ᠪᠦᠭᠦᠳᠡ ᠬᠤᠷᠠᠯ ᠤᠨ ᠵᠣᠷᠢᠭ ᠰᠠᠨᠠᠭ᠎ᠠ ᠶᠢᠨ ᠲᠠᠶᠢᠯᠤᠮᠵᠢ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠵᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠶ᠎ᠠ
ᠨᠡᠶᠢᠲᠡᠯᠡᠭᠰᠡᠨ ᠴᠠᠭ᠄
2024/7/25
      2023 ᠣᠨ ᠢ ᠡᠷᠭᠢᠴᠡᠭᠦᠯᠬᠦ      ᠲᠠᠷᠢᠶᠠᠯᠠᠩ ᠮᠠᠯ ᠠᠵᠤ ᠠᠬᠤᠶ ᠬᠥᠭᠵᠢᠪᠡᠯ ᠦᠨᠳᠦᠰᠦ ᠰᠠᠭᠤᠷᠢ ᠬᠦᠴᠦᠷᠬᠡᠭ ᠪᠤᠯᠤᠨ᠎ᠠ᠃  2023 ᠣᠨ ᠳᠤ᠂ ᠲᠠᠷᠢᠶᠠᠯᠠᠩ ᠮᠠᠯ ᠠᠵᠤ ᠠᠬᠤᠶ ᠶᠢᠨ ᠭᠠᠷᠤᠯᠲᠠ ᠢᠯᠡᠳᠲᠡ ᠦᠷ᠎ᠡ ᠪᠦᠲᠦᠮᠵᠢ ᠤᠯᠪᠠ᠃ ᠲᠠᠷᠢᠮᠠᠯ ᠲᠠᠷᠢᠭᠰᠠᠨ ᠲᠠᠯᠠᠪᠠᠢ 97.19 ᠲᠦᠮᠡᠨ ᠮᠦ᠂ ᠠᠮᠤ ᠪᠤᠳᠠᠭᠠᠨ ᠤ ᠶᠡᠷᠦᠩᠬᠡᠢ ᠤᠨᠠᠯᠲᠠ 2.48 ᠳ᠋ᠦᠩᠰᠢᠭᠤᠷ ᠵᠢᠩ ᠬᠦᠷᠪᠡ᠃ ᠮᠠᠯ ᠤᠨᠤᠭ᠎ᠠ ᠶᠢᠨ ᠲᠡᠵᠢᠭᠡᠯᠲᠡ ᠭᠠᠷᠭᠠᠯᠲᠠ ᠲᠣᠰ ᠲᠣᠰ 110.1 ᠪᠠ 106.5 ᠲᠦᠮᠡᠨ ᠲᠣᠯᠣᠭᠠᠢ ᠳᠤ ᠬᠦᠷᠴᠦ᠂ ᠮᠢᠬᠠᠨ ᠤ ᠲᠥᠷᠥᠯ ᠤᠨ ᠶᠡᠷᠦᠩᠬᠡᠢ ᠭᠠᠷᠤᠯᠲᠠ 3.1 ᠲᠦᠮᠡᠨ ᠲᠣᠨ ᠳᠤ ᠬᠦᠷᠴᠦ᠂ 8.7% ᠪᠠᠷ ᠨᠡᠮᠡᠭᠳᠡᠪᠡ᠃ ᠬᠦᠷᠦᠮ᠂ ᠬᠦᠬᠦᠷᠭᠡᠨ᠎ᠡ ᠶᠢᠨ ᠦᠨᠳᠦᠰᠦ ᠵᠡᠷᠭᠡ ᠬᠢᠲᠠᠳ ᠡᠮ ᠤᠨ ᠮᠠᠲ᠋ᠧᠷᠢᠶᠠᠯ ᠢ 5.8 ᠲᠦᠮᠡᠨ ᠮᠦ ᠲᠠᠷᠢᠬᠤ ᠶᠢ ᠳᠡᠯᠭᠡᠷᠡᠭᠦᠯᠵᠦ᠂ ᠤᠮᠠᠷᠠᠲᠤ ᠬᠢᠯᠢ ᠶᠢᠨ ᠡᠪᠡᠰᠦ ᠪᠣᠷᠳᠤᠭ᠎ᠠ ᠶᠢ ᠠᠷᠠᠯᠵᠢᠶᠠᠯᠠᠵᠤ ᠨᠥᠭᠡᠴᠡᠯᠡᠬᠦ ᠠᠵᠢᠯᠯᠠᠭᠠᠨ ᠤ ᠲᠥᠪ᠂ ᠲᠣᠮᠣ ᠬᠡᠯᠪᠡᠷᠢ ᠶᠢᠨ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠪᠠ᠃ ᠬᠤᠣᠰ ᠪᠤᠯᠴᠢᠩ ᠤᠨ ᠮᠣᠩᠭᠤᠯ ᠦᠬᠡᠷ ᠤᠨ ᠦᠷ᠎ᠡ ᠶᠢᠨ ᠲᠤᠷᠰᠢᠯᠲᠠ ᠶᠢᠨ ᠰᠠᠭᠤᠷᠢᠨ ᠭᠠᠵᠠᠷ ᠨᠢ ᠤᠯᠤᠰ ᠤᠨ ︽ᠦᠬᠡᠷ ᠤᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ︾ ᠢᠶᠠᠷ ᠵᠥᠪᠰᠢᠶᠡᠷᠡᠭᠳᠡᠵᠦ᠂ ︽ᠲᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠬᠤᠨᠢ︾ ᠨᠢ ᠪᠦᠬᠦ ᠤᠯᠤᠰ ᠤᠨ ᠮᠠᠯ ᠠᠵᠤ ᠠᠬᠤᠢ ᠶᠢᠨ ᠵᠠᠭᠤᠨ ᠬᠦᠴᠦᠷᠬᠡᠭ ᠨᠡᠷᠡᠲᠦ ᠲᠡᠮᠳᠡᠭᠲᠦ ᠂ 2023 ᠳᠤᠮᠳᠠᠳᠤ ᠤᠯᠤᠰ ᠤᠨ ᠲᠠᠷᠢᠶᠠᠯᠠᠩ ᠤᠨ ᠨᠡᠷ᠎ᠡ ᠶᠢᠨ ᠬᠠᠭᠤᠳᠠᠰᠤ · ᠠᠷᠪᠠᠨ ᠶᠡᠭᠡ ᠭᠠᠷᠮᠠᠭᠠᠶ ᠨᠠᠷᠠᠲᠤ ᠲᠡᠮᠳᠡᠭᠲᠦ ᠪᠠᠷ ᠦᠨᠡᠯᠡᠭᠳᠡᠵᠦ᠂ ᠲᠢᠶᠠᠨ ᠢᠦᠢ ᠮᠠᠯᠵᠢᠯ ᠤᠨ ᠳᠠᠭᠤᠤ ᠨᠢ ︽ᠮᠣᠩᠭᠤᠯ︾ ᠨᠡᠷᠡᠮᠵᠢᠲᠦ ᠨᠡᠷᠡᠲᠦ ᠲᠡᠮᠳᠡᠭ ᠢᠶᠠᠷ ᠭᠡᠷᠡᠴᠢᠯᠡᠭᠳᠡᠪᠡ᠃      2024 ᠣᠨ ᠢ ᠪᠠᠷᠠᠯᠠᠬᠤ      ᠳᠠᠷᠳᠠᠩ ᠵᠠᠮ ᠢ ᠳᠦᠭᠦᠮᠴᠢᠯᠡᠨ᠂ ᠪᠣᠳᠠᠲᠠᠢ ᠠᠵᠢᠯᠯᠠᠬᠤ ᠪᠠᠷ ᠭᠤᠣᠯᠳᠠᠯᠭ᠎ᠠ ᠪᠣᠯᠭᠠᠨ᠎ᠠ᠃ 2024 ᠣᠨ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ︽ᠲᠠᠷᠢᠶᠠᠴᠢᠨ ᠲᠠᠷᠢᠶᠠᠯᠠᠩ ᠬᠥᠳᠡᠭᠡ ᠲᠤᠰᠬᠤᠨ ᠮᠠᠯᠴᠢᠨ ᠮᠠᠯᠵᠢᠬᠤ ᠣᠷᠣᠨ ᠮᠠᠯᠵᠢᠯ︾  ᠤᠨ ᠠᠵᠢᠯ ᠤᠨ ᠶᠡᠷᠦᠩᠬᠡᠢ ᠭᠠᠷᠳᠠᠴᠠ ᠪᠣᠯᠭᠠᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠬᠡᠷᠡᠭᠴᠡᠭᠡ ᠶᠢ ᠴᠢᠩᠭ᠎ᠠ ᠡᠵᠡᠮᠳᠡᠵᠦ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠳᠦᠭᠡᠨ ᠪᠠᠶᠢᠭᠤᠯᠬᠤ ᠳᠤᠮᠳᠠ ᠲᠠᠷᠬᠠᠨ ᠮᠤᠤᠮᠢᠩᠭᠠᠨ ᠤ ᠬᠦᠴᠦ ᠪᠠᠨ ᠡᠷᠭᠦᠵᠡᠢ           01 ᠲᠠᠷᠢᠶᠠᠯᠠᠩ ᠮᠠᠯ ᠠᠵᠤ ᠠᠬᠤᠶ ᠶᠢᠨ ᠣᠨᠴᠠᠯᠢᠭᠲᠤ ᠬᠥᠭᠵᠢᠯᠲᠡ ᠶᠢᠨ ᠰᠢᠰᠲ᠋ᠧᠮᠵᠢ ᠶᠢ ᠪᠠᠶᠢᠭᠤᠯᠤᠨ᠎ᠠ᠃      ᠭᠤᠣᠯᠯᠠᠬᠤ ᠠᠵᠤ ᠦᠢᠯᠡᠰ ᠢ ᠬᠦᠴᠦᠷᠬᠡᠭᠵᠢᠭᠦᠯᠦᠨ ᠪᠤᠵᠠᠭᠠᠶᠢᠷᠠᠭᠤᠯᠤᠨ᠎ᠠ᠃ ᠮᠢᠬᠠᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠡᠪᠡᠰᠦᠨ ᠤ ᠦᠢᠯᠡᠰ ᠤᠨ ᠨᠡᠮᠡᠭᠳᠡᠯ ᠢ ᠨᠡᠮᠡᠭᠳᠡᠭᠦᠯᠬᠦ ᠳᠡᠭᠡᠷ᠎ᠡ ᠬᠦᠴᠦ ᠲᠠᠯᠪᠢᠵᠤ᠂ ᠡᠪᠡᠰᠦᠨ ᠤ ᠦᠢᠯᠡᠰ ᠢᠶᠠᠷ ᠤᠳᠤ ᠦᠶ᠎ᠡ ᠶᠢᠨ ᠮᠠᠯ ᠠᠵᠤ ᠠᠬᠤᠢ ᠶᠢᠨ ᠬᠥᠭᠵᠢᠯᠲᠡ ᠳᠤ ᠴᠢᠳᠠᠪᠤᠷᠢ ᠣᠯᠭᠤᠵᠤ᠂ ᠮᠠᠯ ᠪᠡᠯᠴᠢᠭᠡᠷ ᠢ ᠨᠢᠭᠡ ᠴᠤᠭᠴᠠᠵᠢᠭᠤᠯᠬᠤ ᠲᠦᠰᠦᠯ ᠢ ᠬᠡᠷᠡᠭᠵᠢᠭᠦᠯᠵᠦ᠂ ᠬᠡᠪᠴᠢᠶᠡᠵᠢᠭᠦᠯᠬᠦ᠂ ᠰᠠᠭᠤᠷᠢᠵᠢᠭᠤᠯᠬᠤ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠲᠦᠮᠡᠨ ᠠᠯᠠᠰᠢᠨ ᠬᠤᠨᠢ᠂ ᠮᠢᠩᠭᠠᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ 5 ᠠᠴᠠ ᠳᠡᠭᠡᠭᠰᠢ᠂ ᠠᠯᠠᠰᠢᠨ ᠦᠬᠡᠷ ᠠᠯᠠᠰᠢᠨ ᠬᠤᠨᠢ ᠶᠢ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠲᠡᠵᠢᠭᠡᠨ ᠦᠷᠡᠵᠢᠭᠦᠯᠬᠦ ᠲᠠᠯᠠᠪᠠᠢ ᠶᠢ 30 ᠪᠠᠶᠢᠭᠤᠯᠵᠤ᠂ ᠠᠮᠤ ᠪᠤᠳᠠᠭ᠎ᠠ ᠲᠡᠵᠢᠭᠡᠯ ᠪᠣᠷᠳᠤᠭ᠎ᠠ ᠶᠢ ᠬᠤᠣᠰᠯᠠᠭᠤᠯᠤᠭᠰᠠᠨ ᠲᠠᠷᠢᠮᠠᠯ ᠤᠨ ᠲᠠᠯᠠᠪᠠᠢ ᠶᠢ 50 ᠲᠦᠮᠡᠨ ᠮᠦ ᠪᠣᠯᠭᠠᠨ ᠥᠷᠭᠡᠳᠬᠡᠵᠦ᠂ 600 ᠲᠦᠮᠡᠨ ᠮᠦ ᠠᠴᠠ ᠳᠡᠭᠡᠭᠰᠢ ᠣᠷᠭᠠᠨᠢᠭ ᠬᠠᠳᠤᠯᠠᠩ ᠢ ᠭᠤᠶᠤᠴᠢᠯᠠᠨ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠭᠰᠠᠨ ᠲᠡᠵᠢᠭᠡᠯ ᠡᠪᠡᠰᠦ ᠪᠣᠷᠳᠤᠭ᠎ᠠ ᠲᠠᠷᠢᠬᠤ ᠰᠠᠭᠤᠷᠢᠨ ᠭᠠᠵᠠᠷ ᠢ ᠪᠠᠶᠢᠭᠤᠯᠵᠤ᠂ ᠪᠦᠬᠦ ᠣᠷᠣᠨ ᠪᠦᠰᠡ ᠶᠢᠨ ᠣᠷᠭᠠᠨᠢᠭ ᠦᠬᠡᠷ ᠬᠤᠨᠢᠨ ᠮᠢᠬᠠᠨ ᠤ ᠵᠢᠱᠢᠶ᠎ᠡ ᠦᠵᠡᠭᠦᠯᠬᠦ ᠬᠤᠰᠢᠭᠤ ᠶᠢ ᠪᠠᠶᠢᠭᠤᠯᠤᠨ᠎ᠠ᠃      ᠣᠨᠴᠠᠯᠢᠭᠲᠤ ᠠᠵᠤ ᠦᠢᠯᠡᠰ ᠢ ᠰᠢᠯᠢᠳᠡᠭᠵᠢᠭᠦᠯᠦᠨ ᠨᠠᠷᠢᠯᠢᠭᠵᠢᠭᠤᠯᠤᠨ᠎ᠠ᠃ ᠠᠳᠤᠭᠤᠨ ᠤ ᠠᠵᠤ ᠦᠢᠯᠡᠰ ᠤᠨ ᠪᠠᠭᠲᠠᠭᠠᠮᠵᠢ ᠶᠢ ᠥᠷᠭᠡᠳᠬᠡᠬᠦ ᠠᠵᠢᠯᠯᠠᠭ᠎ᠠ ᠶᠢ ᠬᠡᠷᠡᠭᠵᠢᠭᠦᠯᠵᠦ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠵᠢᠷᠮᠦᠰᠦᠨ ᠠᠳᠤᠭᠤᠨ ᠤ ᠴᠢᠰᠤᠨ ᠴᠠᠶᠢᠪᠠᠩ ᠢ ᠴᠡᠪᠡᠷᠯᠡᠬᠦ᠂ ᠰᠦ ᠶᠢᠨ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠠᠶᠢᠷᠠᠭ ᠦᠢᠯᠡᠳᠪᠦᠷᠢᠯᠡᠬᠦ ᠵᠡᠷᠭᠡ ᠲᠦᠰᠦᠯ ᠢ ᠠᠬᠢᠭᠤᠯᠵᠤ᠂ ᠣᠷᠣᠨ ᠪᠦᠰᠡ ᠶᠢᠨ ᠴᠢᠨᠠᠷᠲᠠᠶ ᠠᠮᠢᠳᠤ ᠪᠣᠳᠠᠰ ᠤᠨ ᠠᠳᠤᠭᠤᠨ ᠤ ᠠᠵᠤ ᠦᠢᠯᠡᠰ ᠤᠨ ᠰᠦᠷᠦᠭᠵᠢᠯ᠂ ᠮᠣᠩᠭᠤᠯ ᠠᠳᠤᠭᠤ ᠶᠢ ᠦᠷᠡᠵᠢᠭᠦᠯᠦᠨ ᠪᠤᠶᠢᠵᠢᠭᠤᠯᠬᠤ ᠠᠷᠠᠯᠵᠢᠶᠠᠨ ᠤ ᠰᠠᠭᠤᠷᠢᠨ ᠭᠠᠵᠠᠷ ᠢ ᠪᠠᠶᠢᠭᠤᠯᠤᠨ᠎ᠠ᠃ ᠡᠮ ᠤᠨ ᠮᠠᠲ᠋ᠧᠷᠢᠶᠡᠯ ᠤᠨ ᠣᠯᠡᠨ ᠡᠰᠢᠳᠦ ᠬᠦᠭᠵᠢᠯᠳᠡ ᠶᠢᠨ ᠠᠵᠢᠯᠯᠠᠭ᠎ᠠ ᠶᠢ ᠭᠡᠷᠡᠭᠵᠢᠬᠦᠯᠵᠦ᠂ ᠵᠢᠷᠣᠮᠵᠢᠠᠠᠰᠠᠨ ᠵᠢᠩᠬᠢᠨᠢ ᠡᠮ ᠤᠨ ᠮᠠᠲ᠋ᠧᠷᠢᠶᠡᠯ ᠤᠨ ᠳᠡᠷᠢᠮᠡᠯ ᠤᠨ ᠵᠢᠱᠢᠶ᠎ᠠ ᠦᠵᠡᠬᠦᠯᠬᠦ ᠰᠠᠭᠤᠷᠢᠨ ᠭᠠᠵᠡᠷ 5 ᠶᠢ ᠪᠠᠶᠢᠭᠤᠯᠵᠦ᠂ ᠡᠮ ᠤᠨ ᠮᠠᠲ᠋ᠧᠷᠢᠶᠡᠯ ᠤᠨ ᠳᠡᠷᠢᠬᠤ ᠳᠡᠯᠡᠪᠡᠢ ᠶᠢ 10 ᠳᠦᠮᠡᠨ ᠮᠦ ᠬᠦᠷᠳᠡᠯ᠎ᠠ ᠦᠷᠭᠡᠳᠭᠡᠨ᠎ᠠ᠃ᠳᠠᠪᠠᠭᠤᠯᠢᠭ ᠠᠵᠤ ᠦᠢᠯᠡᠰ ᠢ ᠰᠠᠶᠢᠲᠤᠷ ᠬᠢᠬᠦ ᠬᠡᠷᠡᠭᠲᠡᠢ᠃ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠡᠯᠳᠡᠪ ᠠᠮᠤ ᠶᠢ ᠥᠷᠭᠡᠳᠬᠡᠨ ᠳᠠᠷᠢᠬᠤ ᠳᠡᠭᠡᠷ᠎ᠡ ᠬᠦᠴᠦ ᠲᠠᠯᠪᠢᠵᠤ᠂ ᠬᠤᠣᠰ ᠪᠤᠯᠴᠢᠩ ᠤᠨ ᠮᠣᠩᠭᠤᠯ ᠦᠬᠡᠷ᠂ ᠮᠣᠩᠭᠤᠯ ᠠᠳᠤᠭᠤᠨ ᠤ ᠡᠭᠦᠯᠳᠡᠷ ᠢ ᠬᠠᠮᠠᠭᠠᠯᠠᠨ ᠦᠷᠡᠵᠢᠭᠦᠯᠦᠨ ᠪᠤᠶᠢᠵᠢᠭᠤᠯᠬᠤ ᠬᠡᠪᠴᠢᠶ᠎ᠡ ᠶᠢ ᠪᠤᠵᠠᠭᠠᠶᠢᠷᠠᠭᠤᠯᠤᠨ᠂ ᠲᠥᠮᠥᠰᠥ᠂ ᠬᠢᠲᠠᠳ ᠡᠮ ᠤᠨ ᠮᠠᠲ᠋ᠧᠷᠢᠶᠠᠯ ᠤᠨ ᠴᠢᠬᠢ ᠪᠤᠶᠢᠵᠢᠭᠤᠯᠵᠤ ᠦᠷ᠎ᠡ ᠪᠤᠶᠢᠵᠢᠭᠤᠯᠬᠤ ᠶᠢ ᠠᠬᠢᠭᠤᠯᠵᠤ᠂ ᠦᠷ᠎ᠡ ᠶᠢᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃      02  ᠲᠠᠷᠢᠶᠠᠯᠠᠩ ᠮᠠᠯ ᠠᠵᠤ ᠠᠬᠤᠢ ᠶᠢᠨ ᠵᠠᠯᠭ᠎ᠠ ᠪᠠᠷ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃      ᠨᠠᠷᠢᠯᠢᠭ ᠬᠦᠨᠵᠡᠭᠡᠢ ᠪᠣᠯᠪᠠᠰᠤᠷᠠᠭᠤᠯᠬᠤ ᠶᠢ ᠲᠦᠷᠭᠡᠳᠬᠡᠨ ᠬᠥᠭᠵᠢᠭᠦᠯᠦᠨ᠎ᠡ᠃ ᠬᠤᠸᠠᠩ ᠬᠤᠸᠠ ᠲᠠᠨ ᠪᠣᠬᠢᠷᠳᠤᠯ ᠦᠭᠡᠢ ᠢᠳᠡᠭᠡᠨ ᠪᠣᠯᠪᠠᠰᠤᠷᠠᠭᠤᠯᠬᠤ ᠬᠦᠷᠢᠶᠡᠯᠡᠩ ᠤᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ︽ᠮᠢᠬ᠎ᠠ᠂ ᠰᠦ᠂ ᠲᠥᠮᠥᠰᠥ᠂ ᠠᠮᠤ ᠪᠤᠳᠠᠭ᠎ᠠ᠂ ᠡᠪᠡᠰᠦ︾ ᠶᠢᠨ ᠲᠣᠭᠤᠷᠢᠨ ᠳᠤ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠰᠤᠮᠤ ᠰᠢᠶᠠᠩ ᠪᠠᠯᠭᠠᠰᠤᠨ ᠤ ᠦᠢᠯᠡᠳᠪᠦᠷᠢᠯᠡᠬᠦ ᠂ ᠬᠤᠸᠠᠩ ᠬᠤᠸᠠ ᠲᠠᠨ ᠬᠦᠷᠢᠶᠡᠯᠡᠩ ᠲᠣᠭᠤᠷᠢᠭ ᠤᠨ ᠪᠣᠯᠪᠠᠰᠤᠷᠠᠭᠤᠯᠬᠤ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠵᠠᠭᠪᠤᠷ ᠢ ᠪᠣᠶ ᠪᠣᠯᠭᠠᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠦᠢᠯᠡᠳᠪᠦᠷᠢᠯᠡᠯ ᠤᠨ ᠴᠢᠨᠠᠷ ᠰᠠᠶᠢᠲᠠᠢ ᠥᠨᠳᠥᠷ ᠪᠦᠲᠦᠮᠵᠢᠲᠡᠶ ᠲᠡᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃      ᠦᠢᠯᠡᠳᠪᠦᠷᠢᠯᠡᠯ ᠪᠣᠷᠣᠯᠠᠭᠤᠯᠭ᠎ᠠ ᠶᠢ ᠵᠠᠯᠭᠠᠯᠳᠤᠭᠤᠯᠬᠤ ᠶᠢ ᠢᠳᠡᠪᠬᠢᠲᠡᠢ ᠠᠬᠢᠭᠤᠯᠤᠨ᠎ᠠ᠃ ᠨᠠᠷᠠᠲᠤ ᠲᠡᠮᠳᠡᠭᠵᠢᠭᠦᠯᠦᠨ ᠬᠥᠭᠵᠢᠭᠦᠯᠬᠦ ᠶᠢ ᠪᠠᠷᠢᠮᠲᠠᠯᠠᠵᠤ᠂ ᠶᠠᠰᠤ ᠴᠢᠨᠠᠷ ᠤᠨ ᠪᠠᠶᠢᠴᠠᠭᠠᠨ ᠰᠢᠯᠭᠠᠬᠤ ᠲᠥᠪ᠂ ᠢᠳᠡᠭᠡᠨ ᠤ ᠠᠮᠤᠷ ᠲᠦᠪᠰᠢᠨ ᠢ ᠨᠡᠬᠡᠮᠵᠢᠯᠡᠬᠦ ᠰᠢᠰᠲ᠋ᠧᠮ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ︽ᠳᠠᠷᠬᠠᠨ ᠮᠤᠤᠮᠢᠩᠭᠠᠨ ᠲᠠᠯ᠎ᠠ ᠨᠤᠲᠤᠭ ᠤᠨ ᠬᠤᠨᠢ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢᠨ ᠦᠢᠯᠡᠳᠦᠯ ᠢ ᠶᠡᠬᠡᠰᠬᠡᠵᠦ᠂ ᠬᠢᠲᠠᠳ ᠡᠪᠡᠰᠦᠨ ᠡᠮ᠂ ᠲᠥᠮᠥᠰᠥ ᠵᠡᠷᠭᠡ ᠲᠠᠩ ᠭᠠᠭᠴᠠ ᠠᠵᠤ ᠦᠢᠯᠡᠰ ᠤᠨ ᠨᠠᠷᠠᠲᠤ ᠲᠡᠮᠳᠡᠭᠲᠦ ᠶᠢ ᠬᠥᠭᠵᠢᠭᠦᠯᠦᠨ᠂ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ︽ᠳᠠᠷᠬᠠᠨ ᠮᠤᠤᠮᠢᠩᠭᠠᠨ︾ ᠨᠡᠷᠡᠮᠵᠢᠲᠦ ᠨᠠᠷᠠᠲᠤ ᠪᠦᠲᠦᠭᠡᠭᠳᠡᠬᠦᠨ ᠤ ᠨᠠᠩ ᠥᠷᠭᠡᠨ ᠠᠭᠤᠳᠠᠮ ᠵᠠᠬ᠎ᠠ ᠳᠡᠯᠭᠡᠭᠦᠷ ᠲᠤ ᠣᠷᠣᠬᠤ ᠶᠢ ᠠᠬᠢᠭᠤᠯᠤᠨ᠎ᠠ᠃      ᠡᠵᠡᠩᠨᠡᠯᠲᠡ ᠬᠠᠮᠢᠶᠠᠷᠤᠯᠲᠠ ᠶᠢᠨ ᠵᠠᠭᠪᠤᠷ ᠲᠤ ᠰᠢᠨ᠎ᠡ ᠶᠢ ᠡᠭᠦᠳᠦᠨ᠎ᠡ᠃ ᠲᠦᠷᠦ ᠶᠢᠨ ᠪᠤᠳᠤᠯᠭ᠎ᠠ ᠶᠢ ᠣᠨᠤᠪᠴᠢᠲᠠᠢ ᠬᠡᠷᠡᠭᠵᠢᠭᠦᠯᠵᠦ᠂ ᠦᠷᠭᠦᠯᠵᠢᠯᠡᠨ ᠬᠦᠴᠦᠯᠡᠵᠦ᠂ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠵᠣᠬᠢᠰᠲᠠᠢ ᠡᠷᠭᠢᠯᠲᠡ ᠳᠤ ᠣᠷᠣᠭᠤᠯᠬᠤ ᠶᠢ ᠬᠦᠳᠦᠯᠦᠨ ᠵᠢᠯᠣᠭᠤᠳᠴᠤ᠂ ᠲᠠᠷᠢᠶᠠᠯᠠᠩ ᠲᠠᠢ ᠬᠤᠯᠪᠣᠭᠠᠯᠠᠵᠤ ᠮᠠᠯ ᠠᠵᠤ ᠠᠬᠤᠢ ᠶᠢ ᠳᠠᠶᠢᠴᠢᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠨᠠᠮ ᠤᠨ ᠡᠭᠦᠷ ᠤᠨ ᠳᠠᠭᠠᠭᠤᠯᠤᠨ ᠡᠷᠬᠢᠯᠡᠭᠰᠡᠨ ᠬᠤᠷᠰᠢᠶ᠎ᠠ ᠶᠢ ᠳᠡᠯᠭᠡᠷᠡᠭᠦᠯᠵᠦ᠂ ᠮᠠᠯ ᠠᠵᠤ ᠠᠬᠤᠢ ᠲᠠᠷᠢᠶᠠᠯᠠᠩ ᠤᠨ ᠲᠤᠰᠬᠠᠶᠢᠵᠢᠭᠰᠠᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠪᠤᠵᠠᠭᠠᠶᠢᠷᠠᠭᠤᠯᠵᠤ᠂ ᠮᠠᠯᠴᠢᠨ ᠲᠠᠷᠢᠶᠠᠴᠢᠨ ᠢ ᠲᠠᠶᠢᠴᠢᠯᠠᠨ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠳᠤ ᠣᠷᠣᠯᠴᠠᠭᠤᠯᠵᠤ᠂ ᠨᠡᠩ ᠤᠯᠠᠨ ᠥᠪᠡᠷᠲᠡᠭᠡᠨ ᠵᠠᠰᠠᠬᠤ ᠣᠷᠣᠨ᠂ ᠤᠯᠤᠰ ᠤᠨ ᠲᠡᠰ ᠤᠨ ᠠᠵᠤ ᠦᠢᠯᠡᠰ ᠤᠨ ᠬᠦᠴᠦᠷᠬᠡᠭ ᠪᠠᠯᠭᠠᠰᠤ ᠶᠢ ᠪᠠᠶᠢᠭᠤᠯᠤᠨ᠎ᠠ᠃ ᠬᠤᠰᠢᠭᠤᠨ ᠤ ᠱᠠᠲᠤᠨ ᠤ ᠨᠠᠮ ᠤᠨ ᠡᠭᠦᠷ ᠤᠨ ᠳᠠᠭᠠᠭᠤᠯᠤᠨ ᠡᠷᠬᠢᠯᠡᠭᠰᠡᠨ ᠬᠤᠷᠰᠢᠶ᠎ᠠ 20 ᠠᠴᠠ ᠳᠡᠭᠡᠭᠰᠢ ᠪᠣᠯᠵᠤ᠂ 52% ᠶᠢᠨ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ 30 ᠲᠦᠮᠡᠨ ᠲᠥᠭᠦᠷᠢᠭ ᠠᠴᠠ ᠳᠠᠪᠠᠪᠠ᠃      03 ᠬᠠᠮᠲᠤᠪᠠᠷ ᠴᠢᠨᠡᠭᠡᠯᠢᠭᠵᠢᠬᠦ ᠲᠣᠭᠲᠠᠴᠠ ᠶᠢ ᠢᠳᠡᠪᠬᠢᠲᠡᠢ ᠪᠠᠨᠭᠤᠯᠤᠨ᠎ᠠ᠃      ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠨ᠎ᠡ᠃ ᠳᠠᠬᠢᠨ ᠶᠠᠳᠠᠭᠤᠷᠠᠬᠤ ᠶᠢ ᠰᠡᠷᠭᠡᠶᠢᠯᠡᠨ ᠬᠢᠨᠠᠨ ᠬᠡᠮᠵᠢᠵᠦ ᠬᠠᠪᠰᠤᠷᠤᠨ ᠲᠡᠳᠬᠦᠬᠦ ᠶᠢ ᠰᠠᠶᠢᠲᠤᠷ ᠠᠳᠬᠤᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭ᠎ᠠ ᠬᠥᠮᠦᠨ ᠠᠮᠠ ᠶᠢ ᠪᠠᠶᠢᠩᠭᠤᠵᠢᠭᠤᠯᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠵᠤ ᠦᠢᠯᠡᠰ ᠪᠠ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠬᠡᠪᠴᠢᠶᠡᠵᠢᠭᠰᠡᠨ ᠴᠢᠨᠠᠷᠲᠠᠶ ᠳᠠᠬᠢᠨ ᠶᠠᠳᠠᠭᠤᠷᠠᠬᠤ ᠪᠠᠶᠢᠳᠠᠯ ᠭᠠᠷᠬᠤ ᠥᠬᠡᠶ ᠪᠠᠶᠢᠬᠤ ᠶᠢ ᠦᠨᠡᠨ ᠬᠦ ᠪᠠᠲᠤᠯᠠᠨ᠎ᠠ᠃      ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃  ︽ᠮᠢᠩᠭᠠᠨ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠪᠠᠯᠭᠠᠰᠤ ᠲᠣᠰᠬᠤᠨ ᠤ ᠠᠮᠢᠳᠤᠷᠠᠯ ᠤᠨ ᠬᠤᠭ ᠨᠣᠪᠰᠢ ᠪᠣᠬᠢᠷ ᠤᠰᠤ ᠶᠢ ᠰᠢᠢᠳᠪᠦᠷᠢᠯᠡᠬᠦ᠂ ᠵᠣᠷᠯᠣᠩ ᠢ ᠥᠭᠡᠷᠡᠴᠢᠯᠡᠬᠦ ᠵᠡᠷᠭᠡ ᠢᠵᠢ ᠪᠥᠷᠢᠳᠦᠭᠦᠯᠬᠦ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ︽ᠰᠢᠶᠠᠩ ᠪᠠᠯᠭᠠᠰᠤ ᠪᠠᠷ ᠭᠤᠤᠯᠯᠠᠭᠤᠯᠬᠤ᠂ ᠲᠣᠰᠬᠤᠨ ᠳᠤᠭᠤᠶᠢᠯᠠᠩ ᠢᠶᠠᠷ ᠭᠤᠤᠯ ᠴᠣᠭᠴᠠ ᠪᠣᠯᠭᠠᠬᠤ᠂ ᠣᠯᠠᠨ ᠲᠦᠮᠡᠨ ᠣᠷᠣᠯᠴᠠᠬᠤ︾ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ ᠬᠡᠷᠡᠭᠲᠡᠶ᠃      ᠬᠥᠳᠡᠭᠡ ᠲᠤᠰᠬᠤᠨ ᠤ ᠬᠡᠪ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃  ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠶᠢ ᠦᠷᠭᠦᠯᠵᠢᠯᠡᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠡᠪ ᠵᠠᠩᠰᠢᠯ ᠢ ᠥᠭᠡᠷᠡᠴᠢᠯᠡᠬᠦ ᠶᠢ ᠲᠦᠷᠭᠡᠳᠬᠡᠨ᠂ ᠮᠠᠯᠴᠢᠨ ᠲᠠᠷᠢᠶᠠᠴᠢᠨ ᠤ ᠣᠶᠤᠨ ᠰᠠᠨᠠᠭᠠᠨ ᠤ ᠳᠦᠷᠰᠦ ᠪᠠᠶᠢᠳᠠᠯ ᠪᠠ ᠬᠥᠳᠡᠭᠡ ᠲᠣᠰᠬᠤᠨ ᠤ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠵᠠᠭᠤᠨ ᠪᠦᠯᠬᠦᠮ ᠮᠢᠩᠭᠠᠨ ᠲᠠᠯᠠᠪᠤᠷ︾ ᠢ ᠦᠨᠳᠦᠰᠦᠨ ᠱᠠᠲᠤᠨ ᠳᠤ ᠪᠠᠭᠤᠯᠭᠠᠬᠤ᠂ ︽ᠰᠣᠶᠣᠯ ᠢ ᠲᠦᠮᠡᠨ ᠡᠷᠦᠬᠡ ᠳᠤ ᠣᠷᠣᠭᠤᠯᠬᠤ︾ ᠵᠡᠷᠭᠡ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠥᠷᠨᠢᠭᠦᠯᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠬᠡᠲᠦ ᠳᠡᠯᠭᠡᠭᠦᠷ᠂ ᠰᠦᠷᠦᠭ ᠣᠳᠤᠳ ᠤᠨ ᠪᠠᠭ᠎ᠠ ᠲᠠᠪᠴᠠᠩ ᠤᠨ ᠶᠡᠭᠡ ᠠᠴᠢᠶᠠᠯᠠᠪᠤᠷᠢ ᠶᠢ ᠰᠠᠶᠢᠲᠤᠷ ᠠᠰᠢᠭᠯᠠᠵᠤ᠂ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号