ᠬᠤᠶᠠᠷ ᠰᠠᠯᠠᠭ᠎ᠠ ᠮᠥᠴᠢᠷ᠄ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2024/7/30
      ᠳᠤᠮᠳᠠᠳᠤ ᠤᠯᠤᠰ ᠤᠨ ᠰᠣᠨᠢᠨ ᠮᠡᠳᠡᠭᠡᠨ ᠤ ᠰᠦᠯᠵᠢᠶ᠎ᠡ ᠶᠢᠨ 7 ᠰᠠᠷ᠎ᠠ ᠶᠢᠨ 25 ᠤ ᠡᠳᠦᠷ ᠤᠨ ᠮᠡᠳᠡᠭᠡ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠰᠦᠯᠵᠢᠶ᠎ᠡ ᠶᠢᠨ ᠮᠡᠳᠡᠭᠡ ᠶᠢ ᠦᠨᠳᠦᠰᠦᠯᠡᠪᠡᠯ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ︽ᠲᠣᠮᠣ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠬᠦᠴᠦᠯᠡᠨ ᠳᠡᠮᠵᠢᠬᠦ ᠲᠤᠬᠠᠶ ᠠᠷᠭ᠎ᠠ ᠬᠡᠮᠵᠢᠶ᠎ᠡ ᠨᠦᠭᠦᠳ︾ ᠤᠨ ᠮᠡᠳᠡᠭᠳᠡᠯ ᠢ ᠳᠠᠷᠤᠮᠠᠯᠯᠠᠨ ᠲᠠᠷᠬᠠᠭᠠᠵᠤ᠂ 3000 ᠳ᠋ᠦᠩᠰᠢᠭᠤᠷ ᠲᠥᠭᠦᠷᠢᠭ ᠣᠷᠴᠢᠮ ᠤᠨ ᠣᠷᠳᠣ ᠬᠤᠭᠤᠴᠠᠭᠠᠨ ᠤ ᠤᠯᠤᠰ ᠤᠨ ᠣᠨᠴᠠᠭᠠᠶ ᠵᠢᠭᠡᠯᠡᠯᠭᠡ ᠶᠢᠨ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠲᠣᠮᠣ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠬᠦᠴᠦᠯᠡᠨ ᠳᠡᠮᠵᠢᠨ᠎ᠡ ᠬᠡᠪᠡ᠃      ᠮᠡᠳᠡᠭᠳᠡᠯ ᠳᠤ᠂ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ︽ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠶᠢᠨ ᠬᠡᠷᠡᠭᠵᠢᠭᠦᠯᠬᠦ ᠨᠠᠷᠢᠨ ᠲᠦᠷᠢᠮ︾ ︵ᠬᠤᠳᠠᠯᠳᠤᠭ᠎ᠠ ᠬᠡᠷᠡᠭᠯᠡᠭᠡ ᠵᠠᠬᠢᠳᠠᠯ〔 2024〕75 ᠳ᠋ᠤᠭᠠᠷ ᠲᠣᠭᠠᠲᠤ︶ ᠤᠨ ᠰᠠᠭᠤᠷᠢᠨ ᠳᠡᠭᠡᠷ᠎ᠡ᠂ ᠬᠤᠪᠢ ᠬᠥᠮᠦᠨ ᠤ ᠬᠡᠷᠡᠭᠯᠡᠭᠡᠨ ᠠᠴᠠ ᠭᠠᠷᠭᠠᠭᠰᠠᠨ ᠤᠯᠤᠰ ᠤᠨ ᠭᠤᠷᠪᠠᠳᠤᠭᠠᠷ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠤᠯᠳᠠ ᠶᠢᠨ ᠪᠠᠷᠢᠮᠵᠢᠶ᠎ᠠ ᠪᠦᠬᠦᠢ ᠰᠢᠲᠠᠭᠠᠯᠭ᠎ᠠ ᠶᠢᠨ ᠲᠣᠰᠣᠨ ᠤ ᠰᠠᠭᠤᠳᠠᠯ ᠤᠨ ᠮᠠᠰᠢᠨ ᠲᠡᠷᠭᠡ ᠪᠤᠶᠤ 2018 ᠣᠨ ᠤ 4 ᠰᠠᠷ᠎ᠠ ᠶᠢᠨ 30 ᠤ ᠡᠳᠦᠷ ︵ᠲᠣᠰ ᠡᠳᠦᠷ ᠪᠠᠭᠲᠠᠨ᠎ᠠ︶ ᠠᠴᠠ ᠡᠮᠦᠨ᠎ᠡ ᠳᠠᠩᠰᠠᠯᠠᠭᠤᠯᠤᠭᠰᠠᠨ ᠰᠢᠨ᠎ᠡ ᠡᠨᠧᠷᠭᠢ ᠶᠢᠨ ᠰᠠᠭᠤᠳᠠᠯ ᠤᠨ ᠮᠠᠰᠢᠨ ᠲᠡᠷᠭᠡ ᠪᠠ ︽ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠶᠢ ᠬᠠᠰᠤᠵᠤ ᠭᠡᠯᠳᠦᠷᠢᠭᠦᠯᠬᠦ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠯᠪᠡᠷᠢ ᠶᠢᠨ ᠭᠠᠷᠴᠠᠭ︾ ᠲᠤ ᠣᠷᠣᠭᠤᠯᠤᠭᠰᠠᠨ ᠰᠢᠨ᠎ᠡ ᠡᠨᠧᠷᠭᠢ ᠶᠢᠨ ᠰᠠᠭᠤᠳᠠᠯ ᠤᠨ ᠮᠠᠰᠢᠨ ᠲᠡᠷᠭᠡ ᠪᠤᠶᠤ 2.0 ᠯᠢᠲᠷ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠤᠯᠳᠠ ᠶᠢᠨ ᠪᠠᠷᠢᠮᠵᠢᠶ᠎ᠠ ᠪᠦᠬᠦᠢ ᠰᠢᠲᠠᠭᠠᠯᠭ᠎ᠠ ᠶᠢᠨ ᠲᠣᠰᠣᠨ ᠤ ᠰᠠᠭᠤᠳᠠᠯ ᠤᠨ ᠮᠠᠰᠢᠨ ᠲᠡᠷᠭᠡ ᠶᠢ ᠬᠤᠳᠠᠯᠳᠤᠨ ᠠᠪᠤᠬᠰᠠᠨ ᠪᠠᠶᠢᠪᠠᠯ ᠨᠥᠬᠦᠪᠥᠷᠢ ᠶᠢᠨ ᠪᠠᠷᠢᠮᠵᠢᠶ᠎ᠠ ᠶᠢ ᠲᠡᠭᠡᠭᠰᠢᠯᠡᠬᠦᠯᠦᠨ᠎ᠡ᠂ ᠲᠤᠬᠠᠶᠢᠯᠠᠪᠠᠯ ᠰᠢᠨ᠎ᠡ ᠡᠨᠧᠷᠭᠢ ᠶᠢᠨ ᠰᠠᠭᠤᠳᠠᠯ ᠤᠨ ᠮᠠᠰᠢᠨ ᠲᠡᠷᠭᠡ ᠬᠤᠳᠠᠯᠳᠤᠨ ᠠᠪᠤᠬᠰᠠᠨ ᠪᠤᠯ 2 ᠲᠦᠮᠡᠨ ᠲᠥᠭᠦᠷᠢᠭ ᠨᠥᠬᠦᠪᠥᠷᠢᠯᠡᠵᠦ᠂ 2.0 ᠯᠢᠲᠷ ᠠᠴᠠ ᠳᠣᠷᠣᠭᠰᠢᠬᠢ ᠭᠠᠳᠠᠭᠰᠢᠯᠠᠭᠤᠯᠤᠯᠳᠠ ᠶᠢᠨ ᠪᠠᠷᠢᠮᠵᠢᠶ᠎ᠠ ᠪᠦᠬᠦᠢ ᠰᠢᠲᠠᠭᠠᠯᠭ᠎ᠠ ᠶᠢᠨ ᠲᠣᠰᠣᠨ ᠤ ᠰᠠᠭᠤᠳᠠᠯ ᠤᠨ ᠮᠠᠰᠢᠨ ᠲᠡᠷᠭᠡ ᠬᠤᠳᠠᠯᠳᠤᠨ ᠠᠪᠤᠬᠰᠠᠨ ᠪᠤᠯ 1.5ᠲᠦᠮᠡᠨ ᠲᠥᠭᠦᠷᠢᠭ ᠨᠥᠬᠦᠪᠥᠷᠢᠯᠡᠨ᠎ᠡ᠃ ︽ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠶᠢᠨ ᠬᠡᠷᠡᠭᠵᠢᠭᠦᠯᠬᠦ ᠨᠠᠷᠢᠨ ᠲᠦᠷᠢᠮ︾ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠨᠥᠬᠦᠪᠥᠷᠢ ᠭᠤᠶᠤᠴᠢᠯᠠᠬᠤ ᠬᠡᠷᠡᠭᠯᠡᠭᠴᠢ ᠳᠤ ᠲᠣᠰ ᠮᠡᠳᠡᠭᠳᠡᠯ ᠤᠨ ᠪᠠᠷᠢᠮᠵᠢᠶ᠎ᠠ ᠶᠣᠰᠣᠭᠠᠷ ᠨᠥᠬᠦᠪᠥᠷᠢ ᠦᠭᠭᠦᠨ᠎ᠡ᠃ ᠬᠡᠷᠡᠭᠯᠡᠭᠴᠢᠳ ᠲᠤᠰ ᠮᠡᠳᠡᠭᠳᠡᠯ ᠤᠨ ᠪᠠᠷᠢᠮᠵᠢᠶ᠎ᠠ ᠶᠣᠰᠣᠭᠠᠷ ᠨᠥᠬᠦᠪᠥᠷᠢ ᠭᠤᠶᠤᠴᠢᠯᠠᠭᠠᠷᠠᠢ᠂ ᠬᠡᠬᠦ ᠳᠡᠭᠡᠨ ᠬᠡᠷᠡᠭᠯᠡᠭᠡᠨ ᠠᠴᠠ ᠭᠠᠷᠭᠠᠬᠤ ᠬᠠᠷᠠᠭᠠᠯᠵᠠᠬᠰᠠᠨ ᠮᠠᠰᠢᠨ ᠲᠡᠷᠭᠡ ᠴᠢᠨᠢ ᠡᠷᠬᠡᠪᠰᠢ ᠲᠤᠰ ᠮᠡᠳᠡᠭᠳᠡᠯ ᠢ ᠳᠠᠷᠤᠮᠠᠯᠯᠠᠨ ᠲᠠᠷᠬᠠᠭᠠᠬᠰᠠᠨ ᠡᠳᠦᠷ ᠠᠴᠠ ᠡᠮᠦᠨ᠎ᠡ ᠲᠤᠰ ᠬᠥᠮᠦᠨ ᠤ ᠨᠡᠷ᠎ᠡ ᠳᠡᠭᠡᠷ᠎ᠡ ᠲᠡᠮᠳᠡᠭᠯᠡᠭᠰᠡᠨ ᠬᠡᠷᠡᠭᠲᠡᠶ ᠭᠡᠵᠦ ᠲᠤᠷᠠᠳᠴᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号