ᠰᠦᠯᠵᠢᠶᠡᠨ ᠳᠡᠭᠡᠷ᠎ᠡ ᠠᠴᠠ ᠡᠮ ᠬᠤᠳᠠᠯᠳᠤᠨ ᠠᠪᠤᠬᠰᠠᠨ ᠴᠤ ᠡᠮᠨᠡᠯᠭᠡ ᠶᠢᠨ ᠳᠠᠭᠠᠳᠬᠠᠯ ᠢᠶᠠᠷ ᠲᠤᠭᠠᠴᠠᠭ᠎ᠠ ᠬᠢᠵᠦ ᠪᠣᠯᠤᠨ᠎ᠠ︕
ᠨᠡᠶᠢᠲᠡᠯᠡᠭᠰᠡᠨ ᠴᠠᠭ᠄
2024/7/3
      ᠪᠡᠭᠡᠵᠢᠩ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠲᠡᠯᠡᠭᠰᠡᠨ ᠮᠡᠳᠡᠭᠡ ᠠᠴᠠ ᠦᠵᠡᠪᠡᠯ᠂ ᠥᠨᠥᠳᠦᠷ ︵7 ᠰᠠᠷ᠎ᠠ ᠶᠢᠨ 1 ᠤ ᠡᠳᠦᠷ︶ ᠠᠴᠠ ᠡᠬᠢᠯᠡᠨ᠂ ᠮᠧᠶ ᠲᠤᠸᠠᠨ᠂ ᠵᠢᠩ ᠳ᠋ᠦᠩ ᠤᠨ ᠡᠮ ᠬᠤᠳᠠᠯᠳᠤᠨ ᠠᠪᠬᠤ ᠲᠠᠪᠴᠠᠩ ᠠᠴᠠ ᠪᠡᠭᠡᠵᠢᠩ ᠬᠤᠲᠠ ᠶᠢᠨ ᠳᠠᠭᠠᠳᠬᠠᠯ ᠳᠤ ᠣᠷᠣᠭᠰᠠᠳ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠺᠠᠷᠲ ᠢᠶᠠᠨ ᠬᠡᠷᠡᠭᠯᠡᠨ ᠡᠮ ᠡᠮᠨᠡᠯᠭᠡ ᠶᠢᠨ ᠳᠠᠭᠠᠳᠬᠠᠯ ᠤᠨ ᠴᠡᠭ ᠢᠶᠠᠷ ᠲᠣᠭᠲᠠᠭᠠᠭᠰᠠᠨ 300 ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠠᠴᠠ ᠰᠦᠯᠵᠢᠶ᠎ᠡ ᠪᠠᠷ ᠵᠣᠷ ᠤᠨ ᠪᠤᠰᠤ ︵OTC︶ ᠡᠮ ᠬᠤᠳᠠᠯᠳᠤᠨ ᠠᠪᠴᠤ ᠪᠣᠯᠤᠨ᠎ᠠ᠃ ᠡᠮ ᠤᠨ ᠰᠦᠢᠳᠭᠡᠯ ᠢ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠡᠩᠰᠡᠨ ᠠᠴᠠ ᠪᠠᠨ ᠭᠠᠷᠭᠠᠵᠤ᠂ ᠬᠦᠷᠭᠡᠬᠦ ᠵᠠᠷᠤᠳᠠᠯ ᠪᠣᠯᠤᠨ ᠪᠤᠭᠤᠳᠠᠯ ᠤᠨ ᠵᠠᠷᠤᠳᠠᠯ ᠢ ᠬᠤᠪᠢ ᠬᠥᠮᠦᠨ ᠦᠪᠡᠷ ᠢᠶᠠᠨ ᠭᠠᠷᠭᠠᠨ᠎ᠡ᠃ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠵᠠᠬᠢᠶᠠᠯᠠᠭ᠎ᠠ ᠬᠢᠭᠰᠡᠨ ᠤ ᠳᠠᠷᠠᠭ᠎ᠠ᠂ ᠡᠮ ᠬᠤᠳᠠᠯᠳᠤᠨ ᠠᠪᠬᠤ ᠲᠠᠪᠴᠠᠩ ᠨᠢ ᠲᠡᠷᠡ ᠳᠠᠷᠤᠶ ᠳᠤᠨᠢ ᠡᠮ ᠲᠠᠩ ᠢ ᠲᠣᠬᠢᠷᠠᠭᠤᠯᠤᠨ ᠬᠦᠷᠭᠡᠨ᠎ᠡ᠃ ᠰᠦᠯᠵᠢᠶᠡᠨ ᠳᠡᠭᠡᠷ᠎ᠡ ᠡᠮ ᠬᠤᠳᠠᠯᠳᠤᠨ ᠠᠪᠬᠤ ᠳᠤ ᠪᠠᠰᠠ ᠪᠡᠭᠡᠵᠢᠩ ᠤᠨ ᠡᠮ ᠡᠮᠨᠡᠯᠭᠡ ᠶᠢᠨ ᠳᠠᠭᠠᠳᠬᠠᠯ ᠤᠨ ᠨᠢᠭᠡᠨᠲᠡ ᠳᠠᠩᠰᠠᠯᠠᠭᠤᠯᠤᠭᠰᠠᠨ ᠬᠡᠷ ᠪᠦᠯᠢ ᠶᠢᠨ ᠪᠦᠷᠢᠯᠳᠦᠬᠦᠨ ᠤ ᠬᠤᠭᠤᠷᠣᠨᠳᠣ ᠪᠠᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠮᠦᠡᠭᠭᠦ ᠶᠢ ᠭᠡᠷᠡᠭᠯᠡᠬᠦ ᠶᠢ ᠳᠡᠮᠵᠢᠨ᠎ᠡ᠃ ᠣᠳᠣᠬᠠᠨ ᠳᠤ᠂ ᠴᠡᠭ ᠢᠶᠠᠷ ᠲᠣᠭᠲᠠᠭᠠᠭᠰᠠᠨ 300 ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠨᠢ ᠪᠡᠭᠡᠵᠢᠩ ᠤᠨ 16 ᠵᠠᠰᠠᠭ ᠵᠠᠬᠢᠷᠭᠠᠨ ᠤ ᠣᠷᠣᠨ ᠪᠠ ᠠᠵᠤ ᠠᠬᠤᠶ ᠶᠢᠨ ᠨᠡᠭᠡᠭᠡᠯᠲᠡ ᠶᠢᠨ ᠣᠷᠣᠨ ᠢ ᠪᠦᠬᠦᠨ ᠢ ᠬᠠᠮᠤᠷᠴᠤ ᠪᠤᠢ ᠬᠡᠪᠡ᠃
 
ᠢᠷᠡᠯᠲᠡ᠄ ᠠᠷᠡᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号