ᠱᠢ ᠵᠦᠩ ᠴᠢᠨ ᠱᠠᠩᠬᠠᠢ᠂ ᠬᠠᠩᠵᠧᠦ ᠳᠤ ᠬᠦᠷᠴᠦ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/7/3
      7 ᠰᠠᠷ᠎ᠠ ᠶᠢᠨ 1 ᠤ ᠡᠳᠦᠷ ᠠᠴᠠ 2 ᠤᠨ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠱᠢ ᠵᠥᠩ ᠴᠢᠨ ᠱᠠᠩᠬᠠᠶ᠂ ᠬᠠᠩᠵᠧᠦ ᠳᠤ ᠬᠦᠷᠴᠦ ᠬᠤᠳᠠᠯᠳᠤᠭᠠᠴᠢᠨ ᠤᠷᠢᠵᠤ ᠱᠠᠩᠬᠠᠶ ᠶᠢᠨ ᠴᠢᠶᠦ᠋ᠨ ᠰᠢᠶᠠᠨ ᠪᠣᠳᠠᠳᠣ ᠦᠢᠯᠡᠰ ︵ᠪᠦᠯᠦᠭᠯᠡᠯ︶ ᠤᠨ ᠬᠢᠵᠠᠭᠠᠷᠲᠤ ᠺᠣᠮᠫᠠᠨᠢ᠂ ᠱᠠᠩᠬᠠᠶ ᠶᠢᠨ ᠤᠶᠤᠨᠲᠤ ᠰᠦᠯᠵᠢᠶᠡᠨ ᠤ ᠬᠤᠯᠪᠣᠭᠠᠯᠠᠭᠰᠠᠨ ᠮᠠᠰᠢᠨ ᠲᠡᠷᠭᠡᠨ ᠤ ᠮᠡᠷᠭᠡᠵᠢᠯ ᠤᠨ ᠲᠥᠪ ᠤᠨ ᠬᠢᠵᠠᠭᠠᠷᠲᠤ ᠺᠣᠮᠫᠠᠨᠢ ᠪᠣᠯᠤᠨ ᠸᠧ ᠯᠦᠩ ᠬᠤᠪᠢ ᠡᠵᠡᠮᠳᠡᠭᠰᠡᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢ ᠰᠢᠨᠵᠢᠯᠡᠨ ᠪᠠᠶᠢᠴᠠᠭᠠᠪᠠ᠃      ᠱᠠᠩᠬᠠᠶ ᠶᠢᠨ ᠴᠢᠶᠦ᠋ᠨ ᠰᠢᠶᠠᠨ ᠪᠣᠳᠠᠳᠣ ᠦᠢᠯᠡᠰ ︵ᠪᠦᠯᠦᠭᠯᠡᠯ︶ ᠤᠨ ᠬᠢᠵᠠᠭᠠᠷᠲᠤ ᠺᠣᠮᠫᠠᠨᠢ ᠳᠤ᠂ ᠱᠢ ᠵᠦᠩ ᠴᠢᠨ ᠬᠡᠷᠡᠭ ᠮᠡᠳᠡᠭᠴᠢᠳ ᠤᠨ ᠳᠠᠷᠤᠭ᠎ᠠ ᠯᠢᠨ ᠶᠧ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠱᠢ ᠵᠦᠩ ᠴᠢᠨ᠂ ᠴᠢᠶᠦ᠋ᠨ ᠰᠢᠶᠠᠨ ᠪᠦᠯᠦᠭᠯᠡᠯ ᠪᠣᠯ ᠤᠯᠤᠰ ᠤᠨ ᠳᠣᠲᠣᠭᠠᠳᠤ ᠶᠢᠨ ᠬᠠᠮᠤᠭ ᠤᠨ ᠲᠣᠮᠣ ᠮᠠᠩᠭᠠᠨ ᠠᠭᠤᠷᠬᠠᠢ ᠶᠢᠨ ᠠᠷᠠᠯᠵᠢᠶᠠᠨ ᠤ ᠬᠤᠳᠠᠯᠳᠤᠭ᠎ᠠ᠂ ᠮᠠᠩᠭᠠᠨ ᠰᠢᠰᠲ᠋ᠧᠮ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠪᠠᠶᠢᠵᠤ᠂ ᠪᠣᠬᠢᠷᠲᠤᠯ ᠦᠭᠡᠢ ᠬᠠᠶᠢᠯᠤᠰᠢ ᠶᠢᠨ ᠠᠵᠤ ᠦᠢᠯᠡᠰ ᠢ ᠬᠥᠭᠵᠢᠭᠦᠯᠬᠦ ᠳᠠᠪᠠᠭᠤᠯᠢᠭ ᠲᠠᠢ ᠶᠤᠮ᠃ ᠬᠤᠶᠠᠷ ᠲᠠᠯ᠎ᠠ ᠪᠠᠷ ᠢᠶᠠᠨ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠮᠲᠤᠷᠠᠯᠴᠠᠭᠠᠨ ᠤ ᠲᠦᠷᠦᠯ ᠵᠦᠢᠯ ᠢ ᠨᠠᠶᠢᠳᠠᠪᠤᠷᠢᠵᠢᠭᠤᠯᠤᠨ ᠪᠦᠳᠦᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠳᠠᠷᠬᠠᠨ ᠮᠤᠤᠮᠢᠩᠭᠠᠨ ᠤ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠢᠯᠡᠷᠬᠡᠢᠯᠡᠪᠡ᠃      ᠱᠠᠩᠬᠠᠶ ᠶᠢᠨ ᠤᠶᠤᠨᠲᠤ ᠰᠦᠯᠵᠢᠶᠡᠨ ᠤ ᠬᠤᠯᠪᠣᠭᠠᠯᠠᠭᠰᠠᠨ ᠮᠠᠰᠢᠨ ᠲᠡᠷᠭᠡᠨ ᠤ ᠮᠡᠷᠭᠡᠵᠢᠯ ᠤᠨ ᠲᠥᠪ ᠤᠨ ᠬᠢᠵᠠᠭᠠᠷᠲᠤ ᠺᠣᠮᠫᠠᠨᠢ ᠳᠤ᠂ ᠱᠢ ᠵᠦᠩ ᠴᠢᠨ ᠨᠠᠷ ᠱᠠᠩᠬᠠᠢ ᠶᠢᠨ ᠤᠶᠤᠨᠲᠤ ᠰᠦᠯᠵᠢᠶᠡᠨ ᠤ ᠬᠤᠯᠪᠣᠭᠠᠯᠠᠭᠰᠠᠨ ᠮᠠᠰᠢᠨ ᠲᠡᠷᠭᠡᠨ ᠤ ᠰᠢᠯᠭᠠᠯᠲᠠ ᠶᠢᠨ ᠰᠠᠭᠤᠷᠢᠨ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠮᠠᠰᠢᠨ ᠲᠡᠷᠭᠡᠨ ᠤ ᠬᠥᠳᠡᠯᠭᠡᠬᠦ ᠬᠦᠴᠦᠨ ᠪᠣᠯᠤᠨ ᠤᠯᠤᠰ ᠤᠨ ᠢᠨᠵᠧᠨᠧᠷᠢᠩ ᠢ ᠡᠵᠡᠮᠳᠡᠬᠦ ᠰᠤᠳᠤᠯᠭᠠᠨ ᠤ ᠲᠥᠪ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠭᠰᠠᠨ ᠪᠥᠭᠡᠳ ᠬᠡᠷᠡᠭ ᠮᠡᠳᠡᠭᠴᠢᠳ ᠤᠨ ᠳᠠᠷᠤᠭ᠎ᠠ ᠶᠢᠨ ᠴᠧᠩ ᠯᠢᠶᠠᠩ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠱᠢ ᠵᠦᠩ ᠴᠢᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠢ ᠮᠠᠨᠳᠤᠯ ᠪᠣᠭᠤᠮᠲᠠ ᠶᠢᠨ ᠬᠥᠭᠵᠢᠯᠲᠡ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ ᠪᠠᠶᠢᠨ᠎ᠠ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ ᠤ ᠰᠢᠨ᠎ᠡ ᠵᠠᠮ ᠢ ᠨᠡᠭᠡᠭᠡᠵᠦ᠂ ᠵᠢᠯᠣᠭᠤᠴᠢ ᠦᠭᠡᠢ ᠣᠶᠤᠨᠴᠢ ᠪᠠᠷ ᠪᠣᠭᠤᠮᠲᠠ ᠥᠩᠭᠡᠷᠡᠬᠦ᠂ ᠤᠶᠤᠨᠲᠤ ᠰᠦᠯᠵᠢᠶᠡᠨ ᠤ ᠮᠠᠰᠢᠨ ᠲᠡᠷᠭᠡᠨ ᠤ ᠪᠠᠶᠢᠴᠠᠭᠠᠯᠳᠠ ᠶᠢᠨ ᠰᠠᠭᠤᠷᠢᠨ ᠭᠠᠵᠠᠷ ᠵᠡᠷᠭᠡ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠤᠶᠢᠵᠢᠭᠤᠯᠤᠨ ᠬᠥᠭᠵᠢᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃      ᠸᠧ ᠯᠦᠩ ᠬᠤᠪᠢ ᠡᠵᠡᠮᠳᠡᠭᠰᠡᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ᠂ ᠱᠢ ᠵᠦᠩ ᠴᠢᠨ ᠸᠧ ᠯᠦᠩ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠴᠧᠨ ᠵᠢᠶᠠᠨ ᠴᠧᠩ᠂ ᠮᠢ ᠯᠠᠨ ᠬᠤᠸᠠ ᠰᠢᠶᠠ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠵᠧᠦ ᠰᠢᠶᠤᠤ ᠶᠠᠨ᠂ ᠢᠲ᠋ᠠᠯᠢ ᠶᠢᠨ Inalpi SpA ᠪᠦᠯᠦᠭᠯᠡᠯ ᠤᠨ ᠶᠡᠷᠦᠩᠬᠡᠢ ᠵᠠᠬᠢᠷᠤᠭᠴᠢ ᠫᠢ ᠶᠧ ᠯᠠᠨ ᠲᠦᠸᠧ ᠨᠢ ᠣ ᠊ ᠶᠢᠩ ᠸᠧᠢ ᠡᠯ ᠴᠢ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠱᠢ ᠵᠦᠩ ᠴᠢᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠮᠠᠰᠢ ᠡᠯᠪᠡᠭ᠂ ᠳᠡᠭᠡᠳᠦ ᠲᠡᠰ ᠤᠨ ᠴᠠᠭᠠᠨ ᠢᠳᠡᠭᠡᠨ ᠤ ᠳᠠᠪᠠᠭᠤᠯᠢᠭ ᠲᠠᠢ᠂ ᠰᠠᠭᠤᠷᠢ ᠪᠠᠬᠢ ᠪᠠᠶᠢᠵᠤ᠂ ᠡᠯ᠎ᠡ ᠠᠵᠤ ᠠᠬᠤᠶᠢᠯᠠᠯᠲᠠᠳ ᠨᠢ ᠮᠠᠨ ᠤ ᠬᠤᠰᠢᠭᠤᠨ ᠳᠤ ᠮᠣᠷᠢᠯᠠᠨ ᠰᠠᠭᠠᠳᠠᠵᠤ᠂ ᠭᠦᠨᠵᠡᠭᠡᠢ ᠰᠢᠨᠵᠢᠯᠡᠨ ᠪᠠᠶᠢᠴᠠᠭᠠᠵᠤ ᠰᠣᠯᠢᠯᠴᠠᠭ᠎ᠠ ᠬᠢᠵᠥ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠥᠶ᠎ᠡ ᠭᠡᠵᠦ ᠢᠯᠡᠳᠬᠡᠪᠡ᠃      ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ᠂ ᠠᠵᠤ ᠦᠢᠯᠡᠳᠪᠥᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠠᠯᠠ ᠣᠷᠣᠭᠤᠯᠤᠯᠲᠠ ᠶᠢ ᠠᠬᠢᠭᠤᠯᠬᠤ ᠲᠥᠪ ᠪᠣᠯᠤᠨ ᠥᠪᠥᠷ ᠮᠣᠩᠭᠤᠯ ᠤᠨ ᠨᠡᠭᠦᠳᠡᠯᠴᠢᠨ ᠤ ᠳᠤᠷᠠᠰᠤᠮᠵᠢ ᠪᠤᠳᠠᠳᠥ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠳᠠᠳ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号