ᠪᠦᠬᠦᠳᠡ ᠬᠤᠷᠠᠯ ᠤᠨ ᠵᠣᠷᠢᠭ ᠰᠠᠨᠠᠭᠠᠨ ᠤ ᠲᠠᠶᠢᠯᠤᠮᠵᠢ᠂ ᠬᠦᠴᠦ ᠪᠠᠨ ᠲᠥᠪᠯᠡᠷᠡᠭᠦᠯᠦᠨ ᠪᠣᠭᠤᠮᠲᠠ ᠰᠢᠪᠲᠤᠯᠵᠤ ᠨᠠᠮ ᠤᠨ ᠪᠦᠲᠦᠭᠡᠨ ᠪᠠᠶᠢᠭᠤᠯᠤᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠺᠠᠳ᠋ᠷ ᠤᠨ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠪᠣᠳᠠᠲᠠᠢ ᠠᠳᠬᠤᠶ᠎ᠠ
ᠨᠡᠶᠢᠲᠡᠯᠡᠭᠰᠡᠨ ᠴᠠᠭ᠄
2024/7/25
      2023 ᠣᠨ ᠤ ᠡᠷᠭᠢᠴᠡᠭᠦᠯᠦᠯ      2023 ᠣᠨ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠠᠮ ᠤᠨ ᠪᠦᠲᠦᠭᠡᠨ ᠪᠠᠶᠢᠭᠤᠯᠤᠯᠲᠠ ᠪᠣᠯᠤᠨ ᠵᠣᠬᠢᠶᠠᠨ ᠪᠠᠶᠢᠭᠤᠯᠬᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠪᠡ᠃ ᠤᠯᠤᠰ ᠲᠦᠷᠦ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠷᠠᠭᠤᠯᠵᠤ᠂ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠦᠲᠦᠭᠡᠨ ᠪᠠᠶᠢᠭᠤᠯᠤᠯᠲᠠ ᠶᠢ ᠴᠢᠩᠭ᠎ᠠ ᠨᠢᠮᠪᠠᠶᠢᠵᠢᠭᠤᠯᠪᠠ᠃ ᠪᠦᠬᠦ ᠬᠤᠲᠠᠨ ᠳᠤ ᠡᠩ ᠲᠡᠷᠢᠭᠦᠨ ᠳᠤ ᠨᠠᠮ ᠤᠨ ᠡᠭᠦᠷ ᠤᠨ ᠳᠠᠭᠠᠭᠤᠯᠤᠨ ᠡᠷᠬᠢᠯᠡᠬᠦ ᠬᠤᠷᠰᠢᠶᠠᠵᠢᠯ ᠢ ᠥᠷᠨᠢᠭᠦᠯᠵᠦ᠂ ᠰᠢᠷᠠᠮᠥ᠋ᠷᠡᠨ ᠪᠠᠯᠭᠠᠰᠤᠨ ᠤ ᠬᠥᠬᠡᠳᠡᠷᠡᠰᠦ ᠭᠠᠴᠠᠭ᠎ᠠ ᠨᠢ ᠪᠦᠬᠦ ᠣᠷᠣᠨ ᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠨᠡᠶᠢᠲᠡᠯᠢᠭ ᠦᠯᠢᠭᠡᠷ ᠳᠠᠭᠤᠷᠢᠶᠠᠯ ᠤᠨ ᠲᠣᠰᠬᠤᠨ ᠢᠶᠠᠷ ᠦᠨᠡᠯᠡᠭᠳᠡᠪᠡ᠃      2024 ᠣᠨ ᠤ ᠪᠠᠷᠠᠯᠠᠯ      ᠠᠵᠢᠯ ᠦᠢᠯᠡᠰ ᠢ ᠬᠤᠭᠤᠰᠤᠨ ᠬᠠᠰᠬᠢᠷᠤᠯ ᠢᠶᠠᠷ ᠭᠠᠷᠭᠠᠭᠰᠠᠨ ᠪᠢᠰᠢ᠂ ᠬᠠᠷᠢᠨ ᠰᠡᠳᠬᠢᠯ ᠲᠠᠯᠪᠢᠨ ᠬᠦᠴᠦ ᠲᠠᠯᠪᠢᠨ ᠭᠠᠷᠭᠠᠭᠰᠠᠨ ᠶᠤᠮ᠃ 2024 ᠣᠨ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠭᠵᠢᠯᠲᠡ ᠶᠢᠨ ᠬᠠᠷᠠᠯᠲᠠ ᠰᠡᠳᠭᠢᠮᠵᠢ ᠨᠢᠭᠡᠨᠲᠡ ᠮᠠᠰᠢ ᠲᠣᠳᠣᠷᠬᠠᠢ ᠪᠤᠯᠵᠤ᠂ ᠠᠵᠢᠯ ᠤᠨ ᠠᠷᠭ᠎ᠠ ᠬᠡᠮᠵᠢᠶ᠎ᠡ ᠮᠠᠰᠢ ᠪᠤᠲᠠᠲᠠᠶᠢᠵᠢᠵᠤ᠂ ᠵᠠᠩᠭᠢᠯᠠᠭ᠎ᠠ ᠨᠢ ᠺᠠᠳ᠋ᠷ ᠲᠤ ᠪᠤᠢ᠃ ᠤᠶᠤᠨ ᠴᠢᠳᠠᠯ ᠢᠶᠠᠨ ᠠᠵᠢᠯᠯᠠᠬᠤ ᠳᠡᠭᠡᠷ᠎ᠡ ᠲᠠᠯᠪᠢᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠳᠡᠭᠡᠷ᠎ᠡ ᠬᠦᠴᠦ ᠲᠠᠯᠪᠢᠵᠤ᠂ ᠴᠢᠳᠠᠪᠤᠷᠢ ᠪᠠᠨ ᠬᠥᠭᠵᠢᠯᠲᠡ ᠶᠢ ᠠᠬᠢᠭᠤᠯᠬᠤ ᠳᠡᠭᠡᠷ᠎ᠡ ᠲᠠᠯᠪᠢᠵᠤ᠂ ᠥᠪᠡᠷ ᠤᠨ ᠶᠠᠪᠤᠳᠠᠯ ᠢᠶᠠᠨ ᠬᠦᠴᠦᠯᠡᠨ ᠰᠠᠶᠢᠲᠤᠷ ᠬᠢᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠡᠷᠢᠭᠦᠨ ᠤ ᠬᠢ ᠶᠢ ᠲᠡᠮᠡᠴᠡᠨ ᠣᠯᠵᠤ᠂ ᠡᠮᠦᠨ᠎ᠡ ᠡᠩᠨᠡᠭᠡᠨ ᠳᠤ ᠶᠠᠪᠤᠬᠤ ᠳᠤ ᠢᠳᠡᠪᠬᠢᠲᠡᠢ ᠬᠦᠴᠦᠨ ᠴᠢᠳᠠᠯ ᠢᠶᠠᠨ ᠡᠷᠭᠦᠨ᠎ᠡ᠃      1. ︽ᠰᠢᠢᠳᠪᠦᠷᠢᠯᠡᠬᠦ ᠰᠡᠳᠭᠢᠭᠦᠢ︾ ᠶᠢ ᠪᠠᠲᠤ ᠪᠠᠬᠢᠵᠢᠭᠦᠯᠵᠦ᠂ ᠺᠠᠳ᠋ᠷ ᠤᠨ ᠡᠩᠨᠡᠭᠡᠨ ᠤ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠦᠨ᠎ᠡ᠃      ᠺᠠᠳ᠋ᠷ ᠤᠨ ᠡᠩᠨᠡᠭᠡᠨ ᠤ ︽ᠲᠠᠪᠤᠨ ᠵᠠᠷᠴᠢᠮ︾ ᠤᠨ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠺᠠᠳ᠋ᠷᠴᠤᠳ ᠤᠨ ᠨᠠᠰᠤᠨ ᠲᠤᠷᠰᠢᠳᠠ ᠰᠤᠷᠤᠯᠴᠠᠬᠤ ᠣᠶᠢᠯᠠᠭᠠᠭᠳᠠᠬᠤᠨ ᠢ ᠴᠢᠩᠭᠠᠷᠠᠭᠤᠯᠵᠤ᠂ ᠨᠡᠷ᠎ᠡ ᠴᠤᠤᠲᠠᠢ ᠠᠮᠵᠢᠯᠲᠠ ᠪᠦᠲᠦᠮᠵᠢ ᠭᠠᠷᠭᠠᠵᠤ᠂ ᠲᠤᠰ ᠪᠡᠶ᠎ᠡ ᠶᠢᠨ ᠦᠷᠳᠡᠭ ᠢᠶᠠᠨ ᠢᠯᠡᠷᠡᠭᠦᠯᠦᠨ᠎ᠡ᠃      ᠺᠠᠳ᠋ᠷ ᠤᠨ ᠡᠩᠨᠡᠭᠡᠨ ᠤ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠺᠠᠳ᠋ᠷᠴᠤᠳ ᠤᠨ ᠡᠮᠦᠨ᠎ᠡ ᠹᠷᠣᠨᠲ ᠲᠤ ᠬᠦᠷᠴᠦ ᠦᠢᠯᠡᠳᠦᠯᠭᠡ ᠶᠢᠨ ᠳᠠᠪᠲᠠᠯᠲᠠ ᠶᠢ ᠠᠬᠢᠭᠤᠯᠵᠤ᠂ ᠤᠴᠢᠷ ᠶᠠᠪᠤᠳᠠᠯ ᠢ ᠡᠭᠦᠷᠭᠡᠯᠡᠬᠦ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠬᠤ ᠶᠢ ᠠᠬᠢᠭᠤᠯᠤᠨ᠎ᠠ᠃      ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠰᠤᠷᠲᠠᠯ ᠢ ᠶᠡᠭᠡ ᠪᠠᠷ ᠪᠠᠳᠠᠷᠠᠭᠤᠯᠵᠤ᠂ ᠭᠤᠤᠯ ᠰᠡᠳᠦᠪᠲᠦ ᠬᠥᠮᠦᠵᠢᠯ ᠤᠨ ᠪᠠᠶᠢᠩᠭᠤ ᠶᠢᠨ ᠤᠷᠲᠤ ᠬᠤᠭᠤᠴᠠᠭᠠᠨ ᠤ ᠪᠦᠲᠦᠮᠵᠢᠲᠡᠶ ᠪᠠᠶᠢᠬᠤ ᠶᠢ ᠠᠬᠢᠭᠤᠯᠵᠤ᠂ ᠪᠠᠶᠢᠴᠠᠭᠠᠨ ᠰᠤᠳᠤᠯᠤᠯᠲᠠ ᠶᠢ ᠭᠦᠨᠵᠡᠭᠡᠶ ᠥᠷᠨᠢᠭᠦᠯᠵᠦ᠂ ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠶ ᠡᠷᠢᠵᠦ᠂ ︽ᠰᠢᠢᠳᠪᠦᠷᠢᠯᠡᠬᠦ ᠰᠡᠳᠬᠢᠬᠦᠶ ᠲᠠᠢ︾ ᠪᠠᠶᠢᠬᠤ ᠶᠢ ᠴᠢᠩᠭᠠᠷᠠᠭᠤᠯᠵᠤ᠂ ᠢᠮᠠᠭᠲᠠ ᠬᠡᠷᠡᠭᠵᠢᠭᠦᠯᠦᠭᠴᠢ᠂ ᠪᠣᠳᠠᠲᠠᠢ ᠠᠵᠢᠯᠯᠠᠭᠴᠢ ᠪᠣᠯᠣᠨ᠎ᠠ᠃      2.ᠳᠠᠶᠢᠴᠢᠨ ᠪᠠᠬᠢᠯᠡᠯᠲᠡ ᠶᠢ ᠪᠠᠶᠢᠭᠤᠯᠤᠨ ᠴᠢᠩᠭᠠᠳᠬᠠᠵᠤ᠂ ᠦᠨᠳᠦᠰᠦᠨ ᠱᠠᠲᠤᠨ ᠤ ᠰᠠᠭᠤᠷᠢ ᠶᠢ ᠪᠦᠬᠦ ᠬᠦᠴᠦᠨ ᠢᠶᠠᠷ ᠢᠶᠠᠨ ᠪᠠᠬᠢᠵᠢᠭᠦᠯᠦᠨ᠎ᠡ᠃      ᠦᠨᠳᠦᠰᠦᠨ ᠱᠠᠳᠤ ᠶᠢ ᠠᠳᠬᠤᠵᠤ ᠰᠠᠭᠤᠷᠢ ᠶᠢ ᠲᠠᠯᠪᠢᠬᠤ ᠶᠢ ᠴᠥᠬᠦᠷᠡᠰᠢ ᠦᠭᠡᠢ ᠠᠳᠬᠤᠵᠤ᠂ ᠵᠣᠬᠢᠶᠠᠨ ᠪᠠᠶᠢᠭᠤᠯᠬᠤ ᠬᠦᠴᠦᠨ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠵᠤ᠂ ᠨᠠᠮ ᠤᠨ ᠭᠡᠰᠢᠭᠦᠨ ᠤ ᠬᠥᠮᠦᠵᠢᠯ ᠤᠨ ᠲᠤᠬᠠᠢ ᠶᠢᠨ ᠲᠠᠯᠠᠪᠠᠢ ᠶᠢᠨ ᠵᠢᠭᠠᠨ ᠰᠤᠷᠭᠠᠯᠲᠠ ᠶᠢᠨ ᠴᠡᠭ ᠤᠨ ᠪᠦᠯᠦᠭᠯᠡᠯ ᠢ ᠪᠠᠶᠢᠭᠤᠯᠵᠤ᠂ ᠨᠠᠮ ᠤᠨ ᠡᠭᠦᠷ ᠤᠨ ᠳᠠᠭᠠᠭᠤᠯᠤᠨ ᠡᠷᠬᠢᠯᠡᠭᠰᠡᠨ ᠬᠤᠷᠰᠢᠶᠠᠵᠢᠯ ᠤᠨ ᠬᠡᠪᠴᠢᠶ᠎ᠡ ᠶᠢ ᠥᠷᠭᠡᠳᠬᠡᠵᠦ᠂ ᠡᠯ᠎ᠡ ᠬᠦᠷᠢᠶᠡᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠵᠡᠷᠭᠡ ᠪᠠᠷ ᠠᠬᠢᠭᠤᠯᠵᠤ᠂ ᠤᠯᠠᠨ ᠲᠠᠯ᠎ᠠ ᠪᠠᠷ ᠴᠡᠴᠡᠭᠯᠡᠬᠦ ᠶᠢ ᠠᠬᠢᠭᠤᠯᠤᠨ᠎ᠠ᠃      ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠲᠦᠷᠦᠯ ᠲᠡᠮᠲᠡᠭᠲᠦ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠰᠦᠯᠵᠢᠶᠡᠨ ᠤ ᠨᠠᠮ ᠤᠨ ᠡᠭᠦᠷ᠂ ᠬᠤᠪᠢᠰᠬᠠᠯ ᠤᠨ ᠠᠳᠠᠯ ᠠᠬᠤᠢ ᠵᠡᠷᠭᠡ ᠨᠠᠮ ᠤᠨ ᠪᠠᠶᠢᠭᠤᠯᠤᠯᠲᠠ ᠶᠢᠨ ᠲᠦᠷᠦᠯ ᠲᠡᠮᠲᠡᠭᠲᠦ ᠶᠢᠨ ᠦᠷ᠎ᠡ ᠠᠰᠢᠭ ᠢ ᠪᠠᠬᠢᠵᠢᠭᠦᠯᠦᠨ ᠥᠷᠭᠡᠳᠬᠡᠵᠦ᠂ ᠤᠮᠠᠷᠠᠲᠤ ᠶᠢᠨ ᠬᠠᠮᠲᠤᠷᠠᠭᠰᠠᠨ ᠨᠠᠮ ᠤᠨ ᠬᠤᠷᠢᠶ᠎ᠠ᠂ ᠪᠣᠭᠤᠮᠲᠠ ᠶᠢᠨ ᠬᠦᠷᠢᠶᠡᠯᠡᠩ ᠲᠣᠭᠤᠷᠢᠭ ᠤᠨ ᠬᠠᠮᠲᠤᠷᠠᠭᠰᠠᠨ ᠨᠠᠮ ᠤᠨ ᠵᠣᠬᠢᠶᠠᠨ ᠪᠠᠶᠢᠭᠤᠯᠤᠯᠲᠠ ᠶᠢᠨ ᠳᠣᠲᠣᠭᠠᠳᠤ ᠭᠠᠳᠠᠭᠠᠳᠤ ᠶᠢᠨ ᠡᠷᠭᠢᠯᠲᠡ ᠶᠢᠨ ᠠᠵᠢᠯ ᠤᠨ ᠵᠠᠭᠪᠤᠷ ᠢ ᠰᠦᠪᠡᠭᠴᠢᠯᠡᠵᠦ᠂ ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ᠂ ︽ᠬᠤᠪᠢᠰᠬᠠᠯᠲᠤ ᠮᠣᠩᠭᠤᠯ ᠭᠡᠷ︾ ᠵᠡᠷᠭᠡ ᠡᠬᠢ ᠪᠠᠶᠠᠯᠢᠭ ᠢ ᠠᠮᠢᠳᠤᠯᠢᠭ ᠢᠶᠠᠷ ᠰᠠᠶᠢᠲᠤᠷ ᠬᠡᠷᠡᠭᠯᠡᠵᠦ᠂ ᠪᠠᠶᠢᠭᠤᠯᠵᠤ ᠳᠡᠶᠢᠯᠬᠦ᠂ ᠨᠡᠷ᠎ᠡ ᠠᠯᠳᠠᠷᠲᠠᠢ ᠬᠢᠯᠢ ᠶᠢᠨ ᠨᠠᠮ ᠤᠨ ᠪᠠᠶᠢᠭᠤᠯᠤᠯᠲᠠ ᠶᠢᠨ ᠲᠦᠷᠦᠯ ᠲᠡᠮᠲᠡᠭᠲᠦ ᠶᠢ ᠡᠭᠦᠳᠦᠨ᠎ᠡ᠃      ᠦᠨᠳᠦᠰᠦᠨ ᠱᠠᠲᠤᠨ ᠤ ᠤᠯᠤᠰ ᠲᠦᠷᠦ ᠶᠢᠨ ᠠᠮᠢ ᠠᠬᠤᠢ ᠶᠢ ᠵᠠᠰᠠᠨ ᠰᠡᠷᠭᠦᠭᠡᠬᠦ ᠪᠠ ᠴᠡᠪᠡᠷᠰᠢᠭᠦᠯᠬᠦ ᠪᠠᠷ ᠬᠦᠴᠦᠯᠡᠵᠦ᠂ ︽ᠲᠦᠷᠪᠡᠨ ᠰᠤᠷᠲᠠᠯ︾ ᠢ ᠵᠠᠯᠠᠷᠠᠭᠤᠯᠤᠨ ᠵᠠᠰᠠᠬᠤ ᠪᠠ ᠰᠤᠷᠲᠠᠯ ᠰᠠᠬᠢᠯᠭ᠎ᠠ ᠪᠠᠲᠤ ᠶᠢᠨ ᠲᠤᠰᠬᠠᠢ ᠴᠡᠭᠴᠡᠯᠡᠨ ᠵᠠᠰᠠᠯᠲᠠ ᠶᠢ ᠭᠦᠨᠵᠡᠭᠡᠶᠢᠷᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠨᠳᠦᠰᠦᠨ ᠱᠠᠳᠤ ᠲᠡᠶᠢᠰᠢ ᠤᠷᠲᠤᠳᠬᠠᠬᠤ ᠶᠢ ᠠᠬᠢᠭᠤᠯᠤᠨ᠎ᠠ᠃      3.ᠵᠠᠰᠠᠭ ᠤᠨ ᠠᠵᠢᠯ ᠤᠨ ᠪᠦᠲᠦᠮᠵᠢ ᠶᠢᠨ ᠲᠤᠬᠠᠶ ᠵᠥᠪ ᠦᠵᠡᠯᠲᠡ ᠶᠢ ᠪᠠᠲᠤ ᠪᠠᠬᠢᠵᠢᠭᠦᠯᠵᠦ᠂ ᠡᠷᠡᠰ ᠭᠤᠶᠢᠪᠢᠰᠢ ᠦᠭᠡᠢ ᠪᠠᠷ ᠪᠣᠳᠠᠲᠠᠢ ᠠᠵᠢᠯᠯᠠᠵᠤ ᠪᠦᠲᠦᠭᠡᠨ᠎ᠡ᠃      ᠺᠠᠳ᠋ᠷ ᠤᠨ ᠵᠠᠰᠠᠭ ᠤᠨ ᠠᠵᠢᠯ ᠤᠨ ᠪᠦᠲᠦᠮᠵᠢ ᠶᠢᠨ ᠦᠵᠡᠯᠲᠡ ᠶᠢᠨ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ︽ᠵᠠᠰᠠᠭ ᠤᠨ ᠠᠵᠢᠯ ᠤᠨ ᠪᠦᠲᠦᠮᠵᠢ ᠶᠢᠨ ᠬᠡᠨ ᠤ ᠲᠥᠯᠥᠭᠡ ᠪᠣᠢ ᠪᠣᠯᠭᠠᠬᠤ᠂ ᠶᠠᠮᠠᠷ ᠶᠠᠩᠵᠤ ᠶᠢᠨ ᠵᠠᠰᠠᠭ ᠤᠨ ᠠᠵᠢᠯ ᠤᠨ ᠠᠮᠵᠢᠯᠲᠠ ᠶᠢ ᠪᠤᠢ ᠪᠣᠯᠭᠠᠬᠤ᠂ ᠶᠠᠭᠤᠨ ᠳᠤ ᠲᠦᠰᠢᠭᠯᠡᠵᠦ ᠵᠠᠰᠠᠭ ᠤᠨ ᠠᠵᠢᠯ ᠤᠨ ᠠᠮᠵᠢᠯᠲᠠ ᠶᠢ ᠪᠤᠢ ᠪᠣᠯᠭᠠᠬᠤ︾ ᠶᠢ ᠭᠦᠨᠵᠡᠭᠡᠢ ᠤᠢᠢᠯᠠᠭᠠᠭᠤᠯᠤᠨ ᠡᠵᠡᠮᠰᠢᠭᠦᠯᠵᠦ᠂ ᠠᠷᠠᠳ ᠲᠦᠮᠡᠨ ᠳᠤ ᠪᠤᠶᠠᠨ ᠦᠢᠯᠡᠳᠬᠦ ᠶᠢ ᠬᠠᠮᠤᠭ ᠤᠨ ᠴᠢᠬᠤᠯᠠ ᠵᠠᠰᠠᠭ ᠤᠨ ᠠᠵᠢᠯ ᠤᠨ ᠪᠦᠲᠦᠮᠵᠢ ᠪᠣᠯᠭᠠᠵᠤ᠂ ᠭᠠᠪᠢᠶᠠᠨ ᠳᠤ ᠶᠠᠭᠠᠷᠠᠵᠤ ᠠᠰᠢᠭ ᠲᠤ ᠰᠢᠨᠤᠬᠤ᠂ ᠬᠤᠳᠠᠯ ᠬᠠᠭᠤᠷᠮᠠᠭ ᠣᠷᠭᠢᠨ ᠮᠠᠭᠲᠠᠬᠤ᠂ ᠤᠷᠤᠭᠰᠢᠯᠠᠨ ᠲᠠᠪᠰᠢᠬᠤ ᠶᠢ ᠪᠤᠳᠤᠬᠤ ᠦᠭᠡᠢ ᠵᠡᠷᠭᠡ ᠠᠵᠢᠯᠯᠠᠭ᠎ᠠ ᠶᠢ ᠡᠷᠡᠰ ᠲᠡᠪᠴᠢᠨ᠎ᠡ᠃      ᠵᠠᠰᠠᠭ ᠪᠠᠷᠢᠬᠤ ᠰᠠᠭᠤᠷᠢ ᠶᠢ ᠪᠠᠬᠢᠵᠢᠭᠦᠯᠵᠦ᠂ ᠤᠨᠤᠯ ᠢᠶᠠᠷ ᠵᠡᠪᠰᠡᠭᠯᠡᠬᠦ᠂ ᠨᠠᠮᠴᠢ ᠴᠢᠨᠠᠷ ᠤᠨ ᠪᠣᠯᠪᠠᠰᠤᠷᠠᠯ ᠢ ᠭᠦᠨᠵᠡᠭᠡᠶᠢᠷᠡᠭᠦᠯᠵᠦ᠂ ᠲᠦᠭᠰᠢᠭᠦᠷᠢ ᠶᠢᠨ ᠤᠬᠠᠮᠰᠠᠷ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠷᠠᠭᠤᠯᠵᠤ᠂ ᠠᠮᠠᠯᠠᠯᠲᠠ ᠪᠠᠨ ᠰᠠᠬᠢᠬᠤ ᠶᠢ ᠪᠠᠷᠢᠮᠲᠠᠯᠠᠵᠤ᠂ ︽ᠰᠢᠨ᠎ᠡ ᠲᠠᠷᠤᠭ᠎ᠠ ᠬᠠᠭᠤᠴᠢᠨ ᠲᠠᠩᠰᠠ ᠶᠢ ᠬᠠᠮᠢᠶᠠᠷᠬᠤ︾ ᠶᠢ ᠪᠠᠷᠢᠮᠲᠠᠯᠠᠨ᠂ ᠶᠠᠭᠠᠬᠢᠭᠰᠠᠨ ᠴᠤ ᠬᠡᠯᠡᠭᠰᠡᠨ ᠢᠶᠠᠨ ᠢᠳᠡᠵᠦ ᠬᠡᠬᠡᠷᠡᠭᠰᠡᠨ ᠢᠶᠠᠨ ᠵᠠᠯᠭᠢᠵᠤ ᠪᠣᠯᠬᠤ ᠦᠭᠡᠢ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠡᠷᠡᠰ ᠰᠡᠷᠭᠡᠶᠢᠯᠡᠨ ᠲᠡᠪᠴᠢᠵᠦ᠂ ᠲᠠᠷᠬᠠᠨ ᠮᠤᠤᠮᠢᠩᠭᠠᠨ ᠤ ᠬᠥᠮᠦᠰ ᠤᠨ ᠦᠨᠡᠨᠴᠢ ᠢᠲᠡᠭᠡᠮᠵᠢ ᠲᠠᠢ᠂ ᠢᠲᠡᠭᠡᠮᠵᠢ ᠲᠠᠢ ᠪᠠᠶᠢᠬᠤ ᠵᠥᠪ ᠲᠠᠯ᠎ᠠ ᠶᠢᠨ ᠲᠦᠷᠢ ᠲᠥᠷᠬᠦ ᠶᠢ ᠪᠤᠢ ᠪᠣᠯᠭᠠᠨ᠎ᠠ᠃      ᠪᠣᠳᠠᠲᠠᠢ ᠠᠵᠢᠯᠯᠠᠬᠤ ᠶᠢ ᠠᠳᠬᠤᠵᠤ ᠪᠣᠳᠠᠲᠠᠢ ᠠᠵᠢᠯᠯᠠᠬᠤ ᠬᠥᠮᠦᠨ ᠬᠡᠷᠡᠭᠯᠡᠬᠦ ᠤᠳᠤᠷᠢᠳᠤᠮᠵᠢ ᠶᠢ ᠪᠤᠢ ᠪᠣᠯᠭᠠᠵᠤ᠂ ᠺᠠᠳ᠋ᠷ ᠤᠨ ᠤᠷᠤᠭᠰᠢᠯᠠᠬᠤ ᠤᠬᠤᠷᠢᠬᠤ ᠦᠯᠡᠳᠡᠬᠦ ᠶᠠᠪᠤᠬᠤ ᠶᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠲᠠᠢ ᠬᠤᠯᠪᠣᠭᠳᠠᠭᠤᠯᠵᠤ᠂ ᠤᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠬᠤ᠂ ᠵᠠᠰᠠᠭ ᠤᠨ ᠠᠮᠵᠢᠯᠲᠠ ᠪᠦᠲᠦᠮᠵᠢ ᠪᠠᠷ ᠲᠤᠪᠤᠶᠢᠮ᠎ᠠ ᠬᠥᠮᠦᠨ ᠢ ᠬᠦᠨᠳᠦ ᠬᠡᠷᠡᠭᠯᠡᠵᠦ᠂ ᠰᠢᠷᠭᠠᠭᠤ ᠬᠠᠲᠠᠭᠤᠵᠢᠯᠲᠠᠢ ᠠᠵᠢᠯᠯᠠᠬᠤ᠂ ᠵᠠᠮ ᠨᠡᠭᠡᠭᠡᠨ ᠡᠷᠡᠯᠬᠡᠭᠯᠡᠨ ᠤᠷᠤᠭᠰᠢᠯᠠᠬᠤ ᠬᠥᠮᠦᠨ ᠢ ᠲᠠᠪᠴᠠᠩ ᠲᠠᠢ ᠪᠣᠯᠭᠠᠨ᠂ ᠪᠣᠳᠠᠲᠠᠢ ᠠᠵᠢᠯ ᠬᠢᠬᠦ ᠦᠭᠡᠢ᠂ ᠵᠠᠪᠰᠢᠨ ᠳᠠᠯᠢᠮᠳᠠᠭᠤᠯᠬᠤ ᠬᠥᠮᠦᠨ ᠢ ᠣᠷᠣᠨ ᠪᠠᠶᠢᠷᠢ ᠦᠭᠡᠢ ᠪᠣᠯᠭᠠᠵᠤ᠂ ᠰᠠᠶᠢᠨ ᠰᠠᠶᠢᠬᠠᠨ ᠠᠵᠢᠯ ᠬᠢᠵᠦ ᠦᠢᠯᠡᠰ ᠪᠤᠰᠬᠠᠬᠤ ᠠᠭᠤᠷ ᠠᠮᠢᠰᠬᠤᠯ ᠢ ᠪᠤᠢ ᠪᠣᠯᠭᠠᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号