ᠶᠠᠫᠣᠨ ᠤ ᠤᠯᠤᠰ ᠤᠨ ᠬᠠᠯᠳᠠᠪᠤᠷᠢᠲᠤ ᠡᠪᠡᠳᠴᠢᠨ ᠤ ᠰᠤᠳᠤᠯᠭᠠᠨ ᠤ ᠭᠠᠵᠠᠷ ᠤᠨ 18 ᠤ ᠡᠳᠦᠷ | ᠨᠡᠶᠢᠲᠡᠯᠡᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 6 ᠰᠠᠷ᠎ᠠ ᠶᠢᠨ 9 ᠤ ᠡᠳᠦᠷ ᠪᠣᠯᠲᠠᠯ᠎ᠠ᠂ ᠶᠠᠫᠣᠨ ᠤ | ᠡᠨᠡ ᠵᠢᠯ ᠤᠨ ᠮᠡᠳᠡᠭᠦᠯᠦᠭᠰᠡᠨ ᠭᠢᠨᠵᠢᠯᠢᠭ ᠪᠥᠮᠪᠥᠭᠡᠨ ᠪᠠᠺᠲ᠋ᠧᠷᠢ ᠠᠴᠠ ᠪᠤᠯᠤᠬᠰᠠᠨ ᠬᠤᠤᠷᠳᠠᠯᠭ᠎ᠠ ᠶᠢᠨ ᠴᠢᠨᠠᠷᠳᠠᠢ | ᠱᠣᠺ ᠤᠨ ᠨᠡᠶᠢᠯᠡᠭ ᠬᠡᠮ ︵ᠶᠡᠷᠦ ᠳᠡᠭᠡᠨ ︽ᠬᠥᠮᠦᠨ ᠢᠳᠡᠳᠡᠭ ᠪᠠᠺᠲ᠋ᠧᠷᠢᠳᠦ︾ ᠬᠠᠯᠳᠠᠪᠤᠷᠢᠲᠤ ᠡᠪᠡᠳᠴᠢᠨ ᠭᠡᠳᠡᠭ︶ | ᠤᠯᠤᠬᠰᠠᠨ ᠡᠪᠡᠳᠴᠢᠲᠡᠨ ᠤ ᠲᠤᠭ᠎ᠠ ᠨᠡᠶᠢᠲᠡ ᠮᠢᠩᠭ᠎ᠠ ᠶᠢ ᠲᠠᠪᠠᠭᠠᠳ 1019 ᠳᠤ ᠬᠦᠷᠴᠦ᠂ ᠲᠡᠦᠬᠡ ᠶᠢᠨ | ᠲᠡᠮᠳᠡᠭᠯᠡᠯ ᠢ ᠡᠬᠦᠳᠴᠡᠢ ᠬᠡᠪᠡ᠃ | ᠶᠠᠫᠣᠨ ᠤ ᠤᠯᠤᠰ ᠤᠨ ᠬᠠᠯᠳᠠᠪᠤᠷᠢᠲᠤ ᠡᠪᠡᠳᠴᠢᠨ ᠤ ᠰᠤᠳᠤᠯᠭᠠᠨ ᠤ ᠭᠠᠵᠠᠷ ᠤᠨ ᠲᠠᠨᠢᠯᠴᠠᠭᠤᠯᠤᠭᠰᠠᠨ ᠢᠶᠠᠷ᠂ | ᠭᠢᠨᠵᠢᠯᠢᠭ ᠪᠥᠮᠪᠥᠭᠡᠨ ᠪᠠᠺᠲ᠋ᠧᠷᠢ ᠠᠴᠠ ᠪᠤᠯᠤᠬᠰᠠᠨ ᠬᠤᠤᠷᠳᠠᠯᠭ᠎ᠠ ᠶᠢᠨ ᠴᠢᠨᠠᠷᠳᠠᠢ ᠱᠣᠺ ᠤᠨ ᠨᠡᠶᠢᠯᠡᠭ ᠬᠡᠮ ᠪᠣᠯ | ᠨᠢᠭᠡ ᠵᠦᠢᠯ ᠤᠨ ᠭᠡᠨᠡᠳᠲᠡ ᠡᠭᠦᠰᠬᠦ᠂ ᠴᠢᠰᠤ ᠬᠠᠶᠢᠯᠬᠤ ᠴᠢᠨᠠᠷᠲᠠᠶ ᠭᠢᠨᠵᠢᠯᠢᠭ ᠪᠥᠮᠪᠥᠭᠡᠨ ᠪᠠᠺᠲ᠋ᠧᠷᠢ ᠠᠴᠠ ᠪᠤᠯᠵᠤ | ᠡᠭᠦᠰᠬᠦ ᠴᠢᠰᠤ ᠦᠵᠢᠷᠡᠬᠦ ᠴᠢᠨᠠᠷᠲᠠᠶ ᠱᠣᠺ ᠪᠣᠯᠤᠨ᠎ᠠ᠃ ᠲᠤᠰ ᠡᠪᠡᠳᠴᠢᠨ ᠤ ᠦᠬᠦᠭᠦᠯᠬᠦ ᠨᠣᠷᠮ᠎ᠠ ᠨᠢ 30 % ᠶᠢ | ᠳᠠᠪᠠᠵᠤ ᠪᠠᠶᠢᠳᠠᠭ ᠪᠦᠭᠡᠳ ᠲᠠᠷᠡᠴᠢᠯᠡᠨ ᠭᠠᠷ ᠬᠥᠯ ᠨᠢ ᠦᠬᠦᠵᠢᠬᠦ ᠡᠪᠡᠳᠴᠢᠨ ᠤ ᠰᠢᠨᠵᠢ ᠳᠠᠭᠠᠯᠳᠤᠵᠤ᠂ | ᠡᠪᠡᠳᠴᠢᠲᠡᠨ ᠡᠪᠡᠳᠴᠢᠨ ᠤ ᠰᠢᠨᠵᠢ ᠢᠯᠡᠷᠡᠯ ᠲᠠᠢ ᠪᠤᠯᠤᠬᠰᠠᠨ ᠠᠴᠠ ᠠᠪᠤᠭᠠᠳ ᠮᠠᠨᠠᠷᠠᠬᠤ ᠪᠠ ᠣᠯᠠᠨ ᠴᠤᠯᠤ | ᠰᠠᠪᠠ ᠨᠢ ᠳᠣᠷᠦ᠋ᠢᠳᠠᠬᠤ ᠪᠣᠯᠲᠠᠯ᠎ᠠ ᠵᠥᠪᠬᠡᠨ 24 ᠠᠴᠠ 48 ᠴᠠᠭ ᠬᠡᠷᠡᠭᠰᠡᠳᠡᠭ᠂ ᠡᠶᠢᠮᠦ ᠠᠴᠠ ᠡᠪᠡᠳᠴᠢᠯᠡᠭᠦᠯᠬᠦ | ᠪᠠᠺᠲ᠋ᠧᠷᠢ ᠶᠢ ᠶᠠᠫᠣᠨ ᠳᠤ ︽ᠬᠥᠮᠦᠨ ᠢᠳᠡᠳᠡᠭ ᠪᠠᠺᠲ᠋ᠧᠷᠢ︾ ᠭᠡᠳᠡᠭ᠃ | ᠦᠨᠡᠨ ᠳᠡᠭᠡᠨ ᠴᠢᠰᠤ ᠬᠠᠶᠢᠯᠤᠭᠤᠯᠬᠤ ᠭᠢᠨᠵᠢᠯᠢᠭ ᠪᠥᠮᠪᠥᠭᠡᠨ ᠪᠠᠺᠲ᠋ᠧᠷᠢ ᠪᠣᠯ ᠨᠢᠭᠡ ᠵᠦᠢᠯ ᠤᠨ ᠦᠷᠭᠦᠯᠵᠢ | ᠬᠠᠷᠠᠭᠳᠠᠳᠠᠭ ᠪᠠᠺᠲ᠋ᠧᠷᠢ ᠮᠥᠨ᠂ ᠵᠢᠯ ᠪᠦᠷᠢ ᠶᠢᠨ ᠡᠪᠦᠯ ᠬᠠᠪᠤᠷ ᠤᠨ ᠤᠯᠠᠷᠢᠯ ᠳᠤ ᠬᠡᠦᠬᠡᠳ ᠤᠨ ᠳᠤᠮᠳᠠ | ᠳᠡᠯᠭᠡᠷᠡᠭᠰᠡᠨ ᠭᠢᠨᠵᠢᠯᠢᠭ ᠪᠥᠮᠪᠥᠭᠡᠨ ᠪᠠᠺᠲ᠋ᠧᠷᠢᠲᠤ ᠵᠠᠯᠭᠢᠭᠤᠷ ᠤᠨ ᠦᠷᠪᠢᠰᠦᠯ ᠵᠢᠴᠢ ᠵᠤᠨ ᠨᠠᠮᠤᠷ ᠤᠨ ᠤᠯᠠᠷᠢᠯ ᠳᠤ | ᠬᠡᠦᠬᠡᠳ ᠲᠤ ᠠᠮᠠᠷᠬᠠᠨ ᠬᠠᠯᠳᠠᠪᠤᠷᠢᠯᠠᠳᠠᠭ ᠬᠠᠯᠳᠠᠪᠤᠷᠢᠲᠤ ᠢᠳᠡᠭᠡᠲᠦ ᠴᠥᠪᠥᠷᠢᠭᠦᠦ ᠡᠪᠡᠳᠴᠢᠨ ᠪᠠ ᠤᠯᠠᠭᠠᠨ | ᠡᠰᠡᠷᠭᠡᠨ᠎ᠡ ᠪᠣᠯ ᠴᠥᠮ ᠴᠢᠰᠤ ᠬᠠᠶᠢᠯᠤᠭᠤᠯᠬᠤ ᠭᠢᠨᠵᠢᠯᠢᠭ ᠪᠥᠮᠪᠥᠭᠡᠨ ᠪᠠᠺᠲ᠋ᠧᠷᠢ ᠠᠴᠠ ᠪᠤᠯᠵᠤ ᠡᠭᠦᠰᠦᠭᠰᠡᠨ | ᠡᠪᠡᠳᠴᠢᠨ ᠶᠤᠮ᠃ ᠭᠢᠨᠵᠢᠯᠢᠭ ᠪᠥᠮᠪᠥᠭᠡᠨ ᠪᠠᠺᠲ᠋ᠧᠷᠢ ᠠᠴᠠ ᠪᠤᠯᠤᠬᠰᠠᠨ ᠬᠤᠤᠷᠳᠠᠯᠭ᠎ᠠ ᠶᠢᠨ ᠴᠢᠨᠠᠷᠳᠠᠢ ᠱᠣᠺ ᠤᠨ | ᠨᠡᠶᠢᠯᠡᠭ ᠭᠡᠮ ᠪᠣᠯ ᠭᠢᠨᠵᠢᠯᠢᠭ ᠪᠥᠮᠪᠥᠭᠡᠨ ᠪᠠᠺᠲ᠋ᠧᠷᠢ ᠠᠴᠠ ᠪᠤᠯᠵᠤ ᠡᠭᠦᠰᠬᠦ ᠳᠠᠭᠠᠷᠢᠯᠲᠠ ᠶᠢᠨ ᠴᠢᠨᠠᠷᠲᠠᠶ | ᠬᠠᠯᠳᠠᠪᠤᠷᠢᠯᠠᠯ ᠤᠨ ᠳᠣᠲᠣᠷᠠᠬᠢ ᠬᠠᠮᠤᠭ ᠤᠨ ᠬᠦᠨᠳᠦ ᠨᠣᠴᠢᠲᠠᠶ ᠲᠥᠷᠥᠯ ᠬᠡᠯᠪᠡᠷᠢ ᠪᠣᠯᠤᠨ᠎ᠠ᠃ |