ᠪᠥᠬᠦᠳᠡ ᠬᠤᠷᠠᠯ ᠤᠨ ᠵᠣᠷᠢᠭ ᠰᠠᠨᠠᠭ᠎ᠠ ᠶᠢᠨ ᠲᠠᠶᠢᠯᠤᠮᠵᠢ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠵᠤ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ ᠠᠵᠤ ᠦᠢᠯᠡᠳᠪᠦᠷᠢ ᠶᠢᠨ ᠲᠤᠯᠭᠠᠭᠤᠷᠢᠯᠠᠬᠤ ᠶᠠᠰᠤ ᠴᠢᠨᠠᠷ  ᠢᠶᠠᠨ ᠳᠡᠭᠡᠭᠰᠢᠯᠡᠭᠦᠯᠦᠶ᠎ᠡ
ᠨᠡᠶᠢᠲᠡᠯᠡᠭᠰᠡᠨ ᠴᠠᠭ᠄
2024/7/25
      2023 ᠣᠨ ᠢ ᠡᠷᠭᠢᠴᠡᠭᠦᠯᠬᠦ      ᠴᠢᠷᠮᠠᠶᠢᠯᠭ᠎ᠠ ᠬᠥᠮᠥᠨ ᠢ ᠭᠤᠮᠣᠳᠠᠭᠠᠬᠤ ᠦᠭᠡᠢ᠃      2023 ᠣᠨ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠲᠣᠭᠲᠠᠭᠤᠨ ᠢᠶᠠᠷ ᠰᠠᠶᠢᠵᠢᠷᠠᠵᠤ᠂ ᠲᠦᠰᠦᠯ ᠤᠨ ᠪᠥᠲᠥᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠣᠨᠴᠠᠯᠢᠭ ᠲᠣᠪᠤᠶᠢᠮ᠎ᠠ ᠪᠠᠶᠢᠵᠤ᠂ ᠠᠵᠤ ᠠᠬᠤᠶᠢᠯᠠᠯ  ᠤᠨ ᠦᠢᠯᠡᠴᠢᠯᠡᠭᠡ ᠦᠷᠭᠦᠯᠵᠢᠯᠡᠨ ᠰᠢᠯᠢᠳᠡᠭᠵᠢᠵᠦ᠂ ᠠᠵᠤ ᠦᠢᠯᠡᠳᠪᠦᠷᠢ ᠶᠢᠨ ᠬᠥᠭᠵᠢᠯᠲᠡ  ᠳᠤ ᠬᠦᠴᠦᠨ ᠴᠢᠳᠠᠯ ᠢᠶᠠᠨ ᠨᠡᠮᠡᠷᠢᠯᠡᠪᠡ᠃ ᠥᠪᠡᠷᠲᠡᠭᠡᠨ ᠵᠠᠰᠠᠬᠤ ᠣᠷᠣᠨ ᠤ ᠲᠦᠷᠦᠭᠦᠤ ᠪᠦᠯᠦᠭ᠂ ᠪᠤᠭᠤᠲᠤ ᠬᠤᠲᠠ ᠶᠢᠨ ᠠᠩᠬᠠᠳᠠᠭᠴᠢ ᠶᠡᠭᠡ ᠬᠡᠪᠴᠢᠶᠡᠨ ᠤ ᠳᠠᠬᠢᠯᠲᠠ ᠡᠨᠧᠷᠭᠢ ᠶᠢᠨ ᠪᠣᠬᠢᠷᠲᠤᠯ ᠥᠬᠡᠶ ᠤᠰᠤᠲᠥ᠋ᠷᠥᠭᠴᠢ ᠶᠢᠨ ᠵᠢᠱᠢᠶ᠎ᠡ ᠦᠵᠡᠭᠦᠯᠬᠦ ᠲᠦᠰᠦᠯ ᠢ ︵ᠬᠤᠸᠠ ᠳ᠋ᠢᠶᠠᠨ︶ ᠲᠤᠷᠰᠢᠨ ᠡᠵᠡᠩᠨᠡᠵᠦ᠂  ᠠᠯᠲᠠᠨ ᠣᠪᠣᠭ᠎ᠠ  ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠨᠢᠭᠡᠳᠦᠭᠡᠷ ᠬᠤᠭᠤᠴᠠᠭᠠᠨ ᠤ ᠲᠦᠰᠦᠯ ᠪᠠᠶᠢᠭᠤᠯᠤᠭᠳᠠᠨ ᠠᠰᠢᠭᠯᠠᠯᠲᠠ ᠳᠤ ᠣᠷᠣᠪᠠ᠃ ᠳᠠᠷᠬᠠᠨ ᠮᠤᠤᠮᠢᠩᠭᠠᠨ ᠤ ᠲᠡᠭ ᠨᠡᠭᠦᠷᠡᠰᠦᠲᠥ᠋ᠷᠥᠭᠴᠢ ᠶᠢᠨ ᠬᠦᠷᠢᠶᠡᠯᠡᠩ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠠᠨᠠᠯ︾ ᠳᠤ ᠵᠢᠭᠰᠠᠭᠠᠭᠳᠠᠵᠤ᠂ ᠪᠠᠷᠠᠭᠤᠨ ᠠᠵᠤ ᠦᠢᠯᠡᠳᠪᠦᠷᠢ ᠶᠢᠨ ᠬᠦᠷᠢᠶᠡᠯᠡᠩ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠨᠢ ᠤᠯᠤᠰ ᠤᠨ ᠣᠷᠴᠢᠯ ᠠᠵᠤ ᠠᠬᠤᠶ ᠶᠢᠨ ᠪᠠᠷᠢᠮᠵᠢᠶᠠᠵᠢᠭᠤᠯᠬᠤ ᠲᠤᠷᠰᠢᠯᠲᠠ ᠶᠢᠨ ᠴᠡᠭ ᠤᠨ ᠲᠦᠰᠦᠯ ᠢᠶᠠᠷ ᠵᠥᠪᠰᠢᠶᠡᠷᠡᠭᠳᠡᠵᠦ᠂ ᠵᠢᠶ ᠳ᠋ᠦᠩ ᠱᠦᠢᠨᠢ᠂ ᠹᠦ᠋ ᠯᠸᠢ ᠰᠢᠨ᠎ᠡ ᠡᠨᠧᠷᠭᠢ ᠨᠢ ᠥᠪᠡᠷᠲᠡᠭᠡᠨ ᠵᠠᠰᠠᠬᠤ ᠣᠷᠣᠨ ᠤ 2023 ᠣᠨ ᠤ ᠠᠩᠬᠠᠳᠠᠭᠴᠢ ᠪᠦᠯᠦᠭ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠮᠠᠭᠠᠳᠯᠠᠨ ᠲᠣᠭᠲᠠᠭᠠᠯᠭᠠᠪᠠ᠃      ᠠᠮᠵᠢᠯᠲᠠ ᠪᠦᠲᠦᠮᠵᠢ ᠨᠢ ᠲᠡᠶᠢᠮᠦ ᠬᠢᠯᠪᠠᠷ ᠪᠢᠰᠢ ᠤᠴᠢᠷ ᠠᠴᠠ ᠲᠠᠷᠬᠠᠨ ᠮᠤᠤᠮᠢᠩᠭᠠᠨ ᠤ ᠲᠡᠮᠡᠴᠡᠭᠴᠢ ᠨᠢᠭᠡᠪᠦᠷᠢ ᠨᠠᠨᠳᠢᠩᠨᠠᠭᠤᠰᠢᠲᠠᠢ ᠶᠤᠮ᠃      2024 ᠣᠨ ᠢ ᠪᠠᠷᠠᠯᠠᠬᠤᠬᠦᠰᠡᠯ ᠡᠷᠡᠮᠡᠯᠵᠡᠯ ᠢᠶᠠᠨ ᠬᠦᠰᠡᠷᠳᠡᠭᠦᠯᠦᠯ ᠦᠭᠡᠢ ᠪᠠᠷ ᠢᠷᠡᠭᠡᠳᠦᠢ ᠶᠢ ᠪᠡᠶᠡᠯᠡᠭᠦᠯᠬᠦ ᠪᠠᠷ ᠴᠢᠷᠮᠠᠶᠢᠰᠤᠭᠠᠢ᠃ 2024 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠂ ᠪᠢᠳᠡ ᠢᠲᠡᠭᠡᠯ ᠵᠣᠷᠢᠭ ᠢᠶᠠᠨ ᠬᠥᠪᠴᠢᠯᠡᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠭᠦᠯᠬᠦ ᠶᠢ ᠦᠷᠭᠦᠯᠵᠢᠯᠡᠨ ᠪᠠᠷᠢᠮᠲᠠᠯᠠᠵᠤ᠂ ᠮᠢᠩᠭᠠᠨ ᠲᠦᠮᠡᠨ ᠺᠢᠯᠣᠸᠠᠲ ᠤᠨ ᠲᠠᠰ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ᠂ ᠮᠢᠩᠭᠠᠨ ᠳ᠋ᠦᠩᠰᠢᠭᠤᠷ ᠲᠥᠭᠦᠷᠢᠭ ᠤᠨ ᠲᠠᠰ ᠤᠨ ᠠᠵᠤ ᠦᠢᠯᠡᠳᠪᠦᠷᠢ ᠶᠢᠨ ᠬᠦᠷᠢᠶᠡᠯᠡᠩ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠶᠢ  ᠪᠥᠬᠦ ᠣᠷᠣᠨ ᠳᠤ ᠲᠡᠷᠢᠭᠦᠯᠡᠭᠦᠯᠬᠦ ᠪᠠᠷ ᠴᠢᠷᠮᠠᠶᠢᠵᠤ᠂ ᠮᠠᠩᠯᠠᠶᠢᠯᠠᠭᠤᠯᠬᠤ ᠪᠠᠷ ᠬᠦᠴᠦᠯᠡᠨ ᠲᠡᠮᠡᠴᠡᠶ᠎ᠡ᠃          01 ᠲᠡᠭ ᠨᠡᠭᠦᠷᠡᠰᠦᠲᠥ᠋ᠷᠥᠭᠴᠢ ᠶᠢᠨ ᠬᠦᠷᠢᠶᠡᠯᠡᠩ ᠢᠶᠠᠷ ᠭᠠᠷᠳᠠᠴᠠ ᠪᠣᠯᠭᠠᠵᠤ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠦᠷᠳᠡᠭ ᠤᠨ ᠬᠡᠯᠬᠢᠶ᠎ᠡ ᠶᠢᠨ ᠳᠡᠭᠡᠳᠦ ᠲᠦᠪᠰᠢᠨ ᠲᠡᠶᠢᠰᠢ ᠤᠷᠤᠭᠰᠢᠯᠠᠬᠤ ᠶᠢ ᠠᠬᠢᠭᠤᠯᠤᠨ᠎ᠠ᠃      ᠰᠢᠨ᠎ᠡ ᠡᠨᠧᠷᠭᠢ ᠶᠢᠨ ᠬᠡᠪᠴᠢᠶ᠎ᠡ ᠶᠢ ᠨᠡᠭᠡᠭᠡᠨ ᠠᠰᠢᠭᠯᠠᠬᠤ ᠲᠠᠯ᠎ᠠ ᠪᠠᠷ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃ ᠬᠥᠩᠭᠡᠨ ᠴᠠᠭᠠᠨ ᠤ ᠪᠡᠯᠡᠳᠬᠡᠯ ᠴᠠᠬᠢᠯᠭᠠᠨ ᠦᠢᠯᠡᠳᠪᠦᠷᠢ ᠶᠢᠨ ᠳᠠᠬᠢᠯᠲᠠ ᠡᠨᠧᠷᠭᠢ  ᠶᠢᠨ ᠣᠷᠤᠭᠤᠯᠤᠯᠲᠠ᠂ ᠮᠧᠩ ᠨᠧᠩ ᠰᠢᠨ᠎ᠡ ᠡᠨᠧᠷᠭᠢ ᠵᠡᠷᠭᠡ ᠲᠦᠰᠦᠯ ᠢ ᠬᠡᠷᠡᠭᠵᠢᠭᠦᠯᠵᠦ᠂ ᠰᠢᠨ᠎ᠡ ᠡᠨᠧᠷᠭᠢ ᠶᠢᠨ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ ᠶᠢ 450 ᠲᠦᠮᠡᠨ ᠺᠢᠯᠣᠸᠠᠲ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 1000 ᠲᠦᠮᠡᠨ ᠺᠢᠯᠣᠸᠠᠲ ᠠᠴᠠ ᠳᠠᠪᠠᠭᠤᠯᠤᠨ᠎ᠠ᠃      ᠰᠢᠨ᠎ᠡ ᠮᠠᠲ᠋ᠧᠷᠢᠶᠠᠯ ᠤᠨ ᠪᠦᠭᠡᠮᠨᠡᠷᠡᠯ ᠤᠨ ᠬᠥᠭᠵᠢᠯᠲᠡ ᠶᠢᠨ ᠲᠠᠯ᠎ᠠ ᠪᠠᠷ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃ ᠲᠡᠭ ᠨᠡᠭᠦᠷᠡᠰᠦᠲᠥ᠋ᠷᠥᠭᠴᠢ ᠶᠢᠨ ᠬᠦᠷᠢᠶᠡᠯᠡᠭ ᠤᠨ ᠪᠣᠬᠢᠷᠲᠤᠯ ᠦᠭᠡᠢ ᠴᠠᠬᠢᠯᠭᠠᠨ ᠤ ᠳᠠᠪᠠᠭᠤᠯᠢᠭ ᠢ ᠰᠠᠶᠢᠲᠤᠷ ᠠᠰᠢᠭᠯᠠᠵᠤ᠂ ᠴᠠᠬᠢᠭᠤᠷ ᠤᠨ ᠮᠠᠲ᠋ᠧᠷᠢᠶᠠᠯ᠂ ᠲᠡᠮᠦᠷ ᠤᠨ ᠬᠠᠶᠢᠯᠤᠰᠢ᠂ ᠪᠠᠯ ᠴᠢᠯᠠᠭᠤᠨ ᠪᠢᠯᠢᠭ ᠲᠦᠢᠯ ᠤᠨ ᠮᠠᠲ᠋ᠧᠷᠢᠶᠠᠯ᠂ ᠹᠯᠣᠷ ᠤᠨ ᠬᠢᠮᠢ ᠶᠢᠨ ᠠᠵᠤ ᠦᠢᠯᠡᠳᠪᠦᠷᠢ ᠵᠡᠷᠭᠡ ᠡᠨᠧᠷᠭᠢ ᠶᠡᠭᠡ ᠵᠠᠷᠤᠴᠠᠭᠤᠯᠬᠤ ᠠᠵᠤ ᠦᠢᠯᠡᠰ ᠢ ᠲᠠᠲᠠᠨ ᠣᠷᠣᠭᠤᠯᠵᠤ᠂ ᠲᠡᠷᠢᠭᠦᠨ ᠤ ᠪᠣᠬᠢᠷᠲᠤᠯ ᠦᠭᠡᠢ ᠠᠵᠤ ᠦᠢᠯᠡᠰ ᠢ ᠵᠠᠯᠭᠠᠨ ᠠᠪᠴᠤ᠂ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠢ ᠬᠥᠭᠵᠢᠭᠦᠯᠵᠦ᠂ ᠰᠢᠨ᠎ᠡ ᠡᠨᠧᠷᠭᠢ ᠪᠣᠯᠤᠨ ᠲᠡᠮᠦᠷᠯᠢᠭ ᠪᠣᠯᠪᠠᠰᠤᠷᠠᠭᠤᠯᠬᠤ᠂ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠦᠢᠯᠡᠰ ᠤᠨ ᠬᠤᠯᠪᠣᠯᠳᠤᠨ ᠬᠥᠭᠵᠢᠬᠦ ᠶᠢ ᠠᠬᠢᠭᠤᠯᠤᠨ᠎ᠠ᠃      ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠲᠠᠯ᠎ᠠ ᠪᠠᠷ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠨᠠᠶᠢᠳᠠᠪᠤᠷᠢᠵᠢᠭᠤᠯᠤᠨ᠂ ᠪᠥᠬᠦ ᠬᠤᠲᠠ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠤᠳᠤᠯᠵᠤ᠂ ᠲᠠᠯᠠᠰᠲᠤ ᠴᠠᠬᠢᠭᠤᠷ᠂ ᠲᠡᠮᠦᠷ ᠤᠨ ᠬᠠᠶᠢᠯᠤᠰᠢ ᠵᠡᠷᠭᠡ ᠠᠵᠤ ᠦᠢᠯᠡᠰ ᠤᠨ ᠬᠠᠮᠵᠢᠯᠴᠠᠭ᠎ᠠ ᠶᠢ ᠴᠢᠩᠭᠠᠳᠬᠠᠨ᠂ ᠪᠣᠬᠢᠷᠳᠤᠯ ᠦᠭᠡᠢ ᠴᠠᠬᠢᠯᠭᠠᠨ ᠤ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ︔ ᠪᠣᠬᠢᠷᠳᠤᠯ ᠦᠭᠡᠢ ᠴᠠᠬᠢᠯᠭᠠᠨ ᠢᠶᠠᠷ ᠤᠰᠤᠲᠥ᠋ᠷᠥᠭᠴᠢ ᠶᠢ ᠦᠢᠯᠡᠳᠬᠦ᠂ ᠰᠢᠪᠲᠦᠷ ᠢ ᠦᠢᠯᠡᠳᠬᠦ᠂ ᠠᠯᠺᠣᠣᠯ ᠦᠢᠯᠡᠳᠬᠦ ᠵᠡᠷᠭᠡ ᠠᠵᠤ ᠦᠢᠯᠡᠰᠵᠢᠯᠲᠡ ᠶᠢᠨ ᠬᠡᠷᠡᠭᠯᠡᠯᠲᠡ ᠶᠢ ᠠᠬᠢᠭᠤᠯᠵᠤ᠂ ᠤᠰᠤᠲᠥ᠋ᠷᠥᠭᠴᠢ ᠶᠢᠨ ᠡᠨᠧᠷᠭᠢ ᠬᠠᠳᠠᠭᠠᠯᠠᠬᠤ᠂ ᠤᠰᠤᠲᠥ᠋ᠷᠥᠭᠴᠢ ᠶᠢ ᠪᠣᠯᠪᠠᠰᠤᠷᠠᠭᠤᠯᠬᠤ᠂ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠵᠡᠷᠭᠡ ᠠᠵᠤ ᠦᠢᠯᠡᠰ ᠤᠨ ᠬᠡᠯᠬᠢᠶ᠎ᠡ ᠶᠢ ᠳᠡᠭᠡᠭᠰᠢᠯᠡᠭᠦᠯᠬᠦ ᠲᠦᠰᠦᠯ ᠢ ᠬᠡᠷᠡᠭᠵᠢᠭᠦᠯᠵᠦ᠂ ᠰᠢᠨ᠎ᠡ ᠡᠨᠧᠷᠭᠢ ᠶᠢ ᠠᠵᠤ ᠦᠢᠯᠡᠰ ᠤᠨ ᠬᠡᠯᠬᠢᠶ᠎ᠡ᠂ ᠥᠷᠲᠡᠭ ᠤᠨ ᠬᠡᠯᠬᠢᠶ᠎ᠡ ᠶᠢᠨ ᠳᠡᠭᠡᠳᠦ ᠦᠵᠦᠭᠦᠷ ᠲᠡᠶᠢᠰᠢ ᠤᠷᠤᠭᠰᠢᠯᠠᠬᠤ ᠶᠢ ᠠᠬᠢᠭᠤᠯᠤᠨ᠎ᠠ᠃      02  ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢᠶᠠᠷ ᠲᠤᠯᠭᠠᠭᠤᠷᠢᠯᠠᠯ ᠪᠣᠯᠭᠠᠵᠤ᠂ ᠠᠵᠤ ᠦᠶ᠋ᠯᠡᠳᠪᠦᠷᠢ ᠶᠢᠨ ᠬᠦᠷᠢᠶᠡᠯᠡᠩ ᠤᠨ ᠲᠠᠰ ᠳᠡᠪᠰᠢᠬᠦ ᠶᠢ ᠲᠦᠷᠭᠡᠳᠬᠡᠨ᠎ᠡ᠃      ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠪᠠᠷᠠᠭᠤᠨ ᠠᠵᠤ ᠦᠢᠯᠡᠳᠪᠦᠷᠢ ᠶᠢᠨ ᠬᠦᠷᠢᠶᠡᠯᠡᠩ ᠤᠨ ᠤᠰᠤ᠂ ᠴᠠᠬᠢᠯᠭᠠᠨ᠂ ᠵᠠᠮ᠂ ᠬᠡᠢ᠂ ᠲᠣᠣᠷ ᠵᠡᠷᠭᠡ ᠰᠠᠭᠤᠷᠢ ᠲᠥᠬᠦᠭᠡᠷᠦᠮᠵᠢ ᠶᠢᠨ ᠬᠢᠵᠠᠭᠠᠷᠯᠠᠬᠤ ᠪᠣᠭᠤᠮᠢ ᠶᠢ ᠲᠦᠷᠭᠡᠳᠬᠡᠨ ᠰᠢᠪᠲᠤᠯᠵᠤ᠂ ᠤᠰᠤ ᠬᠠᠩᠭᠠᠬᠤ ᠬᠤᠭᠤᠯᠠᠢ ᠶᠢᠨ ᠲᠣᠣᠷ᠂ ᠬᠦᠷᠢᠶᠡᠯᠡᠩ ᠲᠣᠭᠤᠷᠢᠭ ᠤᠨ ᠵᠠᠮ᠂ ᠲᠡᠮᠦᠷ ᠵᠠᠮ ᠤᠨ ᠲᠤᠰᠬᠠᠢ ᠱᠤᠭᠤᠮ᠂ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠵᠡᠷᠭᠡ ᠰᠠᠭᠤᠷᠢ ᠪᠦᠲᠦᠭᠡᠨ ᠪᠠᠶᠢᠭᠤᠯᠤᠯᠲᠠ ᠶᠢᠨ ᠲᠦᠰᠦᠯ ᠢ ᠬᠡᠷᠡᠭᠵᠢᠭᠦᠯᠵᠦ᠂ ᠬᠦᠷᠢᠶᠡᠯᠡᠩ ᠲᠣᠭᠤᠷᠢᠭ ᠤᠨ ᠳᠠᠭᠠᠭᠠᠴᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃      ᠬᠦᠷᠢᠶᠡᠯᠡᠩ ᠲᠣᠭᠤᠷᠢᠭ ᠤᠨ ᠴᠡᠪᠡᠷ ᠡᠨᠧᠷᠭᠢ ᠪᠠᠷ ᠣᠷᠣᠯᠠᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃  ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠤᠨ ᠳᠡᠮᠵᠢᠯᠭᠡ ᠶᠢ ᠴᠢᠷᠮᠠᠶᠢᠨ ᠣᠯᠵᠤ᠂ ᠰᠢᠨ᠎ᠡ ᠡᠨᠧᠷᠭᠢ ᠪᠠᠷ ᠭᠤᠣᠯ ᠴᠣᠭᠴᠠ ᠪᠣᠯᠭᠠᠭᠰᠠᠨ ᠥᠪᠡᠷ ᠤᠨ ᠬᠦᠴᠦᠨ ᠤ ᠴᠠᠬᠢᠯᠭᠠᠨ ᠲᠣᠣᠷ ᠢ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠢᠵᠢ ᠪᠦᠷᠢᠯᠳᠦᠭᠰᠡᠨ 220 ᠺᠢᠯᠣᠸᠠᠲ ᠤᠨ ᠬᠦᠴᠦᠳᠡᠯ ᠥᠭᠡᠷᠡᠴᠢᠯᠡᠬᠦ ᠦᠷᠳᠡᠭᠡ᠂ 110 ᠺᠢᠯᠣᠸᠠᠲ ᠤᠨ  ᠬᠡᠯᠬᠢᠶ᠎ᠡ ᠵᠡᠷᠭᠡ ᠰᠠᠭᠤᠷᠢ ᠲᠥᠬᠦᠭᠡᠷᠦᠮᠵᠢ ᠪᠦᠲᠦᠭᠡᠨ ᠪᠠᠶᠢᠭᠤᠯᠵᠤ᠂ ᠪᠣᠬᠢᠷᠲᠤᠯ ᠦᠭᠡᠢ ᠴᠠᠬᠢᠯᠭᠠᠨ ᠢ ᠪᠠᠭᠲᠠᠭᠠᠨ ᠰᠢᠩᠭᠡᠭᠡᠬᠦ᠂ ᠡᠨᠧᠷᠭᠢ ᠬᠠᠳᠠᠭᠠᠯᠠᠬᠤ ᠵᠢᠱᠢᠶ᠎ᠡ ᠦᠵᠡᠭᠦᠯᠬᠦ ᠲᠦᠰᠦᠯ ᠵᠡᠷᠭᠡ ᠲᠠᠯ᠎ᠠ ᠪᠠᠷ ᠤᠷᠢᠳᠠᠪᠠᠷ ᠰᠢᠪᠲᠤᠯᠤᠯᠲᠠ ᠭᠠᠷᠭᠠᠵᠤ᠂ ᠪᠦᠬᠦ ᠬᠤᠳᠠ ᠶᠢᠨ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠴᠢᠷᠮᠠᠶᠢᠨ ᠪᠠᠶᠢᠭᠤᠯᠤᠨ᠎ᠠ᠃      ᠬᠦᠷᠢᠶᠡᠯᠡᠩ ᠲᠣᠭᠤᠷᠢᠭ ᠤᠨ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠢᠨᠵᠧᠨᠧᠷᠢᠩ ᠢ ᠬᠡᠷᠡᠭᠵᠢᠭᠦᠯᠦᠨ᠎ᠡ᠃ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯᠭᠦᠢ ᠦᠢᠯᠡᠳᠪᠦᠷᠢᠯᠡᠯ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ︵ᠲᠦᠰᠦᠯ︶ ᠢ ᠵᠥᠪᠰᠢᠶᠡᠷᠡᠨ ᠣᠷᠣᠭᠤᠯᠬᠤ ᠪᠠ ᠪᠤᠴᠠᠭᠠᠨ ᠭᠠᠷᠭᠠᠬᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ ᠦᠭᠡᠢ ᠦᠬᠦᠰᠢᠷᠡᠮᠡᠯ ᠠᠵᠤ ᠠᠬᠤᠶᠢᠯᠠᠯ ᠢ ᠰᠢᠢᠳᠪᠦᠷᠢᠯᠡᠵᠦ᠂ ᠰᠤᠯᠠ ᠪᠠᠶᠢᠬᠤ ᠭᠠᠵᠠᠷ ᠰᠢᠷᠣᠢ ᠪᠠ ᠦᠢᠯᠡᠳᠪᠦᠷᠢ ᠶᠢᠨ ᠪᠠᠶᠢᠰᠢᠩ ᠢ ᠨᠡᠭᠡᠭᠡᠨ ᠠᠰᠢᠭᠯᠠᠬᠤ ᠶᠢ ᠲᠦᠷᠭᠡᠳᠬᠡᠵᠦ᠂ ︽ᠰᠢᠩᠭᠡᠯᠢᠭ ᠢᠶᠠᠨ ᠰᠤᠯᠠᠯᠠᠵᠤ ᠰᠢᠪᠠᠭᠤ ᠪᠠᠨ ᠰᠣᠯᠢᠬᠤ︾ ᠶᠢ ᠲᠦᠷᠭᠡᠬᠡᠨ ᠪᠡᠶᠡᠯᠡᠭᠦᠯᠵᠦ᠂ ᠬᠦᠷᠢᠶᠡᠯᠡᠩ ᠲᠣᠭᠤᠷᠢᠭ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃      03   ᠡᠬᠢ ᠪᠠᠶᠠᠯᠢᠭ ᠢ ᠨᠡᠭᠡᠭᠡᠨ ᠠᠰᠢᠭᠯᠠᠬᠤ ᠪᠠᠷ ᠭᠠᠷᠳᠠᠴᠠ ᠪᠣᠯᠭᠠᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠪᠴᠢᠯᠡᠨ ᠠᠬᠢᠭᠤᠯᠤᠨ᠎ᠠ᠃      ᠤᠯᠠᠮᠵᠢᠯᠠᠯᠲᠤ ᠠᠵᠤ ᠦᠢᠯᠡᠰ ᠤᠨ ᠠᠮᠢᠳᠤᠯᠢᠭ ᠬᠦᠴᠦᠨ ᠢ ᠪᠠᠳᠠᠷᠠᠭᠤᠯᠤᠯᠨ᠎ᠠ᠃ ᠬᠠᠳᠠᠭᠠᠯᠠᠭᠳᠠᠴᠠ ᠶᠢ ᠲᠤᠬᠢᠷᠠᠭᠤᠯᠤᠨ ᠰᠢᠯᠢᠳᠡᠭᠵᠢᠭᠦᠯᠬᠦ ᠶᠢ ᠪᠠᠷᠢᠮᠲᠠᠯᠠᠵᠤ᠂ ᠵᠢᠶ ᠳ᠋ᠦᠩ ᠱᠦᠢᠨᠢ ᠵᠡᠷᠭᠡ ᠬᠠᠳᠠᠭᠠᠯᠠᠭᠳᠠᠵᠤ ᠪᠠᠶᠢᠭ᠎ᠠ ᠠᠵᠤ ᠠᠬᠤᠶᠢᠯᠠᠯ ᠤᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠳᠡᠮᠵᠢᠵᠦ᠂ ᠱᠢ ᠪᠦᠦ᠂ ᠪᠦᠦ ᠰᠢᠨ ᠵᠡᠷᠭᠡ ᠠᠵᠤ ᠠᠬᠤᠶᠢᠯᠠᠯ ᠤᠨ ᠦᠢᠯᠡᠳᠬᠦᠨ ᠢ ᠨᠠᠷᠢᠯᠢᠭ ᠡᠳ᠋ᠰᠢᠭᠦᠯᠬᠦ᠂ ᠠᠵᠤ ᠦᠢᠯᠡᠰ ᠤᠨ ᠢᠵᠢ ᠪᠦᠷᠢᠳᠦᠭᠦᠯᠬᠦ ᠵᠡᠷᠭᠡ ᠬᠦᠷᠢᠶᠡᠨ ᠳᠤ ᠰᠢᠨ᠎ᠡ ᠲᠦᠰᠦᠯ ᠢ ᠤᠯᠠᠷᠢᠭᠤᠯᠬᠤ ᠶᠢ ᠠᠬᠢᠭᠤᠯᠤᠨ᠎ᠠ᠃ ᠨᠡᠮᠡᠭᠳᠡᠯ ᠤᠨ ᠬᠡᠮᠵᠢᠶ᠎ᠡ ᠶᠢ ᠢᠳᠡᠪᠬᠢᠲᠡᠶ ᠪᠠᠷ ᠪᠤᠶᠢᠵᠢᠭᠤᠯᠵᠤ᠂ ᠰᠢᠨ᠎ᠡ ᠨᠢᠭᠡ ᠡᠭᠡᠯᠵᠢ ᠶᠢᠨ ᠠᠭᠤᠷᠬᠠᠶ ᠡᠷᠢᠬᠦ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠰᠠᠨ ᠾᠧ ᠮᠢᠩ ᠠᠭᠤᠷᠬᠠᠶ ᠮᠠᠯᠲᠠᠬᠤ᠂  ᠪᠦᠭᠡᠷᠡᠩᠬᠡᠶ ᠵᠡᠰ ᠨᠢᠺᠧᠯ ᠤᠨ ᠠᠭᠤᠷᠬᠠᠢ ᠰᠣᠩᠭᠤᠬᠤ  ᠂ ᠴᠢᠶᠦ᠋ᠨ ᠰᠢᠶᠠᠨ ᠪᠣᠬᠢᠷᠲᠤᠯ ᠥᠬᠡᠶ ᠲᠡᠮᠦᠷ ᠤᠨ ᠬᠠᠶᠢᠯᠤᠰᠢ ᠵᠡᠷᠭᠡ ᠲᠦᠰᠦᠯ ᠢ  ᠳᠠᠷᠤᠢ ᠲᠦᠷᠭᠡᠨ ᠠᠵᠢᠯ ᠡᠬᠢᠯᠡᠭᠦᠯᠦᠨ ᠪᠠᠶᠢᠭᠤᠯᠵᠤ᠂ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠣᠯᠵᠤ᠂ ᠤᠯᠠᠮᠵᠢᠯᠠᠯᠲᠤ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠣᠶ ᠪᠣᠯᠭᠠᠬᠤ ᠶᠢ ᠠᠬᠢᠭᠤᠯᠤᠨ᠎ᠠ᠃      ᠭᠠᠳᠠᠭᠠᠳᠤ ᠠᠴᠠ ᠣᠷᠣᠭᠤᠯᠬᠤ ᠡᠬᠢ ᠪᠠᠶᠠᠯᠢᠭ ᠢ ᠪᠣᠳᠠᠲᠠᠶ ᠭᠠᠵᠠᠷ ᠲᠤᠨᠢ ᠡᠳ᠋ᠰᠢᠭᠦᠯᠦᠨ ᠪᠣᠯᠪᠠᠰᠤᠷᠠᠭᠤᠯᠬᠤ ᠶᠢ ᠲᠦᠷᠭᠡᠳᠬᠡᠨ᠎ᠡ᠃  ᠪᠠᠷᠠᠭᠤᠨ᠂ ᠱᠢ ᠪᠦᠦ ᠵᠡᠷᠭᠡ ᠠᠵᠤ ᠦᠢᠯᠡᠰ ᠤᠨ ᠬᠦᠷᠢᠶᠡᠯᠡᠩ ᠪᠠ ᠪᠤᠭᠤᠲᠤ ᠬᠤᠲᠠ ᠶᠢᠨ ᠳᠠᠪᠠᠭᠤᠯᠢᠭ ᠠᠵᠤ ᠦᠢᠯᠡᠰ ᠲᠤ ᠲᠦᠰᠢᠭᠯᠡᠨ᠂ ᠨᠡᠭᠦᠷᠡᠰᠦ᠂ ᠵᠡᠰ᠂ ᠲᠡᠮᠦᠷ ᠵᠡᠷᠭᠡ ᠭᠠᠳᠠᠭᠠᠳᠤ ᠠᠴᠠ ᠣᠷᠣᠭᠤᠯᠤᠭᠰᠠᠨ ᠡᠬᠢ ᠪᠠᠶᠠᠯᠢᠭ ᠢ ᠪᠣᠳᠠᠲᠠᠶ ᠭᠠᠵᠠᠷ ᠲᠤᠨᠢ ᠡᠳ᠋ᠰᠢᠭᠦᠯᠦᠨ ᠪᠣᠯᠪᠠᠰᠤᠷᠠᠭᠤᠯᠬᠤ ᠲᠦᠰᠦᠯ ᠢ ᠲᠠᠲᠠᠨ ᠣᠷᠤᠭᠤᠯᠵᠤ᠂ ︽ᠬᠢᠯᠢ ᠶᠢᠨ ᠭᠠᠳᠠᠨᠠᠬᠢ ᠲᠦᠭᠦᠬᠡᠶ ᠮᠠᠲ᠋ᠧᠷᠢᠶᠠᠯ + ᠬᠢᠯᠢ ᠶᠢᠨ ᠳᠣᠲᠣᠷ᠎ᠠ ᠤᠬᠢᠶᠠᠵᠤ ᠰᠤᠩᠭᠤᠬᠤ︾ ᠶᠢ ᠪᠡᠶᠡᠯᠡᠭᠦᠯᠦᠨ᠂ ᠪᠣᠳᠠᠲᠠᠶ ᠭᠠᠵᠠᠷ ᠲᠤᠨᠢ ᠡᠳ᠋ᠰᠢᠭᠦᠯᠦᠨ ᠪᠣᠯᠪᠠᠰᠤᠷᠠᠭᠤᠯᠬᠤ ᠨᠣᠷᠮ᠎ᠠ ᠶᠢ ᠳᠡᠭᠡᠭᠰᠢᠯᠡᠭᠦᠯᠦᠨ᠎ᠡ᠃      ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠭᠦᠨᠵᠡᠭᠡᠶᠢᠷᠡᠭᠦᠯᠦᠨ᠎ᠡ᠃  ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ ᠪᠤᠶᠢᠵᠢᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ︽ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ ᠰᠤᠳᠤᠯᠤᠨ ᠨᠡᠭᠡᠭᠡᠬᠦ ᠣᠷᠣᠭᠤᠯᠤᠯᠲᠠ᠂ ᠰᠤᠳᠤᠯᠤᠨ ᠨᠡᠭᠡᠭᠡᠬᠦ ᠪᠠᠶᠢᠭᠤᠯᠤᠮᠵᠢ᠂ ᠰᠤᠳᠤᠯᠤᠨ ᠨᠡᠭᠡᠭᠡᠬᠦ ᠦᠷ᠎ᠡ ᠪᠦᠲᠦᠭᠡᠯ ᠢ ᠭᠤᠷᠪᠠ ᠶᠢ ᠠᠷᠢᠯᠭᠠᠬᠤ︾ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠤᠯᠠᠮᠵᠢᠯᠠᠯᠲᠤ ᠠᠵᠤ ᠠᠬᠤᠶᠢᠯᠠᠯ ᠤᠨ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠣᠷᠣᠭᠤᠯᠤᠨ ᠠᠪᠴᠢᠷᠠᠬᠤ ᠶᠢ ᠠᠬᠢᠭᠤᠯᠵᠤ᠂ ᠳᠡᠭᠡᠳᠦ ᠲᠡᠰ ᠤᠨ᠂ ᠤᠶᠤᠨᠴᠢᠯᠠᠭᠰᠠᠨ᠂ ᠪᠣᠬᠢᠷᠲᠤᠯ ᠦᠭᠡᠢ ᠥᠭᠡᠷᠡᠴᠢᠯᠡᠯᠲᠡ ᠶᠢ ᠥᠷᠨᠢᠭᠦᠯᠵᠦ᠂ ᠠᠵᠤ ᠠᠬᠤᠶᠢᠯᠠᠯ ᠢ ᠳᠡᠮᠵᠢᠵᠦ ᠪᠠᠶᠢᠭᠠᠳ ᠰᠢᠨ᠎ᠡ ᠶᠢ ᠡᠭᠦᠳᠬᠦ ᠲᠠᠪᠴᠠᠩ ᠪᠠᠶᠢᠭᠤᠯᠵᠤ᠂ ᠵᠢᠯ ᠤᠨ ᠳᠣᠲᠣᠷ᠎ᠠ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 5 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号