ᠣᠶᠢᠷ᠎ᠠ ᠳᠤ᠂ ᠤᠯᠤᠰ ᠤᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ | ᠠᠯᠪᠠᠨᠬᠡᠷ ︽ᠬᠤᠳᠠᠯᠳᠤᠭ᠎ᠠ ᠡᠵᠡᠩᠨᠡᠬᠦ ᠰᠦᠯᠵᠢᠶᠡᠨ ᠤ ᠣᠷᠴᠢᠨ ᠨᠥᠬᠦᠴᠡᠯ ᠢ ᠰᠢᠯᠢᠳᠡᠭᠵᠢᠭᠦᠯᠵᠦ ᠠᠵᠤ | ᠠᠬᠤᠶᠢᠯᠠᠯ ᠳᠤ ᠬᠤᠯᠪᠣᠭᠳᠠᠭᠰᠠᠨ ᠡᠷᠬᠡ ᠳᠤ ᠬᠠᠯᠳᠠᠭᠰᠠᠨ ᠮᠡᠳᠡᠭᠡ ᠵᠠᠩᠭᠢ ᠶᠢᠨ ᠡᠮᠬᠢ ᠵᠠᠮᠪᠠᠷᠠᠭ᠎ᠠ ᠥᠬᠡᠶ | ᠪᠠᠶᠢᠳᠠᠯ ᠢ ᠴᠡᠭᠴᠡᠯᠡᠨ ᠵᠠᠰᠠᠬᠤ︾ ᠲᠤᠰᠬᠠᠶ ᠠᠵᠢᠯᠯᠠᠭ᠎ᠠ ᠶᠢ ᠭᠦᠨᠵᠡᠭᠡᠶ ᠵᠣᠬᠢᠶᠠᠨ ᠪᠠᠶᠢᠭᠤᠯᠤᠨ ᠥᠷᠨᠢᠭᠦᠯᠵᠦ᠂ | ᠰᠦᠯᠵᠢᠶᠡᠨ ᠤ ᠲᠠᠪᠴᠠᠩ ᠤᠨ ᠰᠦᠯᠵᠢᠶᠡᠨ ᠳᠡᠭᠡᠷᠡᠬᠢ ᠠᠵᠤ ᠠᠬᠤᠶᠢᠯᠠᠯ ᠳᠤ ᠬᠤᠯᠪᠣᠭᠳᠠᠭᠰᠠᠨ ᠮᠡᠳᠡᠭᠡ ᠵᠠᠩᠭᠢ ᠶᠢᠨ | ᠠᠭᠤᠯᠭ᠎ᠠ ᠶᠢᠨ ᠬᠠᠮᠢᠶᠠᠷᠤᠯᠲᠠ ᠪᠠᠨ ᠴᠢᠩᠭᠠᠳᠬᠠᠬᠤ ᠶᠢ ᠵᠢᠭᠠᠨ ᠵᠢᠯᠣᠭᠤᠳᠴᠤ᠂ ᠠᠵᠤ ᠠᠬᠤᠶᠢᠯᠠᠯ᠂ ᠠᠵᠤ | ᠠᠬᠤᠶᠢᠯᠠᠯᠲᠠᠨ ᠤ ᠰᠦᠯᠵᠢᠶᠡᠨ ᠤ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠡᠨᠨᠢᠭᠡ ᠪᠦᠯᠦᠭ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠪᠡ᠃ | ᠤᠳᠤ ᠬᠡᠰᠡᠭ ᠨᠡᠶᠢᠲᠡᠯᠢᠭ ᠬᠡᠷᠡᠭ ᠤᠨ ᠵᠢᠱᠢᠶ᠎ᠡ ᠶᠢ ᠳᠣᠣᠷᠠᠬᠢ ᠮᠡᠲᠦ ᠮᠡᠳᠡᠭᠳᠡᠶ᠎ᠡ᠄ | 1. ︽ᠮᠦᠸᠧᠽᠢ ᠶᠢᠨ ᠬᠤᠳᠠᠯᠳᠤᠭᠠᠨ ᠤ ᠣᠨᠣᠯ︾ ᠵᠡᠷᠭᠡ ᠳᠠᠩᠰᠠᠨ ᠳ᠋ᠤᠭᠠᠷ ᠨᠢ ᠴᠤᠤᠷᠬᠠᠯ ᠮᠡᠳᠡᠭᠡ | ᠵᠠᠩᠭᠢ ᠲᠠᠷᠬᠠᠭᠠᠵᠤ᠂ ᠠᠵᠤ ᠠᠬᠤᠶᠢᠯᠠᠯ ᠤᠨ ᠳᠦᠷᠢ ᠲᠥᠷᠬᠦ ᠶᠢ ᠮᠠᠭᠤ ᠰᠠᠨᠠᠭ᠎ᠠ ᠲᠠᠢ ᠪᠠᠷ ᠭᠦᠳᠬᠡᠪᠡ᠃ | 2. ︽ᠴᠢ ᠡᠸᠦ ᠫᠠᠢ︾ ᠵᠡᠷᠭᠡ ᠳᠠᠩᠰᠠᠨ ᠳ᠋ᠤᠭᠠᠷ ᠨᠢ ᠠᠵᠤ ᠠᠬᠤᠶᠢᠯᠠᠯ ᠳᠤ ᠬᠤᠯᠪᠣᠭᠳᠠᠭᠰᠠᠨ ᠢᠯᠡ ᠮᠡᠳᠡᠭᠡ | ᠵᠠᠩᠭᠢ ᠶᠢ ᠭᠠᠵᠢᠭᠤᠳᠠᠭᠤᠯᠤᠨ ᠲᠠᠶᠢᠯᠪᠤᠷᠢᠯᠠᠵᠤ᠂ ᠬᠠᠤᠯᠢ ᠪᠤᠰᠤ ᠠᠰᠢᠭ ᠲᠤᠰᠠ ᠤᠯᠪᠠ᠃ | 3. ︽ᠰᠢᠶᠤᠤ ᠨᠢᠦ ᠴᠧ ᠲᠡᠷᠭᠡ︾ ᠵᠡᠷᠭᠡ ᠳᠠᠩᠰᠠᠨ ᠳ᠋ᠤᠭᠠᠷ ᠨᠢ ᠪᠣᠳᠠᠲᠤ ᠬᠡᠷᠡᠭ ᠢ ᠵᠣᠷᠢᠭᠤᠳᠠ | ᠶᠡᠬᠡᠰᠬᠡᠨ ᠭᠠᠵᠢᠭᠤᠳᠠᠭᠤᠯᠵᠤ᠂ ᠠᠵᠤ ᠠᠬᠤᠶᠢᠯᠠᠯ ᠵᠢᠴᠢ ᠲᠡᠭᠦᠨ ᠤ ᠡᠭᠦᠳᠦᠭᠴᠢ ᠶᠢ ᠭᠦᠳᠬᠡᠨ ᠮᠠᠭᠤᠰᠢᠶᠠᠪᠠ᠃ | 4. ︽ᠯᠢᠦ ᠪᠦ᠋ ᠴᠧᠨ︾ ᠵᠡᠷᠭᠡ ᠳᠠᠩᠰᠠᠨ ᠳ᠋ᠤᠭᠠᠷ ᠨᠢ ᠬᠤᠳᠠᠯ ᠬᠠᠭᠤᠷᠮᠠᠭ ᠦᠨᠡᠨ ᠪᠤᠰᠤ ᠮᠡᠳᠡᠭᠡ | ᠵᠠᠩᠭᠢ ᠨᠡᠶᠢᠲᠡᠯᠡᠵᠦ᠂ ᠠᠵᠤ ᠠᠬᠤᠶᠢᠯᠠᠯ᠂ ᠠᠵᠤ ᠠᠬᠤᠶᠢᠯᠠᠯᠲᠠᠨ ᠤ ᠳᠦᠷᠢ ᠲᠥᠷᠬᠦ ᠶᠢ ᠮᠠᠭᠤ ᠰᠠᠨᠠᠭ᠎ᠠ ᠲᠠᠢ ᠪᠠᠷ | ᠭᠦᠳᠬᠡᠪᠡ᠃ | 5. ︽ᠴᠠᠷᠠᠰᠤᠨ ᠵᠢᠮᠢᠰ ᠤᠨ ᠬᠤᠳᠠᠯᠳᠤᠭᠠᠨ ᠤ ᠰᠢᠭᠦᠮᠵᠢ︾ ᠵᠡᠷᠭᠡ ᠳᠠᠩᠰᠠᠨ ᠳ᠋ᠤᠭᠠᠷ ᠨᠢ ᠠᠵᠤ | ᠠᠬᠤᠶᠢᠯᠠᠯ ᠳᠤ ᠬᠤᠯᠪᠣᠭᠳᠠᠭᠰᠠᠨ ᠬᠠᠯᠠᠮᠰᠢᠯ ᠠᠰᠠᠭᠤᠳᠠᠯ ᠢ ᠠᠰᠢᠬᠯᠠᠨ ᠬᠦᠬᠡᠷᠭᠡᠳᠡᠵᠦ᠂ ᠠᠵᠤ ᠠᠬᠤᠶᠢᠯᠠᠯ ᠢ | ᠭᠦᠳᠬᠡᠨ ᠳᠠᠭᠠᠷᠢᠪᠠ᠃ | |