︽ᠬᠤᠪᠣᠷ ᠰᠢᠷᠣᠶ ᠶᠢᠨ ᠬᠠᠮᠢᠶᠠᠷᠤᠯᠲᠠ ᠶᠢᠨ ᠲᠦᠷᠢᠮ︾ ᠢ 10 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2024/7/3
      ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠼᠦᠢ ᠱᠤᠸᠠᠩ︶ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠴᠢᠶᠠᠩ ᠲᠦᠷᠦᠭᠦᠬᠡᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ ᠲᠤ ᠭᠠᠷ ᠤᠨ ᠥᠰᠥᠭ ᠵᠢᠷᠤᠵᠤ᠂ ︽ᠬᠤᠪᠣᠷ ᠰᠢᠷᠣᠶ ᠶᠢᠨ ᠬᠠᠮᠢᠶᠠᠷᠤᠯᠲᠠ ᠶᠢᠨ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠢ ᠨᠡᠶᠢᠲᠡᠯᠡᠪᠡ᠂ ᠲᠤᠰ ᠲᠦᠷᠢᠮ ᠢ 2024 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠲᠦᠷᠢᠮ︾ ᠳᠤ᠂ ᠬᠤᠪᠣᠷ ᠰᠢᠷᠣᠶ ᠶᠢᠨ ᠡᠬᠢ ᠪᠠᠶᠠᠯᠢᠭ ᠤᠯᠤᠰ ᠤᠨ ᠥᠮᠴᠢᠯᠡᠯ ᠳᠤ ᠬᠠᠷᠢᠶᠠᠯᠠᠭᠳᠠᠨ᠎ᠠ᠂ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠬᠤᠪᠣᠷ ᠰᠢᠷᠣᠶ ᠶᠢᠨ ᠡᠬᠢ ᠪᠠᠶᠠᠯᠢᠭ ᠢ ᠡᠵᠡᠯᠡᠬᠦ ᠪᠤᠶᠤ ᠡᠪᠳᠡᠵᠦ ᠪᠣᠯᠬᠤ ᠥᠬᠡᠶ᠂ ᠤᠯᠤᠰ ᠠᠴᠠ ᠬᠤᠪᠣᠷ ᠰᠢᠷᠣᠶ ᠶᠢᠨ ᠡᠬᠢ ᠪᠠᠶᠠᠯᠢᠭ ᠢ ᠬᠠᠮᠠᠭᠠᠯᠠᠯᠲᠠ ᠶᠢᠨ ᠴᠢᠨᠠᠷᠲᠠᠶ ᠪᠠᠷ ᠨᠡᠭᠡᠭᠡᠨ ᠮᠠᠯᠲᠠᠬᠤ ᠶᠢ ᠬᠡᠷᠡᠭᠵᠢᠭᠦᠯᠦᠨ᠎ᠡ ᠭᠡᠵᠦ ᠲᠤᠳᠤᠷᠬᠠᠶᠢᠯᠠᠪᠠ᠃
 
ᠢᠷᠡᠯᠲᠡ᠄ ᠠᠷᠡᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号