠤᠨ ᠲᠤᠭᠤᠷᠢᠭ ᠤᠨ ᠮᠤᠲ᠋ᠤᠷ ᠲᠡᠷᠭᠡᠨ ᠤ ᠤᠷᠤᠯᠳᠤᠭᠠᠨ ᠤ ᠲᠠᠯᠠᠪᠤᠷ ᠲᠤ ᠠᠮᠵᠢᠯᠳᠠ ᠲᠠᠢ ᠶᠠᠪᠤᠭᠳᠠᠵᠦ ᠦᠩᠭᠡᠷᠡᠯ᠎ᠡ᠃      ᠲᠤᠰ ᠤᠳᠠᠭᠠᠨ ᠤ ᠤᠷᠤᠯᠳᠤᠭᠠᠨ ᠳᠤ ᠤᠯᠠᠭᠠᠠᠬᠠᠳᠠ᠂ ᠰᠢᠯᠢ ᠶᠢᠨ ᠭᠤᠤᠯ᠂ ᠤᠯᠠᠭᠠᠴᠠᠪ᠂ ᠪᠤᠭᠤᠳᠦ᠂ ᠪᠠᠶᠠᠠᠨᠠᠭᠤᠷ᠂ ᠤᠷᠳᠤᠰ᠂ ᠠᠯᠠᠱᠠ ᠵᠡᠷᠭᠡ ᠠᠶᠢᠮᠠᠭ ᠬᠤᠳᠠ ᠶᠢᠨ320 ᠬᠠᠷᠪᠤᠭᠠᠴᠢᠳ ᠲᠠᠷᠬᠠᠨ ᠮᠤᠤᠮᠢᠩᠭᠠᠨ ᠤ ᠨᠠᠭᠠᠳᠤᠮ ᠢᠶᠠᠷ ᠬᠤᠷᠠᠨ ᠴᠤᠭᠯᠠᠷᠠᠵᠦ ᠤᠷ᠎ᠠ ᠠᠪᠬᠠᠯᠵᠢ ᠪᠠᠨ ᠰᠢᠯᠭᠠᠷᠠᠭᠤᠯᠤᠨ᠂ ᠡᠬᠢᠨ ᠤ ᠰᠢᠭᠰᠢᠬᠡᠨ ᠳᠤ ᠬᠦᠮᠦᠨ ᠪᠦᠷᠢ15 ᠰᠤᠷ ᠬᠠᠷᠪᠤᠵᠦ64 ᠨᠡᠷᠡᠰ ᠢ ᠰᠢᠯᠭᠠᠷᠠᠭᠤᠯᠤᠨ᠂ ᠲᠠᠬᠢᠨ ᠬᠦᠮᠦᠨ ᠪᠦᠷᠢ10 ᠰᠤᠷ ᠬᠠᠷᠪᠤᠵᠦ ᠡᠴᠦᠰ  ᠤᠨ ᠡᠷᠡᠬᠡᠢ ᠮᠡᠷᠭᠡᠨ ᠬᠠᠷᠪᠤᠭᠠᠴᠢ ᠶᠢ ᠰᠢᠯᠭᠠᠷᠠᠭᠤᠯᠵᠠᠢ᠃      ᠨᠠᠭᠠᠳᠤᠮ ᠤᠨ ᠨᠠᠬᠠᠳᠤᠯ ᠪᠤᠯᠤᠭᠰᠠᠨ ᠲᠤᠰ ᠣᠳᠠᠭᠠᠨ ᠤ ᠰᠤᠷ ᠬᠠᠷᠪᠤᠭᠠᠨ ᠤ ᠤᠷᠤᠯᠳᠤᠭᠠᠨ ᠳᠤ ᠲᠡᠭᠡᠳᠦ ᠨᠠᠶᠢᠮᠠᠨ ᠨᠡᠷᠡᠰ ᠢ ᠱᠠᠩᠨᠠᠨ ᠬᠦᠬᠢᠭᠦᠯᠵᠦ᠂ ᠪᠠᠭᠠᠷᠢᠨ ᠪᠠᠷᠠᠭᠤᠨ ᠬᠤᠰᠢᠭᠤᠨ ᠤ ᠨᠠᠷᠠᠠᠮᠠᠨᠳᠤᠯ᠎ᠠ ᠲᠡᠷᠢᠭᠦᠯᠡᠵᠦ᠂ ᠰᠦᠨᠢᠳ ᠪᠠᠷᠠᠭᠤᠨ ᠬᠤᠰᠢᠭᠤᠨ ᠤ ᠬᠠᠳᠠᠨᠪᠠᠭᠠᠳᠤᠷ ᠲᠡᠳ᠋ᠯᠡᠨ᠂ ᠡᠷᠢᠶᠡᠨ ᠬᠤᠳᠠ ᠶᠢᠨ ᠬᠠᠰᠬᠤᠸᠠᠷ ᠭᠤᠷᠪᠠᠳᠤᠭᠠᠷ  ᠲᠤ ᠲᠤᠳᠤᠷᠠᠭᠰᠠᠨ ᠪᠠᠶᠢᠨ᠎ᠠ ᠃
微信图片_20240725093214.jpg
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号