ᠪᠦᠭᠦᠳᠡ ᠬᠤᠷᠠᠯ ᠤᠨ ᠵᠣᠷᠢᠭ ᠰᠠᠨᠠᠭ᠎ᠠ  ᠶᠢᠨ ᠲᠠᠶᠢᠯᠤᠮᠵᠢ ᠬᠦᠴᠦ ᠪᠠᠨ ᠲᠥᠪᠯᠡᠷᠡᠭᠦᠯᠦᠨ ᠪᠣᠭᠤᠮᠲᠠ ᠰᠢᠪᠲᠤᠯᠵᠤ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠵᠤ  ᠣᠷᠣᠨ ᠪᠦᠰᠡ ᠶᠢᠨ ᠠᠵᠤ ᠠᠬᠤᠶ ᠶᠢᠨ ᠠᠮᠢᠵᠢᠷᠠᠯ ᠤᠨ ᠬᠦᠴᠦᠨ ᠪᠠ ᠳᠠᠯᠳᠠ ᠬᠦᠴᠦᠨ ᠢ ᠪᠠᠳᠠᠷᠠᠭᠤᠯᠤᠶ᠎ᠠ
ᠨᠡᠶᠢᠲᠡᠯᠡᠭᠰᠡᠨ ᠴᠠᠭ᠄
2024/7/25
      2023 ᠣᠨ ᠢ ᠡᠷᠭᠢᠴᠡᠭᠦᠯᠬᠦ      2023 ᠣᠨ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠣᠭᠤᠮᠲᠠ ᠶᠢᠨ ᠠᠵᠤ ᠠᠬᠤᠢ ᠶᠢᠨ ᠳᠠᠪᠠᠭᠤᠯᠢᠭ ᠲᠤᠪᠤᠶᠢᠮ᠎ᠠ ᠪᠠᠶᠢᠨ᠎ᠠ᠃ H986 ᠲᠣᠮᠣ ᠬᠡᠯᠪᠡᠷᠢ ᠶᠢᠨ ᠴᠢᠩᠭᠡᠯᠢᠭ ᠮᠠᠰᠢᠨ ᠪᠠᠶᠢᠴᠠᠭᠠᠬᠤ ᠲᠥᠬᠦᠭᠡᠷᠦᠮᠵᠢ ᠵᠢᠴᠢ ᠢᠵᠢ ᠪᠦᠷᠢᠳᠦᠭᠦᠯᠬᠦ ᠢᠨᠵᠧᠨᠧᠷᠢᠩ ᠤᠨ ᠲᠤᠷᠰᠢᠨ ᠠᠵᠢᠯᠯᠠᠬᠤ ᠶᠢ ᠪᠡᠶᠡᠯᠡᠭᠦᠯᠪᠡ᠃ ᠬᠢᠯᠢ ᠠᠯᠤᠰᠯᠠᠭᠰᠠᠨ ᠲᠡᠮᠦᠷ ᠵᠠᠮ ᠤᠨ ᠬᠤᠯᠪᠣᠬᠤ ᠱᠤᠭᠤᠮ ᠤᠨ ᠲᠦᠰᠦᠯ ᠡᠮᠬᠢ ᠵᠢᠷᠤᠮ ᠲᠠᠢ ᠠᠬᠢᠵᠤ᠂ ᠮᠠᠨᠳᠤᠯ – ᠬᠠᠩᠵᠢ ᠪᠣᠭᠤᠮᠲᠠ ᠶᠢᠨ ᠠᠩᠬᠠᠳᠠᠭᠴᠢ ᠣᠯᠠᠨ ᠤᠯᠤᠰ ᠤᠨ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠵᠢᠩᠬᠢᠨᠢ ᠪᠠᠷ ᠨᠡᠪᠲᠡᠷᠡᠪᠡ᠃ ᠢ ᠳ᠋ᠠ ᠡᠭᠦᠯᠡᠨ ᠴᠤᠭᠯᠠᠷᠠᠯ ᠤᠨ ᠬᠢᠨᠠᠨ ᠬᠠᠮᠢᠶᠠᠷᠬᠤ ᠲᠠᠯᠠᠪᠤᠷ ᠠᠰᠢᠭᠯᠠᠯᠲᠠ ᠳᠤ ᠣᠷᠣᠵᠤ᠂ ᠭᠠᠳᠠᠭᠠᠳᠤ ᠠᠴᠠ ᠣᠷᠣᠭᠤᠯᠤᠭᠰᠠᠨ ᠮᠢᠬᠠᠨ ᠤ ᠲᠥᠷᠥᠯ ᠢ ᠵᠢᠭᠠᠨ ᠲᠣᠭᠲᠠᠭᠠᠭᠰᠠᠨ ᠬᠢᠨᠠᠨ ᠬᠠᠮᠢᠶᠠᠷᠬᠤ ᠲᠠᠯᠠᠪᠤᠷ ᠵᠢᠩᠬᠢᠨᠢ ᠪᠠᠷ ᠠᠵᠢᠯ ᠢᠶᠠᠨ ᠡᠬᠢᠯᠡᠭᠦᠯᠪᠡ᠃ ᠪᠣᠭᠤᠮᠲᠠ ᠪᠠᠷ ᠥᠩᠭᠡᠷᠡᠬᠦ ᠪᠠᠷᠠᠭᠠᠨ ᠤ ᠬᠡᠮᠵᠢᠶ᠎ᠡ 520 ᠲᠦᠮᠡᠨ ᠲᠣᠨ ᠢ ᠳᠠᠪᠠᠵᠤ᠂ ᠰᠢᠨ᠎ᠡ ᠪᠡᠯᠭᠡ ᠲᠡᠮᠳᠡᠭ ᠲᠤ ᠬᠦᠷᠪᠡ᠃          2024 ᠣᠨ ᠢ ᠪᠠᠷᠠᠯᠠᠬᠤ      2024 ᠣᠨ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠳᠤ ᠢᠳᠡᠪᠬᠢᠲᠡᠢ ᠠᠭᠤᠰᠤᠯᠴᠠᠵᠤ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠳᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠡᠰ ᠳᠡᠪᠰᠢᠭᠦᠯᠬᠦ ᠶᠢ ᠠᠬᠢᠭᠤᠯᠵᠤ᠂ ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢ ᠪᠦᠬᠦ ᠬᠦᠴᠦᠨ ᠢᠶᠠᠷ ᠢᠶᠠᠨ ᠰᠢᠨ᠎ᠡ ᠨᠡᠮᠡᠭᠳᠡᠯ ᠤᠨ ᠲᠦᠢᠯ ᠪᠣᠯᠭᠠᠨ ᠴᠣᠭᠴᠠᠯᠠᠵᠤ᠂ ᠥᠨᠳᠥᠷ ᠲᠦᠪᠰᠢᠨ ᠪᠦᠬᠦᠢ ᠨᠡᠭᠡᠭᠡᠯᠲᠡ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃      01 ᠪᠣᠭᠤᠮᠲᠠ ᠶᠢᠨ ᠪᠠᠶᠢᠭᠤᠯᠤᠯᠲᠠ ᠶᠢᠨ ᠬᠤᠷᠳᠤᠴᠠ ᠶᠢ ᠠᠬᠢᠭᠤᠯᠤᠨ᠎ᠠ᠃      ᠨᠡᠭᠡᠭᠡᠯᠲᠡ ᠬᠢᠬᠦ ᠵᠠᠮ ᠢ ᠪᠦᠬᠦ ᠬᠦᠴᠦᠨ ᠢᠶᠠᠷ ᠨᠡᠪᠲᠡᠷᠡᠭᠦᠯᠦᠨ᠎ᠡ᠃ ᠮᠣᠩᠭᠤᠯ ᠤᠨ ᠲᠠᠯ᠎ᠠ ᠯᠤᠭ᠎ᠠ ᠢᠳᠡᠪᠬᠢᠲᠡᠶ ᠪᠠᠷ ᠵᠣᠬᠢᠴᠠᠭᠤᠯᠤᠨ ᠵᠣᠯᠭᠠᠭᠤᠯᠵᠤ᠂ ᠬᠢᠯᠢ ᠠᠯᠤᠰᠯᠠᠭᠰᠠᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠬᠢᠯᠢ ᠶᠢᠨ ᠭᠠᠳᠠᠨᠠᠬᠢ ᠰᠠᠶᠢᠨ ᠱᠠᠩ ᠠᠴᠠ ᠬᠠᠩᠵᠢ ᠪᠣᠭᠤᠮᠲᠠ ᠬᠦᠷᠬᠦ ᠵᠠᠰᠠᠮᠠᠯ ᠵᠠᠮ᠂ ᠵᠡᠭᠦᠨ ᠪᠠᠶᠠᠨ ᠠᠴᠠ ᠬᠠᠩᠭᠢ ᠪᠣᠭᠤᠮᠲᠠ ᠬᠦᠷᠬᠦ ᠶᠢᠨ ᠲᠡᠮᠦᠷ ᠵᠠᠮ ᠵᠡᠷᠭᠡ ᠨᠡᠪᠲᠡᠷᠡᠯ ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠮᠣᠩᠭᠤᠯ ᠲᠠᠢ ᠬᠤᠯᠪᠣᠯᠳᠤᠨ ᠨᠡᠪᠲᠡᠷᠡᠯᠴᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ       ᠪᠣᠭᠤᠮᠲᠠ ᠪᠠᠷ ᠥᠩᠭᠡᠷᠡᠬᠦ ᠴᠢᠳᠠᠮᠵᠢ ᠪᠠᠨ ᠥᠷᠭᠡᠳᠬᠡᠬᠦ ᠶᠢ ᠲᠦᠷᠭᠡᠳᠬᠡᠨ ᠪᠡᠶᠡᠯᠡᠭᠦᠯᠦᠨ᠎ᠡ᠃ ᠪᠣᠭᠤᠮᠲᠠ ᠶᠢᠨ ᠬᠢᠨᠠᠨ ᠬᠠᠮᠢᠶᠠᠷᠬᠤ ᠲᠠᠯᠠᠪᠤᠷ᠂ ᠪᠠᠷᠠᠭᠠᠨ ᠤ ᠭᠦᠢᠯᠭᠡᠭᠡ ᠶᠢᠨ ᠲᠣᠭᠤᠷᠢᠭ᠂ ᠣᠶᠤᠨᠴᠢ ᠪᠠᠷ ᠪᠣᠭᠤᠮᠲᠠ ᠥᠩᠭᠡᠷᠡᠬᠦ᠂ ᠬᠢᠯᠢ ᠠᠯᠤᠰᠯᠠᠭᠰᠠᠨ ᠠᠵᠤ ᠠᠬᠤᠶ ᠶᠢᠨ ᠬᠠᠮᠲᠤᠷᠠᠯᠴᠠᠬᠤ ᠲᠣᠭᠤᠷᠢᠭ ᠵᠡᠷᠭᠡ ᠭᠤᠤᠯᠳᠠᠯᠭ᠎ᠠ ᠲᠠᠢ ᠲᠦᠰᠦᠯ ᠢ ᠬᠡᠷᠡᠭᠵᠢᠭᠦᠯᠦᠨ᠂ ᠪᠣᠭᠤᠮᠲᠠ ᠪᠠᠷ ᠪᠠᠷᠠᠭ᠎ᠠ ᠥᠩᠭᠡᠷᠡᠬᠦ ᠴᠢᠳᠠᠪᠤᠷᠢ  ᠪᠠᠨ ᠳᠡᠭᠡᠭᠰᠢᠯᠡᠭᠦᠯᠵᠦ᠂ ᠪᠠᠷᠠᠭ᠎ᠠ ᠥᠩᠭᠡᠷᠡᠬᠦ ᠬᠡᠮᠵᠢᠶ᠎ᠡ ᠶᠢ 800 ᠲᠦᠮᠡᠨ ᠲᠣᠨ ᠢ ᠳᠠᠪᠠᠭᠤᠯᠬᠤ ᠪᠠᠷ ᠴᠢᠷᠮᠠᠶᠢᠨ᠎ᠠ᠃ ᠪᠣᠭᠤᠮᠲᠠ ᠶᠢᠨ ᠡᠬᠢ ᠪᠠᠶᠠᠯᠢᠭ ᠢ ᠨᠡᠶᠢᠯᠡᠭᠦᠯᠦᠨ ᠰᠢᠯᠢᠳᠡᠭᠵᠢᠭᠦᠯᠵᠦ᠂ ᠪᠠᠷᠠᠭᠠᠨ ᠤ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ᠂ ᠬᠤᠨᠣᠭᠯᠠᠬᠤ ᠢᠳᠡᠭᠡᠨ ᠤᠮᠳᠠᠭᠠᠨ᠂ ᠲᠡᠷᠭᠡ ᠬᠥᠰᠬᠡ ᠶᠢ ᠰᠡᠯᠪᠢᠨ ᠠᠷᠠᠴᠢᠯᠠᠬᠤ ᠵᠡᠷᠭᠡ ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠰᠦᠯ ᠢ ᠤᠷᠢᠳᠴᠢᠯᠠᠨ ᠰᠦᠪᠡᠭᠴᠢᠯᠡᠵᠦ᠂ ᠪᠣᠭᠤᠮᠲᠠ ᠶᠢᠨ ᠴᠢᠳᠠᠮᠵᠢ ᠲᠠᠰ ᠢ ᠳᠡᠭᠡᠭᠰᠢᠯᠡᠭᠦᠯᠦᠨ᠂ ᠮᠢᠩᠭᠠᠨ ᠲᠦᠮᠡᠨ ᠲᠣᠨ ᠤ ᠲᠠᠰ ᠤᠨ ᠠᠷᠠᠯᠵᠢᠶᠠᠨ ᠤ ᠪᠣᠭᠤᠮᠲᠠ ᠶᠢ ᠪᠠᠶᠢᠭᠤᠯᠬᠤ ᠶᠢᠨ ᠰᠠᠭᠤᠷᠢ ᠶᠢ ᠪᠠᠲᠤᠳᠬᠠᠨ᠎ᠠ᠃      ᠪᠣᠭᠤᠮᠲᠠ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠳᠤ ᠠᠭᠤᠰᠤᠯᠴᠠᠭᠤᠯᠤᠨ᠂ ︽ᠪᠣᠭᠤᠮᠲᠠ+︾ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠮᠠᠨᠳᠤᠯ ᠪᠣᠭᠤᠮᠲᠠ ᠬᠢᠭᠡᠳ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ᠂ ᠪᠤᠭᠤᠲᠤ ᠶᠢᠨ ᠠᠭᠠᠷ ᠤᠨ ᠠᠶᠠᠯᠠᠯ ᠤᠨ ᠪᠣᠭᠤᠮᠲᠠ ᠵᠡᠷᠭᠡ ᠨᠡᠬᠡᠬᠡᠯᠲᠡᠲᠦ ᠲᠠᠪᠴᠠᠩ ᠤᠨ ᠬᠤᠯᠪᠣᠭᠠᠯᠠᠨ ᠬᠥᠭᠵᠢᠬᠦ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠮᠢᠬᠠᠨ ᠤ ᠲᠥᠷᠥᠯ ᠢ ᠭᠠᠳᠠᠭᠠᠳᠤ ᠠᠴᠠ ᠣᠷᠣᠭᠤᠯᠬᠤ ᠬᠡᠪᠴᠢᠶ᠎ᠡ ᠶᠢ ᠥᠷᠭᠡᠳᠬᠡᠵᠦ᠂ ᠠᠵᠤ ᠠᠬᠤᠶᠢᠯᠠᠯ ᠤᠨ ᠮᠣᠩᠭᠤᠯ ᠤᠯᠤᠰ ᠲᠤ ᠰᠢᠨ᠎ᠡ ᠡᠨᠧᠷᠭᠢ ᠨᠡᠭᠡᠭᠡᠨ ᠬᠥᠭᠵᠢᠭᠦᠯᠬᠦ ᠶᠢ ᠬᠥᠲᠥᠯᠥᠨ ᠵᠢᠯᠣᠭᠤᠳᠴᠤ ᠳᠡᠮᠵᠢᠵᠦ᠂ ᠶᠡᠭᠡ ᠬᠡᠮᠵᠢᠶᠡᠨ ᠤ ᠲᠠᠸᠠᠷ ᠢ ᠭᠠᠳᠠᠭᠠᠳᠤ ᠠᠴᠠ ᠣᠷᠣᠭᠤᠯᠬᠤ ᠲᠥᠷᠥᠯ ᠵᠦᠢᠯ ᠢ ᠪᠠᠶᠠᠯᠢᠭᠵᠢᠭᠤᠯᠤᠨ᠂ ᠪᠣᠭᠤᠮᠲᠠ ᠶᠢ ᠮᠠᠨ ᠤ ᠬᠤᠰᠢᠭᠤᠨ ᠤ ᠠᠵᠤ ᠠᠬᠤᠶ ᠶᠢᠨ ᠰᠢᠨ᠎ᠡ ᠨᠡᠮᠡᠭᠳᠡᠯ ᠤᠨ ᠲᠦᠢᠯ᠂ ᠪᠤᠭᠤᠲᠤ ᠬᠤᠲᠠ ᠶᠢᠨ ᠰᠢᠨ᠎ᠡ ᠨᠡᠮᠡᠭᠳᠡᠯ ᠤᠨ ᠴᠡᠭ ᠪᠣᠯᠭᠠᠨ ᠪᠥᠲᠥᠭᠡᠨ ᠪᠠᠶᠢᠭᠤᠯᠤᠨ᠎ᠠ᠃      02 ᠬᠥᠭᠵᠢᠯᠲᠡ ᠶᠢᠨ ᠬᠥᠳᠡᠯᠭᠡᠬᠦ ᠡᠨᠧᠷᠭᠢ ᠶᠢ ᠬᠥᠭᠵᠢᠭᠡᠨ᠎ᠡ᠃      ᠭᠤᠤᠯᠳᠠᠯᠭ᠎ᠠ ᠶᠢ ᠴᠢᠩᠭ᠎ᠠ ᠠᠳᠬᠤᠵᠤ ᠥᠭᠡᠷᠡᠴᠢᠯᠡᠯᠲᠡ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠤᠪᠤᠷᠠᠯ ᠢ ᠳᠠᠬᠢᠨ ᠪᠠᠶᠢᠭᠤᠯᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ︽ᠶᠡᠷᠦᠩᠬᠡᠶᠢᠯᠡᠭᠰᠡᠨ ᠨᠢᠭᠡ ᠴᠣᠩᠬᠤᠪᠴᠢ︾ ᠶᠢᠨ ᠥᠭᠡᠷᠡᠴᠢᠯᠡᠯᠲᠡ ᠶᠢᠨ ᠰᠢᠶᠠᠩ ᠪᠠᠯᠭᠠᠰᠤ ᠶᠢ ᠪᠦᠬᠦᠨ ᠢ ᠬᠠᠮᠤᠷᠬᠤ ᠶᠢ ᠠᠬᠢᠭᠤᠯᠤᠨ᠎ᠠ᠃ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠰᠢᠪᠲᠤᠯᠤᠯᠲᠠ ᠶᠢᠨ ᠠᠵᠢᠯᠯᠠᠭ᠎ᠠ ᠶᠢ ᠥᠷᠨᠢᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠵᠠᠬ᠎ᠠ ᠳᠡᠯᠭᠡᠭᠦᠷᠴᠢᠯᠡᠬᠦ᠂ ᠪᠣᠳᠠᠲᠤ ᠴᠣᠭᠴᠠᠵᠢᠭᠰᠠᠨ ᠬᠡᠯᠪᠡᠷᠢ ᠶᠢ ᠬᠤᠪᠢᠷᠠᠭᠤᠯᠬᠤ ᠠᠯᠬᠤᠴᠠ ᠶᠢ ᠲᠦᠷᠭᠡᠳᠬᠡᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠳ᠋ ᠬᠥᠷᠥᠩᠭᠡ ᠶᠢᠨ ᠶᠡᠷᠦᠩᠬᠡᠶ ᠲᠤᠭ᠎ᠠ ᠶᠢ 20 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃      ᠶᠡᠭᠡ ᠪᠠᠷ ᠠᠵᠢᠯᠯᠠᠵᠤ ᠲᠦ᠋ᠷᠭᠡᠨ ᠠᠵᠢᠯᠯᠠᠵᠤ ᠲᠦᠰᠦᠯ ᠢ ᠠᠳᠬᠤᠨ᠎ᠠ᠃ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠪᠠᠷᠢᠮᠲᠠᠯᠠᠵᠤ᠂ ᠠᠷᠭ᠎ᠠ ᠪᠦᠬᠦᠨ ᠢ ᠰᠦᠪᠡᠭᠴᠢᠯᠡᠨ ᠳᠠᠯᠳᠠ ᠬᠦᠴᠦᠨ ᠢ ᠠᠭᠤᠳᠠᠯᠤᠨ᠂ ᠨᠡᠮᠡᠭᠳᠡᠯ ᠢ ᠪᠠᠲᠤᠯᠠᠵᠤ᠂ ︽ᠲᠦᠰᠦᠯ ᠤᠨ ᠶᠡᠭᠡ ᠳᠠᠶᠢᠯᠠᠯᠳᠤᠭᠠᠨ︾ ᠢ ᠬᠡᠷᠡᠭᠵᠢᠭᠦᠯᠦᠨ᠂ 2024 ᠣᠨ ᠤ ᠴᠢᠬᠤᠯᠠ ᠶᠡᠭᠡ ᠲᠦᠰᠦᠯ ᠤᠨ ᠤᠷᠤᠭᠰᠢᠲᠠᠶ ᠠᠵᠢᠯ ᠡᠬᠢᠯᠡᠭᠦᠯᠬᠦ ᠶᠢ ᠠᠬᠢᠭᠤᠯᠵᠤ᠂ ᠵᠢᠯ ᠤᠨ ᠳᠣᠲᠣᠷ᠎ᠠ 260 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠰᠢᠨ᠎ᠡ ᠡᠬᠢᠯᠡᠭᠦᠯᠦᠭᠰᠡᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠦᠰᠦᠯ 38 ᠠᠴᠠ ᠳᠡᠭᠡᠭᠰᠢ ᠂ ᠰᠢᠨ᠎ᠡ ᠨᠡᠮᠡᠭᠳᠡᠭᠰᠡᠨ ︽ᠳᠥᠷᠪᠡ ᠶᠢ ᠳᠡᠭᠡᠭᠰᠢᠯᠡᠭᠦᠯᠬᠦ ︾ ᠠᠵᠤ ᠠᠬᠤᠶᠢᠯᠠᠯ ᠢ 40  ᠠᠴᠠ ᠳᠡᠭᠡᠭᠰᠢ ᠪᠠᠶᠢᠯᠭᠠᠬᠤ ᠪᠠᠷ ᠴᠢᠷᠮᠠᠶᠢᠨ᠎ᠠ᠃      ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠤᠳᠠᠯᠳᠤᠭᠠᠴᠢᠨ ᠤᠷᠢᠬᠤ ᠶᠢ ᠠᠳᠬᠤᠨ᠎ᠠ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ︽ᠨᠢᠭᠡᠳᠦᠭᠡᠷ ᠨᠣᠮᠧᠷᠲᠤ ᠢᠨᠵᠧᠨᠧᠷᠢᠩ︾ ᠪᠣᠯᠭᠠᠬᠤ ᠶᠢ ᠪᠠᠷᠢᠮᠲᠠᠯᠠᠵᠤ᠂ ᠪᠥᠬᠦ ᠬᠤᠰᠢᠭᠤᠨ ᠤ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠨᠢᠭᠡ ᠪᠦᠯᠦᠭ ᠵᠠᠩᠭᠢᠯᠠᠭ᠎ᠠ ᠶᠢᠨ ᠠᠵᠤ ᠠᠬᠤᠶᠢᠯᠠᠯ᠂ ᠭᠤᠤᠯᠯᠠᠬᠤ ᠠᠵᠤ ᠠᠬᠤᠶᠢᠯᠠᠯ ᠪᠠ ᠳᠡᠭᠡᠳᠦ ᠳᠣᠤᠷᠠᠳᠤ ᠤᠷᠤᠰᠬᠠᠯ ᠤᠨ ᠢᠵᠢ ᠪᠥᠷᠢᠳᠦᠭᠦᠯᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠪᠥᠬᠦ ᠵᠢᠯ ᠳᠤ ᠰᠢᠨ᠎ᠡ ᠪᠠᠷ ᠭᠡᠷ᠎ᠡ ᠲᠣᠭᠲᠠᠬᠤ ᠲᠦᠰᠦᠯ 125᠂ ᠵᠥᠪᠯᠡᠯᠴᠡᠭᠡᠷ ᠤᠨ ᠶᠡᠷᠦᠩᠬᠡᠶ ᠪᠠᠯᠠ ᠣᠷᠣᠭᠤᠯᠤᠯᠲᠠ 1200 ᠳ᠋ᠦᠩᠰᠢᠭᠤᠷ ᠲᠥᠭᠦᠷᠢᠭ ᠠᠴᠠ ᠳᠡᠭᠡᠭᠰᠢ᠂ ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶ ᠶᠢ ᠪᠣᠳᠠᠲᠠᠶᠢᠵᠢᠭᠤᠯᠤᠭᠰᠠᠨ ᠪᠠᠯᠠ ᠮᠥᠩᠭᠦ ᠶᠢ ᠣᠷᠣᠭᠤᠯᠤᠨ ᠠᠪᠴᠢᠷᠠᠬᠤ ᠶᠢ ᠠᠳᠠᠯᠢ ᠬᠤᠭᠤᠴᠠᠭᠠᠨ ᠤ ᠬᠢ ᠠᠴᠠ 15% ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃      ᠦᠢᠯᠡᠴᠢᠯᠡᠭᠡ ᠳᠤ ᠠᠩᠬᠠᠷᠤᠯ ᠢᠶᠠᠨ ᠲᠥᠪᠯᠡᠷᠡᠭᠦᠯᠵᠦ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠶᠢ ᠪᠠᠷᠢᠮᠲᠠᠯᠠᠨ᠂ ︽ᠠᠰᠠᠷᠠᠭᠴᠢ ᠮᠠᠶ᠋ᠢᠭ︾ ᠤᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠡᠯᠧᠮᠧᠨ᠋ᠲ ᠤᠨ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠬᠦᠴᠢᠷ᠂ ᠠᠵᠢᠯᠴᠢᠨ ᠡᠯᠰᠡᠬᠦ ᠳᠤ ᠬᠦᠴᠢᠷ᠂ ᠭᠠᠵᠠᠷ ᠬᠡᠷᠡᠭᠯᠡᠬᠦ ᠳᠤ ᠬᠦᠴᠢᠷ᠂ ᠬᠢᠨᠠᠨ ᠵᠥᠪᠰᠢᠶᠡᠷᠡᠬᠦ ᠳᠤ  ᠬᠦᠴᠢᠷ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠵᠤ ᠠᠬᠤᠶᠢᠯᠠᠯ ᠢ ᠰᠠᠨᠠᠭ᠎ᠠ ᠠᠮᠤᠷ ᠪᠡᠯᠡ ᠣᠷᠣᠭᠤᠯᠬᠤ᠂ ᠰᠠᠨᠠᠭ᠎ᠠ ᠠᠮᠤᠷ ᠦᠢᠯᠡᠳᠪᠦᠷᠢᠯᠡᠬᠦ᠂ ᠰᠠᠨᠠᠭ᠎ᠠ ᠠᠮᠤᠷ ᠠᠵᠢᠯ ᠶᠠᠪᠤᠳᠠᠯ ᠡᠷᠬᠢᠯᠡᠬᠦ᠂ ᠰᠠᠨᠠᠭ᠎ᠠ ᠠᠮᠤᠷ ᠦᠢᠯᠡᠰ ᠪᠤᠰᠬᠠᠬᠤ ᠪᠣᠯᠭᠠᠨ᠎ᠠ᠃      03 ᠭᠤᠷᠪᠠᠳᠤᠭᠠᠷ ᠠᠵᠤ ᠦᠢᠯᠡᠰ ᠤᠨ ᠦᠢᠯᠡᠴᠢᠯᠡᠭᠡᠨ ᠤ ᠦᠢᠯᠡᠰ ᠢ ᠪᠦᠬᠦ ᠬᠦᠴᠦᠨ ᠢᠶᠠᠷ ᠪᠤᠵᠠᠭᠠᠶᠢᠷᠠᠭᠤᠯᠤᠨ᠎ᠠ᠃      ᠰᠣᠶᠣᠯ ᠵᠢᠭᠤᠯᠴᠢᠯᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠵᠢᠭᠤᠯᠴᠢᠯᠠᠯ ᠤᠨ ᠰᠠᠭᠤᠷᠢ ᠶᠢ ᠢᠵᠢ ᠪᠦᠷᠢᠳᠦᠭᠦᠯᠬᠦ ᠶᠢ ᠲᠡᠭᠦᠯᠳᠡᠷᠵᠢᠭᠦᠯᠵᠦ᠂ ᠳᠠᠷᠬᠠᠨ ᠲᠠᠯ᠎ᠠ ᠨᠤᠲᠤᠭ ᠵᠡᠷᠭᠡ ᠦᠵᠡᠮᠵᠢ ᠶᠢᠨ ᠣᠷᠣᠨ ᠢ ᠨᠠᠷᠢᠨ ᠨᠢᠮᠪᠠᠶ ᠪᠥᠲᠥᠭᠡᠨ ᠪᠠᠶᠢᠭᠤᠯᠵᠤ᠂ ᠲᠣᠷᠭᠠᠨ ᠵᠠᠮ ᠤᠨ ᠮᠧᠩ ᠵᠢᠶᠦ᠋ᠨ ᠤ ᠦᠵᠡᠮᠵᠢ ᠶᠢᠨ ᠣᠷᠣᠨ ᠢ 4C ᠲᠠᠰ ᠤᠨ ᠦᠪᠡᠷ ᠢᠶᠠᠨ ᠵᠢᠯᠣᠭᠤᠳᠬᠤ ᠬᠤᠸᠠᠷᠠᠨ ᠡᠭᠦᠳᠦᠨ ᠪᠠᠶᠢᠭᠤᠯᠬᠤ ᠶᠢ ᠠᠬᠢᠭᠤᠯᠵᠤ᠂ ᠰᠢᠷᠠᠮᠥ᠋ᠷᠡᠨ ᠵᠢᠭᠤᠯᠴᠢᠯᠠᠯ ᠤᠨ ᠦᠵᠡᠮᠵᠢᠲᠦ ᠣᠷᠣᠨ ᠤ ᠦᠢᠯᠡᠳᠬᠦᠨ᠂ ᠠᠬᠤᠶ ᠪᠠᠶᠢᠳᠠᠯ᠂ ᠦᠢᠯᠡᠴᠢᠯᠡᠭᠡ᠂ ᠬᠡᠷᠡᠭᠯᠡᠭᠡ ᠶᠢ ᠪᠥᠬᠦ ᠲᠠᠯ᠎ᠠ ᠪᠠᠷ ᠲᠠᠰ ᠳᠡᠪᠰᠢᠭᠦᠯᠬᠦ ᠶᠢ ᠪᠡᠶᠡᠯᠡᠭᠦᠯᠦᠨ᠎ᠡ᠃ ᠳᠠᠷᠬᠠᠨ ᠮᠤᠤᠮᠢᠩᠭᠠᠨ ᠤ ᠬᠥᠬᠡᠬᠤᠲᠠ ᠪᠤᠭᠤᠲᠤ ᠬᠤᠶᠠᠷ ᠬᠤᠲᠠ ᠠᠴᠠ ᠨᠡᠯᠢᠶᠡᠳ ᠣᠶᠢᠷᠠᠬᠠᠨ ᠪᠠᠶᠢᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠳᠠᠷᠬᠠᠨ ᠮᠤᠤᠮᠢᠩᠭᠠᠨ ᠤ ᠵᠢᠭᠤᠯᠴᠢᠯᠠᠯ ᠢ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠬᠤᠲᠠ ᠶᠢᠨ ᠪᠥᠭᠡᠮᠨᠡᠷᠡᠯ ᠤᠨ ᠬᠥᠭᠵᠢᠯᠲᠡ ᠳᠤ ᠠᠭᠤᠰᠤᠯᠴᠠᠭᠤᠯᠬᠤ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠳᠡᠰ ᠤᠨ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠤᠨ᠎ᠠ᠃ᠰᠣᠶᠣᠯ ᠵᠢᠭᠤᠯᠴᠢᠯᠠᠯ ᠤᠨ ᠦᠢᠯᠡᠰ ᠢ ᠪᠠᠶᠠᠯᠢᠭᠵᠢᠭᠤᠯᠤᠨ᠎ᠠ᠃ ︽ᠬᠤᠪᠢᠰᠬᠠᠯ ᠢᠶᠠᠷ ᠬᠦᠲᠦᠯᠦᠨ ᠳᠠᠭᠠᠭᠤᠯᠬᠤ+ ᠪᠣᠬᠢᠷᠲᠤᠯ ᠥᠬᠡᠶ ᠬᠥᠭᠵᠢᠯᠲᠡ︾ ᠶᠢ ᠪᠠᠷᠢᠮᠲᠠᠯᠠᠵᠤ᠂ ᠲᠠᠷᠢᠶᠠᠯᠠᠩ ᠰᠣᠶᠣᠯ ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ᠂ ᠬᠤᠪᠢᠰᠬᠠᠯ ᠤᠨ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠬᠢᠯᠢ ᠶᠢᠨ ᠵᠢᠭᠤᠯᠴᠢᠯᠠᠯ ᠵᠡᠷᠭᠡ ᠨᠢᠭᠡ ᠪᠦᠯᠦᠭ ᠤᠨᠴᠠᠯᠢᠬᠳᠤ ᠵᠢᠭᠤᠯᠴᠢᠯᠠᠯ ᠤᠨ ᠰᠣᠳᠣᠨ ᠵᠠᠮ ᠱᠤᠭᠤᠮ ᠢ ᠪᠣᠶ ᠪᠣᠯᠭᠠᠵᠤ᠂ ᠤᠯᠤᠰ ᠤᠨ ᠲᠠᠰ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠡᠭᠦᠳᠦᠨ᠎ᠡ᠃ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠵᠤ᠂ ᠪᠤᠭᠤᠲᠤ ᠬᠤᠲᠠ ᠶᠢᠨ ︽ᠳᠤᠮᠳᠠᠳᠤ ᠤᠯᠤᠰ ᠤᠨ ᠠᠳᠤᠭᠤᠨ ᠬᠤᠲᠠ︾ ᠶᠢᠨ ᠪᠥᠲᠥᠭᠡᠨ ᠪᠠᠶᠢᠭᠤᠯᠤᠯᠲᠠ ᠳᠤ ᠭᠦᠨᠵᠡᠭᠡᠶ ᠣᠷᠣᠯᠴᠠᠵᠤ᠂ ᠠᠳᠤᠭᠤᠨ ᠤ ᠠᠵᠤ ᠦᠢᠯᠡᠰ ᠤᠨ ᠤᠷᠤᠯᠳᠤᠭᠠᠨ ᠢ ᠴᠢᠨᠠᠷ ᠰᠠᠶᠢᠲᠠᠶ ᠡᠷᠭᠢᠯᠡᠵᠦ᠂ ᠪᠥᠬᠦ ᠬᠤᠲᠠ᠂ ᠪᠥᠬᠦ ᠣᠷᠣᠨ ᠴᠢᠨᠠᠭᠰᠢᠯᠠᠪᠠᠯ ᠪᠥᠬᠦ ᠤᠯᠤᠰ ᠲᠤ ᠨᠥᠯᠥᠭᠡᠯᠡᠬᠦ ᠬᠦᠴᠦᠨ ᠲᠠᠢ ᠨᠠᠷᠠᠲᠤ ᠲᠡᠮᠳᠡᠭᠲᠦ ᠶᠢᠨ ᠠᠵᠢᠯᠯᠠᠭ᠎ᠠ ᠶᠢ ᠪᠣᠶ ᠪᠣᠯᠭᠠᠨ᠎ᠠ᠃ ᠡᠯ᠎ᠡ ᠱᠠᠲᠤᠨ ᠤ ᠡᠯ᠎ᠡ ᠲᠥᠷᠥᠯ ᠤᠨ ᠲᠣᠮᠣ ᠬᠡᠯᠪᠡᠷᠢ ᠶᠢᠨ ᠤᠷᠤᠯᠳᠤᠭᠠᠨ ᠤ ᠠᠵᠢᠯᠯᠠᠭ᠎ᠠ ᠶᠢ ᠢᠳᠡᠪᠬᠢᠲᠡᠶ ᠪᠠᠷ ᠳᠠᠭᠠᠭᠠᠨ ᠡᠷᠬᠢᠯᠡᠵᠦ᠂ ᠰᠣᠶᠣᠯ ᠵᠢᠭᠤᠯᠴᠢᠯᠠᠯ ᠤᠨ ᠨᠠᠶᠢᠷ᠂ ︽ᠰᠢᠯᠦᠭᠯᠢᠭ ᠲᠠᠯ᠎ᠠ ᠨᠤᠲᠤᠭ · ᠪᠠᠭᠠᠲᠤᠷ ᠳᠠᠷᠬᠠᠨ ᠮᠣᠣᠮᠢᠩᠭᠠᠨ︾ ᠵᠡᠷᠭᠡ ᠰᠣᠶᠣᠯ ᠵᠢᠭᠤᠯᠴᠢᠯᠠᠯ ᠤᠨ ᠨᠡᠷᠡᠲᠦ ᠲᠡᠮᠳᠡᠭᠲᠦ ᠶᠢ ᠭᠡᠷᠡᠯᠲᠦᠭᠦᠯᠦᠨ᠎ᠡ᠃      ᠬᠡᠷᠡᠭᠯᠡᠭᠡ ᠶᠢᠨ ᠳᠡᠰ ᠳᠡᠪᠰᠢᠬᠦ ᠶᠢ ᠠᠬᠢᠭᠤᠯᠤᠨ᠎ᠠ᠃ ᠰᠣᠶᠣᠯ ᠬᠤᠳᠠᠯᠳᠤᠭ᠎ᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ︽ᠲᠠᠷᠬᠠᠨ ᠮᠤᠤᠮᠢᠩᠭᠠᠨ ᠤ ᠪᠣᠳᠠᠰ ᠤᠨ ᠨᠠᠶᠢᠷ︾ ᠵᠡᠷᠭᠡ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠶᠢ ᠰᠠᠶᠢᠲᠤᠷ ᠡᠷᠬᠢᠯᠡᠵᠦ᠂ ᠬᠤᠨᠤᠭ ᠪᠠᠭᠤᠳᠠᠯ᠂ ᠢᠳᠡᠭᠡᠨ ᠤᠮᠳᠠᠭᠠᠨ ᠂ ᠵᠢᠵᠢᠭᠯᠡᠨ ᠬᠤᠳᠠᠯᠳᠤᠬᠤ ᠵᠡᠷᠭᠡ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠳᠤᠲᠠᠭᠳᠠᠯ ᠢ ᠨᠥᠬᠦᠪᠥᠷᠢᠯᠡᠬᠦ᠂ ᠬᠢᠷᠢ ᠲᠦᠪᠰᠢᠨ ᠢ ᠳᠡᠭᠡᠭᠰᠢᠯᠡᠭᠦᠯᠬᠦ ᠶᠢ ᠳᠡᠮᠵᠢᠵᠦ᠂ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠰᠥᠨᠢ ᠶᠢᠨ ᠠᠵᠤ ᠠᠬᠤᠢ ᠶᠢᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号