ᠪᠦᠭᠦᠳᠡ ᠬᠤᠷᠠᠯ ᠤᠨ ᠵᠣᠷᠢᠭ ᠰᠠᠨᠠᠭ᠎ᠠ  ᠶᠢᠨ ᠲᠠᠶᠢᠯᠤᠮᠵᠢ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠵᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠳᠦᠭᠡᠨ ᠪᠠᠶᠢᠭᠤᠯᠵᠤ ᠦᠨᠳᠦᠰᠦᠲᠡᠨ ᠤ ᠴᠡᠴᠡᠭᠯᠡᠯ ᠬᠥᠭᠵᠢᠯ ᠤᠨ ᠲᠠᠷᠬᠠᠨ ᠮᠤᠤᠮᠢᠩᠭᠠᠨ ᠤ ᠬᠠᠭᠤᠳᠠᠰᠤ ᠶᠢ ᠪᠢᠴᠢᠭᠯᠡᠶ᠎ᠡ
ᠨᠡᠶᠢᠲᠡᠯᠡᠭᠰᠡᠨ ᠴᠠᠭ᠄
2024/7/25
      2023 ᠣᠨ ᠢ ᠡᠷᠭᠢᠴᠡᠭᠦᠯᠬᠦ      2023 ᠣᠨ ᠳᠤ᠂ ᠮᠠᠨ ᠤ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠵᠦᠢᠯ ᠤᠨ ᠠᠵᠢᠯ ᠤᠨ ᠭᠤᠤᠯ ᠱᠤᠭᠤᠮ ᠪᠣᠯᠭᠠᠨ ᠴᠢᠩᠭ᠎ᠠ ᠪᠣᠳᠠᠲᠠᠶ ᠰᠠᠶᠢᠲᠤᠷ ᠠᠳᠬᠤᠪᠠ᠃ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠪᠡᠶᠡᠴᠢᠯᠡᠨ ᠣᠶᠢᠯᠠᠭᠠᠬᠤ ᠣᠷᠳᠣᠨ ᠢ ᠪᠠᠶᠢᠭᠤᠯᠵᠤ᠂ ︽ᠬᠤᠪᠢᠰᠬᠠᠯᠲᠤ ᠵᠢᠭᠤᠯᠴᠢᠯᠠᠯ + ᠦᠨᠳᠦᠰᠦᠲᠡᠨ ᠤ ᠪᠦᠯᠬᠦᠮᠳᠡᠯ︾ ᠤᠨ ᠰᠣᠳᠣᠨ ᠱᠤᠭᠤᠮ ᠢ ᠠᠮᠵᠢᠯᠲᠠ ᠲᠠᠢ ᠪᠠᠷ ᠪᠠᠶᠢᠭᠤᠯᠪᠠ᠃ ᠡᠯ᠎ᠡ ᠦᠨᠳᠦᠰᠦᠲᠡᠨ ᠬᠠᠮᠲᠤᠪᠠᠷ ᠰᠠᠭᠤᠵᠤ ᠬᠠᠮᠲᠤᠪᠠᠷ ᠰᠤᠷᠤᠯᠴᠠᠬᠤ ᠰᠠᠶᠢᠨ ᠰᠠᠶᠢᠬᠠᠨ ᠣᠷᠴᠢᠨ ᠲᠣᠭᠤᠷᠢᠨ ᠢ ᠬᠦᠴᠦᠯᠡᠨ ᠡᠭᠦᠳᠴᠦ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠡᠮᠬᠢ ᠵᠢᠷᠤᠮ ᠲᠠᠢ ᠥᠷᠨᠢᠭᠦᠯᠵᠦ᠂ ᠬᠤᠰᠢᠭᠤᠨ ᠤ ᠠᠷᠠᠳ ᠤᠨ ᠵᠡᠪᠰᠡᠭᠲᠦ ᠬᠡᠯᠲᠡᠰ᠂ ᠪᠠᠶ᠋ᠬᠠᠤᠪᠤᠭ᠎ᠠ ᠰᠤᠮᠤ ᠶᠢᠰᠦᠳᠦᠭᠡᠷ ᠪᠦᠯᠦᠭ ᠤᠨ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠢ ᠪᠠᠷ ᠦᠨᠡᠯᠡᠭᠳᠡᠪᠡ᠃      2024 ᠣᠨ ᠢ ᠪᠠᠷᠠᠯᠠᠬᠤ      2024 ᠣᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ  ᠭᠤᠣᠯ ᠰᠢᠵᠢᠮ ᠤᠨ ᠲᠣᠭᠤᠷᠢᠨ ᠳᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠰᠠᠶᠢᠲᠤᠷ ᠰᠠᠬᠢᠨ ᠬᠠᠮᠠᠭᠠᠯᠠᠨ᠎ᠠ᠃      01 ᠭᠤᠣᠯ ᠱᠤᠭᠤᠮ ᠳᠤ ᠠᠩᠬᠠᠷᠤᠯ ᠢᠶᠠᠨ ᠲᠥᠪᠯᠡᠷᠡᠭᠦᠯᠵᠦ ᠦᠨᠳᠦᠰᠦᠲᠡᠨ ᠤ ᠪᠦᠯᠬᠦᠮᠳᠡᠯ ᠳᠡᠪᠰᠢᠯᠲᠡ ᠶᠢᠨ ᠦᠢᠯᠡᠰ ᠢ ᠪᠦᠬᠦ ᠲᠠᠯ᠎ᠠ ᠪᠠᠷ ᠠᠬᠢᠭᠤᠯᠤᠨ᠎ᠠ᠃      ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ︽1+4+N︾ ᠵᠠᠭᠪᠤᠷ ᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠤᠯᠠᠭᠠᠨ ᠠᠨᠠᠷ︾ ᠤᠨ ᠨᠠᠷᠠᠲᠤ ᠲᠡᠮᠳᠡᠭᠲᠦ ᠶᠢᠨ ᠠᠵᠢᠯᠯᠠᠭ᠎ᠠ ᠶᠢ ᠨᠠᠷᠢᠨ ᠨᠢᠮᠪᠠᠶ ᠪᠤᠶᠢᠵᠢᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠳᠣ ᠬᠤᠩᠭᠢᠯ ᠢ ᠪᠣᠶ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠦᠨ ᠥᠷᠭᠡᠳᠬᠡᠬᠦ ᠶᠢ ᠠᠬᠢᠭᠤᠯᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃      ᠤᠬᠠᠭᠤᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠤᠯᠤᠰ ᠠᠷᠠᠳ ᠤᠨ ᠰᠤᠷᠭᠠᠨ ᠬᠥᠮᠦᠵᠢᠯ᠂ ᠺᠠᠳ᠋ᠷ ᠤᠨ ᠰᠤᠷᠭᠠᠨ ᠬᠥᠮᠦᠵᠢᠯ᠂ ᠨᠡᠶᠢᠭᠡᠮ ᠤᠨ ᠰᠤᠷᠭᠠᠨ ᠬᠥᠮᠦᠵᠢᠯ᠂ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠬᠦ ᠶᠠᠪᠤᠴᠠ ᠳᠤ ᠣᠷᠣᠭᠤᠯᠵᠤ᠂ ︽ᠬᠤᠪᠢᠰᠬᠠᠯᠲᠤ ᠮᠣᠩᠭᠤᠯ ᠭᠡᠷ︾ ᠲᠤ ᠲᠦᠰᠢᠭᠯᠡᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ︽ᠵᠢᠷᠭᠤᠭᠠᠨ ᠦᠭᠡ︾ ᠶᠢᠨ ᠪᠣᠳᠠᠲᠤ ᠬᠡᠷᠡᠭ ᠪᠠ ᠶᠣᠰᠣ ᠤᠴᠢᠷ ᠢ ᠰᠠᠶᠢᠲᠤᠷ ᠶᠠᠷᠢᠵᠤ᠂ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤᠨ ᠬᠠᠮᠲᠤ ᠶᠢᠨ ᠲᠠᠨᠢᠯᠲᠠ ︾ ᠶᠢᠨ ᠦᠵᠡᠯ ᠰᠠᠨᠠᠭ᠎ᠠ ᠶᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠡᠳᠬᠢᠯ ᠳᠤ ᠦᠨᠳᠦᠰᠦᠯᠡᠭᠦᠯᠦᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠡᠷᠡᠰ ᠭᠤᠶᠢᠪᠢᠰᠢ ᠦᠭᠡᠢ ᠳᠡᠯᠭᠡᠷᠡᠭᠦᠯᠦᠨ ᠬᠡᠷᠡᠭᠯᠡᠨ᠎ᠡ᠃      ᠨᠡᠶᠢᠲᠡᠯᠢᠭ ᠵᠢᠱᠢᠶ᠎ᠡ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠪᠡᠶᠡᠴᠢᠯᠡᠨ ᠣᠶᠢᠯᠠᠭᠠᠬᠤ ᠣᠷᠳᠣᠨ ᠢ ᠰᠠᠶᠢᠲᠤᠷ ᠬᠡᠷᠡᠭᠯᠡᠨ᠂ ᠲᠠᠷᠬᠠᠨ ᠮᠤᠤᠮᠢᠩᠭᠠᠨ ᠤ ᠬᠤᠪᠢᠰᠬᠠᠯ ᠤᠨ ᠤᠳᠤᠮᠰᠢᠯ ᠪᠣᠯᠤᠨ ᠦᠨᠳᠦᠰᠦᠲᠡᠨ ᠤ ᠪᠦᠯᠬᠦᠮᠳᠡᠯ ᠤᠨ ᠲᠡᠷᠢᠭᠦᠨ ᠤ ᠦᠢᠯᠡ ᠠᠵᠢᠯᠯᠠᠭ᠎ᠠ ᠶᠢ ᠭᠦᠨᠵᠡᠭᠡᠢ ᠠᠭᠤᠳᠠᠯᠵᠤ᠂ ᠣᠨᠴᠠᠯᠢᠭ ᠢᠶᠠᠷ ᠢᠯᠡ ᠲᠣᠳᠣ᠂ ᠨᠥᠯᠥᠭᠡ ᠪᠠᠷ ᠥᠷᠭᠡᠨ ᠳᠡᠯᠭᠡᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ ᠬᠥᠮᠦᠵᠢᠯ ᠤᠨ ᠰᠠᠭᠤᠷᠢᠨ ᠢ ᠪᠠᠶᠢᠭᠤᠯᠤᠨ᠎ᠠ᠃ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠨ᠎ᠠ᠃      02 ᠬᠤᠲᠠ ᠬᠦᠳᠡᠭᠡ ᠶᠢᠨ ᠬᠠᠷᠢᠯᠴᠠᠨ ᠬᠦᠳᠡᠯᠦᠯᠴᠡᠵᠦ ᠵᠣᠬᠢᠴᠠᠩᠭᠤᠢ ᠪᠠᠷ ᠬᠦᠭᠵᠢᠭᠦᠯᠬᠦ ᠶᠢ ᠨᠢᠭᠡᠲᠦᠯᠲᠡᠢ ᠲᠦᠯᠦᠪᠵᠢᠭᠦᠯᠦᠨ᠎ᠡ᠃       ᠪᠠᠲᠤᠬᠠᠭᠠᠯᠭ᠎ᠠ ᠰᠦᠮ᠎ᠡ ᠪᠠᠯᠭᠠᠰᠤᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠨ᠎ᠡ᠃ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠲᠥᠪ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠢᠭ ᠢ ᠥᠷᠨᠢᠭᠦᠯᠵᠦ᠂ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠳᠤᠯᠠᠭᠠᠨ ᠢᠨᠵᠧᠨᠧᠷᠢᠩ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠵᠠᠮ᠂ ᠬᠤᠭᠤᠯᠠᠶ ᠶᠢᠨ ᠲᠣᠣᠷ ᠵᠡᠷᠭᠡ ᠲᠥᠬᠦᠭᠡᠷᠦᠮᠵᠢ ᠶᠢ ᠥᠭᠡᠷᠡᠴᠢᠯᠡᠨ ᠲᠠᠰ ᠳᠡᠪᠰᠢᠭᠦᠯᠬᠦ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠭᠤᠤᠯ ᠱᠤᠭᠤᠮ ᠤᠨ ᠡᠯᠧᠮᠧᠨ᠋ᠲ ᠢ ᠳᠣᠪᠤᠶᠢᠯᠭᠠᠨ᠂ ᠪᠠᠶᠢᠯᠠ ᠬᠤᠳᠠᠯᠳᠤᠭᠠᠨ ᠤ ᠵᠡᠭᠡᠯᠢ᠂ ᠾᠧ ᠾᠧ ᠠᠮᠲᠠᠲᠤ ᠢᠳᠡᠭᠡᠨ ᠤ ᠵᠡᠭᠡᠯᠢ ᠵᠡᠷᠭᠡ ᠣᠨᠴᠠᠯᠢᠭᠲᠤ ᠵᠡᠭᠡᠯᠢ ᠲᠣᠭᠤᠷᠢᠭ ᠢ ᠳᠡᠭᠡᠭᠰᠢᠯᠡᠭᠦᠯᠵᠦ᠂ ᠪᠠᠶᠢᠯᠠ ᠰᠦᠮ᠎ᠡ ᠶᠢᠨ ᠶᠠᠫᠣᠨ ᠢ ᠡᠰᠡᠷᠭᠦᠴᠡᠬᠦ ᠵᠡᠪᠰᠡᠭᠲᠦ ᠪᠣᠰᠣᠯᠭ᠎ᠠ ᠶᠢᠨ ᠳᠤᠷᠠᠰᠬᠠᠯ ᠤᠨ ᠲᠢᠩᠬᠢᠮ᠂ ᠨᠠᠭᠠᠳᠤᠮ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠵᠡᠷᠭᠡ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠠᠭᠤᠳᠠᠯᠤᠨ ᠰᠠᠶᠢᠲᠤᠷ ᠬᠡᠷᠡᠭᠯᠡᠵᠦ᠂ ᠣᠷᠣᠰᠢᠨ ᠰᠠᠭᠤᠬᠤ ᠳᠤ ᠲᠣᠬᠢᠷᠠᠮᠵᠢᠲᠠᠶ᠂ ᠠᠵᠢᠯᠯᠠᠬᠤ ᠳᠤ ᠲᠣᠬᠢᠷᠠᠮᠵᠢᠲᠠᠶ᠂ ᠵᠤᠭᠠᠴᠠᠬᠤ ᠳᠤ ᠲᠣᠬᠢᠷᠠᠮᠵᠢᠲᠠᠶ ᠵᠢᠵᠢᠭ ᠪᠠᠯᠭᠠᠰᠤ ᠶᠢ ᠪᠠᠶᠢᠭᠤᠯᠤᠨ᠎ᠠ᠃      ᠣᠨᠴᠠᠯᠢᠭᠲᠤ ᠬᠤᠲᠠ ᠪᠠᠯᠭᠠᠰᠤ ᠶᠢ ᠬᠦᠴᠦᠯᠡᠨ ᠪᠠᠶᠢᠭᠤᠯᠤᠨ᠎ᠠ᠃ ᠲᠡᠦᠬᠡ ᠰᠣᠶᠣᠯ ᠤᠨ ᠰᠤᠳᠠᠰᠤ ᠶᠢ ᠭᠦᠨ ᠠᠭᠤᠳᠠᠯᠵᠤ᠂ ᠡᠬᠢ ᠪᠠᠶᠠᠯᠢᠭ ᠢ ᠠᠮᠢᠳᠤᠯᠢᠭᠵᠢᠭᠤᠯᠤᠨ ᠠᠰᠢᠭᠯᠠᠵᠤ᠂ ᠲᠠᠯ᠎ᠠ ᠨᠤᠲᠤᠭ ᠤᠨ ᠵᠠᠩ ᠦᠢᠯᠡ᠂ ᠪᠣᠭᠤᠮᠲᠠ ᠶᠢᠨ ᠬᠢᠯᠢ ᠶᠢᠨ ᠠᠷᠠᠯᠵᠢᠶ᠎ᠠ᠂ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠵᠡᠷᠭᠡ ᠪᠠᠶᠢᠷᠢ ᠲᠣᠭᠲᠠᠭᠠᠯᠲᠠ ᠲᠠᠢ ᠨᠢᠭᠲᠠ ᠤᠶᠠᠯᠳᠤᠭᠤᠯᠤᠨ᠂ ᠡᠯ᠎ᠡ ᠪᠠᠶᠢᠭᠤᠯᠤᠮᠵᠢᠳᠤ ᠪᠠᠯᠭᠠᠰᠤ ᠶᠢᠨ ᠵᠣᠬᠢᠴᠠᠯᠳᠤᠨ ᠬᠥᠳᠡᠯᠦᠯᠴᠡᠬᠦ᠂ ᠣᠨᠴᠠᠯᠢᠬᠵᠢᠬᠤ᠂ ᠠᠭᠤᠯᠤᠭᠳᠠᠬᠤᠨ ᠮᠠᠶ᠋ᠢᠭ ᠤᠨ ᠬᠥᠭᠵᠢᠯᠲᠡ ᠶᠢ ᠠᠬᠢᠭᠤᠯᠵᠤ᠂ ᠴᠢᠳᠠᠪᠬᠢ ᠪᠠᠨ ᠲᠡᠭᠦᠯᠳᠡᠷᠵᠢᠭᠦᠯᠦᠨ᠂ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠣᠨᠴᠠᠯᠢᠭ ᠢᠶᠠᠨ ᠢᠯᠡᠷᠡᠭᠦᠯᠵᠦ᠂ ᠰᠣᠳᠣᠨ ᠬᠤᠲᠠ ᠪᠠᠯᠭᠠᠰᠤ ᠶᠢ ᠪᠣᠶ ᠪᠣᠯᠭᠠᠨ᠎ᠠ᠃      ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠤᠰᠤ᠂ ᠴᠠᠬᠢᠯᠭᠠᠨ᠂ ᠵᠠᠮ᠂ ᠮᠡᠳᠡᠭᠡ ᠶᠢ ᠨᠢᠭᠡ ᠴᠤᠭᠴᠠᠵᠢᠭᠤᠯᠬᠤ ᠪᠠᠶᠢᠭᠤᠯᠤᠯᠲᠠ ᠶᠢ ᠠᠬᠢᠭᠤᠯᠤᠨ᠂ 210 ᠤᠯᠤᠰ ᠤᠨ ᠵᠠᠮ ᠤᠨ ᠪᠠᠶ᠋ᠬᠠᠤᠪᠤᠭ᠎ᠠ ᠠᠴᠠ ᠭᠦᠶᠡᠩ ᠬᠦᠷᠬᠦ ᠵᠠᠰᠠᠮᠠᠯ ᠵᠠᠮ ︵ᠳᠠᠷᠬᠠᠨ ᠮᠤᠤᠮᠢᠩᠭᠠᠨ ᠤ ᠬᠡᠰᠡᠭ︶ ᠢ ᠲᠦᠷᠭᠡᠳᠬᠡᠨ ᠪᠠᠶᠢᠭᠤᠯᠵᠤ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠤᠨ᠎ᠠ᠃      03 ᠨᠡᠶᠢᠭᠡᠮ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠪᠦᠬᠦ ᠲᠠᠯ᠎ᠠ ᠪᠠᠷ ᠨᠡᠮᠡᠭᠳᠡᠭᠦᠯᠦᠨ᠎ᠡ᠃      ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠲᠦᠯᠬᠢᠨ ᠠᠬᠢᠭᠤᠯᠤᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ ᠵᠢᠷᠤᠮᠵᠢᠭᠰᠠᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠶᠠᠳᠠᠭᠤ ᠠᠴᠠ ᠠᠩᠭᠢᠵᠢᠷᠠᠭᠰᠠᠨ ᠬᠡᠷ ᠪᠦᠯᠢ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠷ ᠪᠦᠯᠢ᠂ ᠠᠵᠢᠯ ᠣᠯᠤᠭᠰᠠᠨ ᠬᠥᠮᠦᠨ ᠥᠬᠡᠶ ᠬᠡᠷ ᠪᠦᠯᠢ᠂ ᠵᠡᠮᠳᠡᠭᠴᠦᠳ ᠵᠡᠷᠭᠡ ᠬᠦᠴᠢᠷᠳᠡᠯᠲᠡᠶ ᠬᠥᠮᠦᠰ ᠲᠤ ᠠᠵᠢᠯ ᠣᠯᠭᠤᠵᠤ ᠬᠠᠪᠰᠤᠷᠤᠨ ᠲᠡᠳᠬᠦᠬᠦ ᠶᠢ ᠴᠢᠩᠭᠠᠳᠬᠠᠨ᠎ᠠ᠃ ᠪᠦᠬᠦ ᠵᠢᠯ ᠳᠤ ᠬᠤᠲᠠ ᠪᠠᠯᠭᠠᠰᠤᠨ ᠳᠤ 800 ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠬᠤ ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠯᠬᠤ ᠶᠢ1.9 ᠲᠦᠮᠡᠨ ᠬᠥᠮᠦᠨ ᠠᠴᠠ ᠳᠡᠭᠡᠭᠰᠢ ᠪᠠᠶᠢᠬᠤ ᠶᠢ ᠪᠡᠶᠡᠯᠡᠭᠦᠯᠦᠨ᠎ᠡ᠃      ᠨᠡᠶᠢᠭᠡᠮ ᠤᠨ ᠪᠠᠲᠤᠯᠠᠪᠤᠷᠢ ᠶᠢᠨ ᠰᠢᠰᠲ᠋ᠧᠮ ᠢ ᠨᠡᠩ ᠲᠡᠭᠦᠯᠳᠡᠷᠵᠢᠭᠦᠯᠦᠨ᠎ᠡ᠃ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠭᠰᠡᠳ᠂ ᠣᠨᠴᠠ ᠬᠦᠴᠢᠷᠳᠡᠯᠲᠡᠶ ᠬᠥᠮᠦᠰ᠂ ᠥᠨᠥᠴᠢᠨ ᠬᠡᠤᠬᠡᠳ ᠵᠡᠷᠭᠡ ᠶᠢᠨ ᠦᠨᠳᠦᠰᠦᠨ ᠵᠦᠢᠯ ᠢ ᠪᠠᠲᠤᠯᠠᠬᠤ ᠠᠵᠢᠯ ᠢ ᠰᠠᠶᠢᠲᠤᠷ ᠬᠢᠵᠦ᠂ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠤ ᠶᠢ ᠪᠡᠶᠡᠯᠡᠭᠦᠯᠦᠨ᠎ᠡ᠃ ︽ᠨᠠᠰᠤᠲᠠᠶᠢᠴᠤᠳ ᠪᠠ ᠨᠢᠯᠬᠠᠰ︾ ᠤᠨ ᠦᠢᠯᠡᠴᠢᠯᠡᠭᠡᠨ ᠤ ᠰᠢᠰᠲ᠋ᠧᠮ ᠢ ᠬᠦᠴᠦᠯᠡᠨ ᠲᠡᠭᠦᠯᠳᠡᠷᠵᠢᠭᠦᠯᠵᠦ᠂ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠦᠰᠦᠯ ᠢ ᠬᠡᠷᠡᠭᠵᠢᠭᠦᠯᠬᠦ ᠪᠠᠷ ᠴᠢᠷᠮᠠᠶᠢᠵᠤ᠂ ︽ᠨᠡᠭᠦᠳᠡᠯ ᠤᠨ ᠰᠢᠪᠠᠭᠤᠨ ᠮᠠᠶ᠋ᠢᠭ︾ ᠤᠨ ᠨᠠᠰᠤᠵᠢᠯ ᠤᠨ ᠠᠰᠠᠷᠠᠮᠵᠢ ᠶᠢᠨ ᠬᠥᠭᠵᠢᠯᠲᠡ ᠶᠢ ᠲᠦᠷᠭᠡᠳᠬᠡᠨ᠎ᠡ︔ ︽ᠳᠠᠷᠬᠠᠨ ᠮᠣᠣᠮᠢᠩᠭᠠᠨ ᠤ ᠶᠡᠭᠡ ᠬᠠᠶᠢᠷ᠎ᠠ · ᠬᠡᠤᠬᠡᠳ ᠤᠨ ᠰᠡᠳᠭᠢᠯ ᠢ ᠳᠤᠯᠠᠭᠠᠴᠠᠭᠤᠯᠬᠤ︾ ᠦᠢᠯᠡᠴᠢᠯᠡᠭᠡᠨ ᠤ ᠨᠡᠷᠡᠲᠦ ᠲᠡᠮᠳᠡᠭ ᠢ ᠭᠡᠷᠡᠯᠳᠦᠬᠦᠯᠵᠦ᠂ ᠪᠥᠬᠦ ᠤᠯᠤᠰ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃      ᠰᠤᠷᠭᠠᠨ ᠬᠥᠮᠦᠵᠢᠯ ᠤᠨ ᠨᠡᠩ ᠴᠢᠨᠠᠷ ᠰᠠᠶᠢᠲᠠᠢ ᠪᠣᠯᠬᠤ ᠶᠢ ᠠᠬᠢᠭᠤᠯᠤᠨ᠎ᠠ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠠᠭᠤᠷᠢ ᠨᠥᠬᠦᠴᠡᠯ ᠢ ᠲᠦᠷᠭᠡᠳᠬᠡᠨ ᠰᠠᠶᠢᠵᠢᠷᠠᠭᠤᠯᠵᠤ᠂ ᠰᠤᠷᠭᠠᠭᠤᠯᠢ ᠪᠠ ᠪᠠᠭᠰᠢ ᠶᠢᠨ ᠳᠠᠷᠤᠭᠠᠰᠤ ᠶᠢ ᠬᠥᠩᠭᠡᠷᠡᠭᠦᠯᠦᠨ᠂ ᠡᠩ ᠤᠨ ᠠᠵᠢᠯ ᠮᠡᠷᠭᠡᠵᠢᠯ ᠤᠨ ᠠᠭᠤᠰᠤᠯᠴᠠᠯ ᠢ ᠠᠬᠢᠭᠤᠯᠵᠤ᠂ ᠰᠢᠶᠠᠨ ᠤ ᠬᠡᠪᠴᠢᠶᠡᠨ ᠤ ᠰᠢᠯᠢᠳᠡᠭ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠡᠭᠦᠳᠦᠨ ᠪᠠᠶᠢᠭᠤᠯᠵᠤ᠂ ᠪᠥᠬᠦ ᠬᠤᠰᠢᠭᠤᠨ ᠤ ᠪᠠᠭᠰᠢ ᠶᠢᠨ ᠪᠦᠬᠦᠯᠢ ᠴᠣᠭᠴᠠ ᠶᠢᠨ ᠬᠢᠷᠢ ᠲᠦᠪᠰᠢᠨ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠬᠤᠤᠰ ᠳᠡᠭᠡᠭᠰᠢᠯᠡᠯᠲᠡ ᠶᠢ ᠠᠬᠢᠭᠤᠯᠤᠨ᠎ᠠ᠃      ᠡᠮ ᠡᠮᠨᠡᠯᠭᠡ ᠶᠢᠨ ᠨᠡᠩ ᠲᠡᠩᠴᠡᠭᠦᠷᠢᠲᠡᠢ ᠪᠣᠯᠬᠤ ᠶᠢ ᠲᠦᠯᠬᠢᠨ ᠠᠬᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠤᠨ ᠶᠡᠷᠥᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠤᠰᠢᠭᠤ ᠲᠣᠭᠤᠷᠢᠭ ᠤᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠠᠬᠢᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ ᠡᠩᠨᠡᠭᠡ ᠶᠢ ᠪᠠᠶᠢᠭᠤᠯᠤᠨ᠎ᠠ᠃ ᠬᠢᠲᠠᠳ ᠮᠣᠩᠭᠤᠯ ᠡᠮ ᠡᠮᠨᠡᠯᠭᠡ ᠶᠢᠨ ᠰᠢᠰᠲ᠋ᠧᠮᠵᠢ ᠶᠢ ᠬᠥᠭᠵᠢᠭᠦᠯᠦᠨ ᠪᠤᠵᠠᠭᠠᠶᠢᠷᠠᠭᠤᠯᠤᠨ᠎ᠠ᠃ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠵᠦ ᠠᠪᠤᠷᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠠᠪᠤᠷᠠᠨ ᠵᠠᠰᠠᠬᠤ ᠰᠢᠰᠲ᠋ᠧᠮ ᠪᠠ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃      ᠰᠤᠶᠤᠯ ᠪᠡᠶ᠎ᠡ ᠶᠢᠨ ᠲᠠᠮᠢᠷ ᠤᠨ ᠨᠡᠩ ᠴᠡᠴᠡᠭᠯᠡᠨ ᠬᠥᠭᠵᠢᠬᠦ ᠶᠢ ᠠᠬᠢᠭᠤᠯᠤᠨ᠎ᠠ᠃ ᠣᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠣᠯᠠᠨ ᠨᠡᠶᠢᠲᠡ ᠶᠢᠨ ᠪᠡᠶ᠎ᠡ ᠴᠢᠭᠢᠷᠠᠭᠵᠢᠭᠤᠯᠬᠤ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠤᠯᠠᠭᠠᠨᠮᠥ᠋ᠴᠢᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠤᠳᠬ᠎ᠠ ᠤᠷᠠᠯᠢᠭ ᠤᠨ ᠪᠦᠲᠦᠭᠡᠯ ᠤᠨ ᠬᠠᠩᠭᠠᠯᠭ᠎ᠠ ᠶᠢ ᠪᠠᠶᠠᠯᠢᠭᠵᠢᠭᠤᠯᠵᠤ᠂ ︽ᠬᠤᠪᠢᠰᠬᠠᠯᠲᠤ ᠲᠠᠯ᠎ᠠ ᠨᠤᠲᠤᠭ᠂ ᠪᠣᠬᠢᠷᠲᠤᠯ ᠥᠬᠡᠶ ᠬᠥᠭᠵᠢᠯᠲᠡ︾ ᠶᠢᠨ ᠥᠯᠢᠭᠡᠷ ᠢ ᠰᠠᠶᠢᠲᠤᠷ ᠶᠠᠷᠢᠵᠤ᠂ ᠤᠮᠠᠷᠠᠲᠤ ᠬᠢᠯᠢ ᠶᠢᠨ ᠰᠣᠶᠣᠯ ᠤᠨ ᠲᠠᠷᠬᠠᠨ ᠮᠤᠤᠮᠢᠩᠭᠠᠨ ᠤ ᠨᠠᠷᠠᠲᠤ ᠲᠡᠮᠳᠡᠭᠲᠦ ᠶᠢ ᠪᠣᠶ ᠪᠣᠯᠭᠠᠨ᠎ᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号