ᠪᠦᠭᠦᠳᠡ ᠬᠤᠷᠠᠯ ᠤᠨ ᠵᠣᠷᠢᠭ ᠰᠠᠨᠠᠭ᠎ᠠ  ᠶᠢᠨ ᠲᠠᠶᠢᠯᠤᠮᠵᠢ ᠬᠦᠴᠦ ᠪᠠᠨ ᠲᠥᠪᠯᠡᠷᠡᠭᠦᠯᠦᠨ ᠰᠢᠪᠲᠤᠯᠤᠯᠲᠠ ᠬᠢᠵᠦ ︽ᠬᠤᠶᠠᠷ ᠬᠠᠯᠬᠠᠪᠴᠢ︾ ᠶᠢ ᠪᠠᠲᠤ ᠴᠣᠭᠴᠠᠯᠠᠵᠤ  ᠨᠡᠶᠢᠭᠡᠮ ᠤᠨ ᠵᠠᠰᠠᠯᠲᠠ ᠪᠠ ᠠᠮᠤᠷ ᠲᠦᠪᠰᠢᠨ ᠤ ᠲᠣᠭᠲᠠᠭᠤᠨ ᠤ ᠲᠦᠪᠰᠢᠨ ᠢ ᠳᠡᠭᠡᠭᠰᠢᠯᠡᠭᠦᠯᠦᠶ᠎ᠡ
ᠨᠡᠶᠢᠲᠡᠯᠡᠭᠰᠡᠨ ᠴᠠᠭ᠄
2024/7/25
      2023 ᠣᠨ ᠢ ᠡᠷᠭᠢᠴᠡᠭᠦᠯᠬᠦ      2023 ᠣᠨ ᠳᠤ ᠮᠠᠨ ᠤ ᠬᠤᠰᠢᠭᠤᠨ ᠤ ︽ᠬᠤᠶᠠᠷ ᠬᠠᠯᠬᠠᠪᠴᠢ︾ ᠶᠢᠨ ᠰᠢᠨ᠎ᠡ ᠬᠠᠭᠤᠳᠠᠰᠤ ᠶᠢ ᠪᠢᠴᠢᠭᠯᠡᠪᠡ᠃ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠡᠷᠡᠰ ᠪᠠᠲᠤ ᠴᠣᠭᠴᠠᠯᠠᠨ᠎ᠠ᠃ ᠮᠠᠨ ᠤ ᠬᠤᠰᠢᠭᠤ ᠪᠦᠬᠦ ᠤᠯᠤᠰ ᠤᠨ ︽ᠤᠮᠠᠷᠠᠲᠤ ᠶᠢᠨ ᠡᠯᠡᠰᠦᠷᠬᠡᠭᠵᠢᠯ ᠢ ᠰᠡᠷᠭᠡᠶᠢᠯᠡᠬᠦ ᠪᠦᠰᠡ︾ ᠶᠢᠨ ᠭᠠᠵᠠᠷ ᠣᠷᠣᠨ᠂ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠢ ᠰᠢᠨᠵᠢᠯᠡᠬᠦ ᠤᠬᠠᠭᠠᠨᠴᠢ ᠪᠠᠷ ᠰᠡᠷᠭᠦᠭᠡᠬᠦ ᠰᠢᠰᠲ᠋ᠧᠮᠵᠢ ᠶᠢᠨ ᠲᠤᠷᠰᠢᠯᠲᠠ ᠶᠢᠨ ᠴᠡᠭ᠂ ᠮᠠᠯ ᠪᠡᠯᠴᠢᠭᠡᠷ ᠤᠨ ᠲᠡᠩᠴᠡᠭᠦᠷᠢ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠲᠤᠷᠰᠢᠯᠲᠠ ᠶᠢᠨ ᠴᠡᠭ ᠲᠤ ᠵᠢᠭᠰᠠᠭᠠᠭᠳᠠᠵᠤ᠂ ᠨᠤᠲᠤᠭ ᠪᠡᠯᠴᠢᠭᠡᠷ ᠢ ᠬᠠᠮᠠᠭᠠᠯᠠᠨ ᠬᠥᠭᠵᠢᠭᠦᠯᠬᠦ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠳᠤ ᠵᠢᠭᠰᠠᠭᠠᠭᠳᠠᠪᠠ᠃ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠡᠷᠡᠰ ᠪᠠᠲᠤ ᠴᠣᠭᠴᠠᠯᠠᠨ᠎ᠠ᠃ ᠠᠮᠤᠷ ᠠᠮᠤᠭᠤᠯᠠᠩ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠮᠠᠨᠳᠤᠯ ᠪᠠᠯᠭᠠᠰᠤ ᠠᠩᠬᠠᠳᠠᠭᠴᠢ ᠪᠦᠯᠦᠭ ᠪᠦᠬᠦ ᠤᠯᠤᠰ ᠤᠨ ᠠᠮᠤᠷ ᠠᠮᠤᠭᠤᠯᠠᠩ ᠬᠢᠯᠢ ᠬᠢᠵᠠᠭᠠᠷ ᠤᠨ ᠵᠢᠱᠢᠶᠡᠴᠢ ᠰᠢᠶᠠᠩ ᠪᠠᠯᠭᠠᠰᠤ ᠪᠠᠷ ᠦᠨᠡᠯᠡᠭᠳᠡᠪᠡ᠃ ᠪᠠᠶᠠᠨ ᠬᠤᠸᠠ ᠶᠢᠨ ᠬᠢᠯᠢ ᠶᠢᠨ ᠲᠣᠮᠢᠯᠠᠭᠰᠠᠨ ᠰᠠᠯᠪᠤᠷᠢ ᠪᠦᠬᠦ ᠣᠷᠣᠨ ᠤ ︽ᠹᠧᠩ ᠴᠢᠶᠣᠤ ᠶᠢᠨ ᠲᠤᠷᠰᠢᠯᠭ᠎ᠠ︾ ᠶᠢᠨ ᠲᠡᠷᠢᠭᠦᠨ ᠤ ᠨᠡᠢᠲᠡᠯᠢᠭ ᠵᠢᠱᠢᠶ᠎ᠡ ᠪᠠᠷ ᠦᠨᠡᠯᠡᠭᠳᠡᠪᠡ᠃ ᠬᠠᠤᠯᠢ ᠪᠠᠷ ᠵᠠᠰᠠᠬᠤ ᠲᠠᠷᠬᠠᠨ ᠮᠤᠤᠮᠢᠩᠭᠠᠨ ᠤ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠪᠦᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠠᠮᠵᠢᠯᠲᠠ ᠲᠠᠢ ᠡᠭᠦᠳᠦᠨ ᠪᠠᠶᠢᠭᠤᠯᠪᠠ᠃      2024 ᠣᠨ ᠢ ᠪᠠᠷᠠᠯᠠᠬᠤ      2024 ᠣᠨ ᠳᠤ᠂ ᠪᠢᠳᠡ ᠬᠢᠯᠢ ᠶᠢᠨ ᠦᠨᠳᠦᠰᠦᠲᠡᠨ ᠤ ᠭᠠᠵᠠᠷ ᠣᠷᠣᠨ ᠤ ᠡᠷᠬᠡᠪᠰᠢ ᠡᠭᠦᠷᠭᠡᠯᠡᠬᠦ ᠡᠭᠦᠷᠭᠡ ᠬᠠᠷᠢᠭᠤᠴᠠᠯᠭ᠎ᠠ ᠶᠢ ᠰᠡᠷᠭᠡᠭ ᠢᠶᠠᠷ ᠲᠠᠨᠢᠵᠤ᠂ ︽ᠬᠤᠶᠠᠷ ᠬᠠᠯᠬᠠᠪᠴᠢ︾ ᠶᠢ ᠪᠠᠲᠤ ᠴᠣᠭᠴᠠᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠪᠥᠬᠦ ᠬᠤᠲᠠ᠂ ᠪᠥᠬᠦ ᠣᠷᠣᠨ ᠤ ᠬᠥᠭᠵᠢᠯᠲᠡ ᠶᠢᠨ ᠶᠡᠭᠡ ᠲᠠᠯ᠎ᠠ ᠳᠤ ᠰᠢᠨ᠎ᠡ ᠬᠤᠪᠢ ᠨᠡᠮᠡᠷᠢ ᠦᠵᠡᠭᠦᠯᠪᠡ᠃       01 ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠎ᠠ᠃      ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠴᠢᠩᠭᠠᠳᠬᠠᠨ᠎ᠠ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠩ ᠪᠠ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠶᠢ ᠨᠢᠭᠡ ᠴᠤᠬᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠪᠣᠯᠤᠨ ᠰᠢᠨ᠎ᠡ ᠡᠨᠧᠷᠭᠢ ᠶᠢᠨ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠵᠡᠷᠭᠡ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠮᠤᠨᠢ ᠠᠭᠤᠯᠠ ᠶᠢᠨ ᠠᠷᠤ ᠬᠤᠷᠮᠣᠢ ᠶᠢᠨ ᠠᠮᠢ ᠠᠬᠤᠢ ᠶᠢ ᠶᠡᠷᠦᠩᠬᠡᠶᠢᠯᠡᠨ ᠵᠠᠰᠠᠬᠤ᠂ ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠬᠡᠷᠡᠭᠵᠢᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠨᠣᠭᠤᠭᠠᠨ ᠲᠦᠮᠡᠨ ᠭᠠᠵᠠᠷ ᠤᠨ ᠤᠷᠳᠤ ᠴᠠᠭᠠᠨ ᠬᠡᠷᠡᠮ ᠢ ᠪᠦᠳᠦᠭᠡᠨ ᠪᠠᠶᠢᠭᠤᠯᠤᠨ᠎ᠠ᠃      ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠡᠷᠡᠰ ᠪᠡᠶᠡᠯᠡᠭᠦᠯᠦᠨ᠎ᠡ᠃ ᠰᠢᠨ᠎ᠡ ᠳᠠᠷᠬᠠᠨ ᠮᠣᠣᠮᠢᠩᠭᠠᠨ ᠤ ᠬᠤᠪᠣᠷ ᠰᠢᠷᠣᠶ ᠶᠢᠨ ᠰᠡᠭᠦᠯ ᠤᠨ ᠬᠡᠢ ᠶᠢ ᠵᠠᠰᠠᠬᠤ᠂ ᠵᠢᠢ ᠳ᠋ᠦᠩ ᠱᠦᠢᠨᠢ ᠶᠢᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠠᠬᠢᠭᠤᠯᠤᠨ᠎ᠠ︔ ᠭᠤᠣᠯ ᠮᠥᠷᠡᠨ ᠨᠠᠭᠤᠷ ᠴᠥᠭᠦᠷᠥᠮ ᠤᠨ ᠤᠷᠲᠤ ᠬᠤᠭᠤᠴᠠᠭᠠᠨ ᠤ ᠲᠣᠭᠲᠠᠴᠠ ᠶᠢ ᠨᠠᠶᠢᠳᠠᠪᠤᠷᠢᠵᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ ᠢ ᠠᠷᠢᠯᠭᠠᠬᠤ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠦᠨ᠎ᠡ︔ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠨ ᠬᠥᠷᠥᠰᠥ ᠰᠢᠷᠣᠶ ᠶᠢᠨ ᠪᠣᠬᠢᠷᠲᠤᠯ ᠢ ᠬᠠᠮᠢᠶᠠᠷᠤᠨ ᠡᠵᠡᠮᠳᠡᠬᠦ ᠪᠠ ᠰᠡᠷᠭᠦᠭᠡᠬᠦ ᠶᠢ ᠴᠢᠩᠭᠠᠳᠬᠠᠵᠤ᠂ ᠠᠭᠤᠷᠬᠠᠢ ᠶᠢᠨ ᠠᠮᠢ ᠠᠬᠤᠶ ᠶᠢ ᠰᠡᠷᠭᠦᠭᠡᠨ ᠵᠠᠰᠠᠬᠤ ᠪᠠ ᠨᠡᠮᠡᠭᠳᠡᠭᠦᠯᠬᠦ ᠶᠢ ᠬᠤᠯᠪᠣᠭᠳᠠᠭᠤᠯᠬᠤ ᠲᠦᠰᠦᠯ ᠢ ᠠᠬᠢᠭᠤᠯᠵᠤ᠂ ᠭᠤᠣᠯᠳᠠᠯᠭ᠎ᠠ ᠲᠠᠢ ᠣᠷᠣᠨ ᠪᠦᠰᠡ ᠶᠢᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠦᠨ᠎ᠡ᠃ ᠦᠬᠡᠷᠬᠤᠳᠳᠤᠭ ᠪᠠᠯᠭᠠᠰᠤᠨ ᠤ ︽ᠬᠤᠶᠠᠷ ᠠᠭᠤᠯᠠ︾ ᠶᠢᠨ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ᠬᠥᠭᠵᠢᠯᠲᠡ ᠶᠢᠨ ᠠᠷᠭ᠎ᠠ ᠬᠡᠯᠪᠡᠷᠢ ᠶᠢ ᠪᠣᠬᠢᠷᠲᠤᠯ ᠦᠭᠡᠢ ᠲᠡᠶᠢᠰᠢ ᠬᠤᠪᠢᠷᠠᠭᠤᠯᠬᠤ ᠶᠢ ᠲᠦᠷᠭᠡᠳᠬᠡᠨ᠎ᠡ᠃ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠴᠢᠩᠭᠠᠷᠠᠭᠤᠯᠤᠨ᠂ ᠰᠤᠯᠠ ᠪᠠᠶᠢᠭ᠎ᠠ ᠭᠠᠵᠠᠷ ᠰᠢᠷᠣᠶ ᠶᠢᠨ ᠡᠬᠢ ᠪᠠᠶᠠᠯᠢᠭ ᠢ ᠠᠮᠢᠳᠤᠯᠢᠭᠵᠢᠭᠤᠯᠵᠤ᠂ ᠵᠥᠪᠰᠢᠶᠡᠷᠡᠭᠰᠡᠨ ᠪᠠᠶᠢᠲᠠᠯ᠎ᠠ ᠦᠯᠦ ᠬᠠᠩᠭᠠᠭᠰᠠᠨ ᠭᠠᠵᠠᠷ ᠰᠢᠷᠣᠶ ᠶᠢ ᠲᠦᠷᠭᠡᠳᠬᠡᠨ ᠰᠢᠢᠳᠪᠦᠷᠢᠯᠡᠬᠦ ᠬᠡᠷᠡᠭᠲᠡᠶ᠃ ᠤᠰᠤᠨ ᠤ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠶᠢ ᠴᠢᠩᠭᠠᠷᠠᠭᠤᠯᠤᠨ᠂ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠬᠢᠭᠡᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠦᠨ᠎ᠡ᠃ ᠤᠢ ᠰᠢᠭᠤᠢ ᠡᠪᠡᠰᠦ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ ᠲᠤᠷᠰᠢᠯᠲᠠ᠂ ᠨᠡᠭᠦᠷᠡᠰᠦᠲᠥ᠋ᠷᠥᠭᠴᠢ ᠶᠢᠨ ᠬᠤᠷᠠᠮᠠᠯ ᠤᠨ ᠴᠢᠳᠠᠮᠵᠢ ᠶᠢ ᠬᠢᠨᠠᠨ ᠬᠡᠮᠵᠢᠬᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢ ᠨᠡᠭᠡᠭᠡᠨ ᠬᠥᠭᠵᠢᠭᠦᠯᠬᠦ ᠵᠡᠷᠭᠡ ᠲᠦᠰᠦᠯ ᠢ ᠲᠦᠷᠭᠡᠳᠬᠡᠨ ᠠᠬᠢᠭᠤᠯᠵᠤ᠂ ᠨᠢᠭᠡ ᠪᠦᠯᠦᠭ ᠪᠣᠬᠢᠷᠲᠤᠯ ᠦᠭᠡᠢ ᠬᠥᠭᠵᠢᠯᠲᠡ ᠶᠢᠨ ᠵᠢᠱᠢᠶ᠎ᠡ ᠦᠵᠡᠭᠦᠯᠬᠦ ᠬᠡᠪ ᠳᠠᠭᠤᠷᠢᠶᠠᠯ ᠢ ᠪᠤᠢ ᠪᠣᠯᠭᠠᠨ᠎ᠠ᠃      02 ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠨ᠎ᠠ᠃      ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠡᠷᠡᠰ ᠬᠠᠮᠠᠭᠠᠯᠠᠨ᠎ᠠ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠠᠲᠤ ᠪᠤᠢ ᠪᠣᠯᠭᠠᠵᠤ᠂ ᠤᠯᠤᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠦᠴᠦᠷᠬᠡᠭᠯᠡᠯ ᠢ ᠡᠰᠡᠷᠭᠦᠴᠡᠬᠦ᠂ ᠨᠡᠪᠴᠢᠯᠲᠡ ᠶᠢ ᠡᠰᠡᠷᠭᠦᠴᠡᠬᠦ᠂ ᠭᠠᠵᠢᠭᠤ ᠨᠣᠮᠯᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠥᠷᠨᠢᠭᠦᠯᠵᠦ᠂ ᠡᠬᠡ ᠤᠯᠤᠰ ᠤᠨ ︽ᠤᠮᠠᠷᠠᠲᠤ ᠶᠡᠭᠡ ᠬᠠᠭᠠᠯᠭ᠎ᠠ︾ ᠶᠢ ᠰᠠᠶᠢᠲᠤᠷ ᠰᠠᠬᠢᠬᠤ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠲᠦᠷᠦᠯ ᠤᠨ ᠵᠠᠭᠤᠴᠢᠯᠠᠭᠤᠷ ᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠪᠠᠬᠢᠵᠢᠭᠦᠯᠦᠨ᠎ᠡ᠃ ᠭᠤᠣᠯᠳᠠᠯᠭ᠎ᠠ ᠲᠠᠢ ᠬᠦᠷᠢᠶᠡᠨ ᠳᠠᠬᠢ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠢᠳᠡᠪᠬᠢᠲᠡᠢ ᠯᠠᠪᠳᠠᠭᠤᠨ ᠢᠶᠠᠷ ᠠᠷᠢᠯᠭᠠᠵᠤ᠂ ᠤᠮᠠᠷᠠᠲᠤ ᠬᠢᠯᠢ ᠶᠢᠨ ᠥᠨᠳᠥᠷ ᠬᠢᠷᠢ ᠲᠦᠪᠰᠢᠨ ᠪᠦᠬᠦᠢ ᠠᠮᠤᠷ ᠲᠦᠪᠰᠢᠨ ᠤ ᠰᠢᠰᠲ᠋ᠧᠮ ᠢ ᠪᠠᠶᠢᠭᠤᠯᠤᠨ᠎ᠠ᠃      ᠤᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ ᠂ ᠣᠶᠤᠨᠴᠢ ᠳᠣᠲᠣᠭᠠᠳᠤ ᠶᠢ ᠬᠠᠮᠠᠭᠠᠯᠠᠬᠤ ᠠᠵᠢᠯ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠵᠤ᠂ ᠴᠠᠬᠢᠯᠭᠠᠨ ᠬᠤᠯᠪᠣᠭᠠᠨ ᠤ ᠮᠡᠬᠡᠯᠡᠯ᠂ ᠢᠳᠡᠭᠡᠨ ᠡᠮ ᠤᠨ ᠵᠦᠢᠯᠡᠰ᠂ ᠱᠠᠯᠢᠭ ᠵᠠᠪᠬᠠᠶ᠂ ᠵᠣᠭᠤᠰ ᠮᠥᠷᠦ᠋ᠢᠴᠡᠬᠦ᠂ ᠬᠤᠤᠷᠲᠤ ᠡᠳ᠋ ᠫᠠᠨᠽᠠᠯᠠᠬᠤ᠂ ᠬᠤᠯᠠᠭᠠᠶᠢᠯᠠᠵᠤ ᠬᠠᠭᠤᠷᠬᠤ ᠵᠡᠷᠭᠡ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠨᠠᠩ ᠥᠨᠳᠥᠷ ᠲᠦᠪᠰᠢᠨ ᠪᠥᠬᠦᠶ ᠠᠮᠤᠷ ᠠᠮᠤᠭᠤᠯᠠᠩ ᠲᠠᠷᠬᠠᠨ ᠮᠤᠤᠮᠢᠩᠭᠠᠨ ᠢ ᠪᠥᠲᠥᠭᠡᠨ ᠪᠠᠶᠢᠭᠤᠯᠤᠨ᠎ᠠ᠃      ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠢ ᠡᠭᠦᠳᠦᠨ ᠪᠠᠶᠢᠭᠤᠯᠤᠭᠰᠠᠨ ᠲᠤᠷᠰᠢᠯᠭ᠎ᠠ ᠶᠢ ᠳ᠋ᠦᠩᠨᠡᠵᠦ᠂ ᠪᠦᠷᠢᠨ ᠪᠦᠲᠦᠨ ᠨᠡᠶᠢᠭᠡᠮ ᠲᠣᠭᠤᠷᠢᠭ ᠤᠨ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠠᠬᠢᠭᠤᠯᠤᠨ᠎ᠠ᠃ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ᠂ ᠤᠳᠤᠷᠢᠳᠬᠤ ᠺᠠᠳ᠋ᠷᠴᠤᠳ ᠤᠨ ︽ᠶᠡᠬᠡᠪᠡᠷ ᠳᠣᠷᠣᠭᠰᠢ ᠪᠠᠭᠤᠵᠤ ᠰᠤᠷᠪᠤᠯᠵᠢᠯᠠᠬᠤ᠂ ᠠᠷᠠᠳ ᠤᠨ ᠪᠠᠶᠢᠳᠠᠯ ᠢ ᠪᠠᠶᠢᠴᠠᠭᠠᠬᠤ᠂ ᠬᠦᠴᠢᠷ ᠠᠰᠠᠭᠤᠳᠠᠯ ᠢ ᠰᠢᠢᠳᠪᠦᠷᠢᠯᠡᠬᠦ︾ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠥᠬᠦ ᠤᠯᠤᠰ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠪᠠᠶᠢᠭᠤᠯᠤᠨ᠎ᠠ᠃ ᠬᠠᠤᠯᠢ ᠪᠠᠷ ᠵᠠᠰᠠᠬᠤ ᠲᠠᠷᠬᠠᠨ ᠮᠣᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠨᠢᠭᠡ ᠴᠣᠭᠴᠠᠵᠢᠭᠤᠯᠤᠨ ᠠᠬᠢᠭᠤᠯᠵᠤ᠂ ᠪᠥᠬᠦ ᠤᠯᠤᠰ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠪᠠᠶᠢᠭᠤᠯᠤᠨ᠎ᠠ᠃      ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠨᠡᠶᠢᠯᠡᠮᠡᠯ ᠬᠦᠴᠦᠨ ᠢ ᠨᠢᠭᠲᠠᠷᠠᠭᠤᠯᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠣᠯᠤᠨ ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠬᠤᠶᠠᠷ ᠢ ᠬᠦᠷᠢᠶᠡᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠡ᠃ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠬᠥᠮᠥᠨ ᠦᠭᠡᠢ ᠣᠶᠤᠨᠴᠢ ᠰᠢᠰᠲ᠋ᠧᠮ ᠤᠨ ᠰᠤᠳᠤᠯᠤᠨ ᠪᠣᠯᠪᠠᠰᠤᠷᠠᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠬᠢᠯᠢ ᠶᠢᠨ ᠬᠠᠮᠠᠭᠠᠯᠠᠯᠲᠠ ᠶᠢᠨ ᠬᠠᠮᠢᠶᠠᠷᠤᠨ ᠡᠵᠡᠮᠳᠡᠬᠦ ᠰᠢᠰᠲ᠋ᠧᠮᠵᠢ ᠶᠢ ᠪᠠᠶᠢᠭᠤᠯᠤᠨ ᠬᠦᠴᠦᠷᠬᠡᠭᠵᠢᠭᠦᠯᠵᠦ᠂ ᠬᠢᠯᠢ ᠶᠢᠨ ᠬᠠᠮᠢᠶᠠᠷᠤᠨ ᠡᠵᠡᠮᠳᠡᠬᠦ ᠬᠦᠴᠦᠨ ᠤ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠂ ᠡᠷᠦᠬᠡ ᠶᠢᠨ ᠴᠡᠷᠢᠭ ᠢ ᠪᠠᠶᠢᠩᠭᠤᠵᠢᠭᠤᠯᠤᠨ ᠵᠣᠬᠢᠶᠠᠨ ᠪᠠᠶᠢᠭᠤᠯᠵᠤ ᠬᠢᠯᠢ ᠶᠢᠨ ᠬᠠᠮᠠᠭᠠᠯᠠᠯᠠᠲᠠ ᠬᠢᠯᠭᠡᠨ᠎ᠡ᠃ ᠣᠶᠤᠨᠴᠢ ᠬᠢᠯᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ 5G ᠰᠠᠭᠤᠷᠢ ᠥᠷᠲᠡᠭᠡ ᠶᠢ 37 ᠰᠢᠨ᠎ᠡ ᠪᠠᠷ ᠪᠠᠶᠢᠭᠤᠯᠵᠤ᠂ ᠬᠢᠯᠢ ᠶᠢᠨ ᠬᠠᠮᠠᠭᠠᠯᠠᠯᠲᠠ ᠶᠢᠨ ᠵᠠᠰᠠᠮᠠᠯ ᠵᠠᠮ ᠢ 3 ᠪᠠᠶᠢᠭᠤᠯᠬᠤ ᠪᠠᠷ ᠴᠢᠷᠮᠠᠶᠢᠵᠤ᠂ ᠬᠢᠯᠢ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠨ᠎ᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号