ᠮᠠᠯ ᠪᠡᠯᠴᠢᠭᠡᠷ ᠤᠨ ᠲᠡᠩᠴᠡᠭᠦᠷᠢᠰᠢᠯ ᠠᠴᠠ ᠠᠮᠢᠳᠤᠷᠠᠯ ᠴᠢᠨᠡᠭᠡᠯᠢᠭᠵᠢᠨ᠎ᠡ
ᠨᠡᠶᠢᠲᠡᠯᠡᠭᠰᠡᠨ ᠴᠠᠭ᠄
2024/7/4
      ᠠᠮᠢᠳᠤᠷᠠᠬᠤ ᠶᠢᠨ ᠤᠬᠠᠭᠠᠨ ᠭᠡᠵᠦ ᠠᠵᠢᠯ ᠲᠦᠷᠦᠯ ᠢᠯᠭᠠᠯ ᠦᠭᠡᠢ ᠱᠠᠭᠠᠷᠳᠠᠭᠳᠠᠳᠠᠭ᠃ ᠮᠠᠯᠵᠢᠬᠤ ᠠᠮᠢᠳᠣᠷᠠᠯ ᠳᠤ ᠨᠦᠷᠢ ᠶᠡᠭᠡ ᠬᠦᠳᠡᠯᠮᠦᠷᠢ ᠬᠦᠴᠦ ᠤᠷᠤᠰᠢᠬᠤ ᠶᠢᠨ ᠲᠠᠭᠠᠦ ᠮᠠᠯ ᠪᠡᠯᠴᠢᠭᠡᠷ ᠢ ᠲᠡᠩᠴᠡᠭᠦᠰᠢᠭᠦᠯᠦᠨ ᠮᠠᠯ ᠢᠶᠠᠨ ᠬᠡᠷᠬᠢᠨ ᠴᠢᠨᠠᠷᠯᠢᠭ ᠮᠠᠯᠵᠢᠬᠤ ᠨᠢ ᠴᠢᠬᠤᠯᠠ ᠪᠠᠶᠢᠳᠠᠭ ᠪᠢᠯᠡ᠃      ᠮᠢᠩᠭᠠᠨ ᠪᠠᠯᠭᠠᠰᠤᠨ ᠤ ᠰᠢᠷᠠᠴᠢᠯᠠᠭᠤ ᠭᠠᠴᠠᠭᠠᠨ ᠤ ᠮᠠᠯᠴᠢᠨ ᠵᠠᠶᠠᠭ᠎ᠠ ᠶᠢᠨ ᠬᠢᠨ ᠤᠤᠯ ᠳᠤ ᠪᠠᠨ ᠤᠳᠤᠮᠰᠢᠯᠳᠦ ᠮᠠᠶ᠋ᠢᠭ ᠢᠶᠠᠷ ᠮᠠᠯ ᠮᠠᠯᠵᠢᠵᠦ ᠪᠠᠶᠢᠭᠰᠠᠨ ᠢᠶᠠᠨ ᠲᠡᠳᠡᠨ ᠤ ᠠᠭᠤᠯᠠ ᠬᠠᠳᠠ ᠪᠠᠷ ᠬᠦᠷᠢᠶᠡᠯᠡᠭᠳᠡᠭᠰᠡᠨ ᠭᠠᠵᠠᠷ ᠤᠨ ᠪᠠᠶᠢᠴᠠ ᠠᠴᠠ ᠪᠤᠯᠵᠦ ᠮᠠᠯᠵᠢᠯ ᠤᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠪᠠᠷ2018 ᠤᠨ ᠳᠤ ᠡᠭᠦᠯᠳᠡᠷ ᠤᠨ ᠲᠦᠷᠦᠭᠦᠦ ᠮᠠᠯ ᠰᠤᠯᠢᠵᠦ ᠨᠤᠯᠤᠤᠷ ᠤᠨ ᠤᠬᠤᠨ᠎ᠠ ᠬᠤᠳᠠᠯᠳᠤᠵᠦ ᠠᠪᠤᠪᠠ᠃ ᠡᠬᠢᠨ ᠤ ᠬᠡᠳᠦᠨ ᠵᠢᠯ ᠬᠤᠷ᠎ᠠ ᠪᠤᠷᠤᠭᠠᠨ ᠡᠯᠪᠡᠭ ᠪᠡᠯᠴᠢᠭᠡᠷ ᠤᠰᠤ ᠰᠠᠶᠢᠨ ᠠᠴᠠ ᠡᠳᠡᠨᠡᠶᠢᠬᠢᠨ ᠵᠢᠯ ᠳᠤ ᠬᠤᠶᠠᠷ ᠤᠳᠠᠭ᠎ᠠ ᠲᠦᠯ ᠲᠤᠰᠴᠦ ᠤᠳᠠᠯ ᠦᠭᠡᠢ ᠭᠤᠷᠪᠠᠨ ᠵᠠᠭᠤ ᠭᠠᠷᠤᠢ ᠢᠮᠠᠭ᠎ᠠ ᠲᠠᠢ ᠪᠤᠯᠤᠭᠰᠠᠨ ᠪᠠᠶᠢᠨ᠎ᠠ᠃ ᠡᠭᠦᠨ ᠤ ᠤᠯᠠᠮ ᠠᠴᠠ ᠪᠡᠯᠴᠢᠭᠡᠷ  ᠢᠶᠠᠨ ᠲᠡᠩᠴᠡᠭᠦᠷᠢᠰᠢᠭᠦᠯᠬᠦ ᠶᠢᠨ ᠲᠦᠯᠦᠭᠡ2020 ᠤᠨ ᠳᠤ ᠨᠤᠯᠤᠤᠷ ᠤᠨ ᠢᠰᠢᠭᠡ ᠬᠤᠳᠠᠯᠳᠤᠨ ᠠᠪᠴᠦ ᠡᠭᠦᠯᠳᠡᠷ  ᠢ ᠨᠢ ᠰᠠᠶᠢᠵᠢᠷᠠᠭᠤᠯᠤᠨ᠂ ᠢᠰᠢᠭᠡ ᠪᠦᠷᠢ ᠳᠤ ᠪᠠᠨ ᠡᠩ ᠤᠨ ᠬᠠᠭᠠᠰ ᠵᠢᠩ ᠪᠤᠶᠤ ᠨᠢᠭᠡ ᠵᠢᠩ ᠨᠤᠯᠤᠤᠷ ᠪᠠᠭᠤᠳᠠᠭ ᠪᠤᠯᠵᠠᠢ᠃ ᠠᠶᠢᠯ ᠭᠡᠷ ᠠᠮᠢᠳᠤᠷᠠᠯ ᠢᠶᠠᠨ ᠦᠭᠡᠳᠡ ᠨᠢ ᠲᠠᠳᠠᠬᠤ ᠳᠤ ᠠᠵᠢᠯᠰᠠᠭ ᠪᠦᠰᠡᠭᠦᠢ ᠲᠤᠳᠠᠵᠦ ᠪᠤᠯᠳᠠᠭ ᠦᠭᠡᠢ  ᠶᠢᠨ ᠤᠴᠢᠷ ᠵᠠᠶᠠᠭ᠎ᠠ ᠭᠡᠷᠭᠡᠢ ᠬᠤᠸᠠᠷ ᠲᠠᠢ ᠪᠠᠨ ᠬᠤᠶᠠᠭᠤᠯᠠ2023 ᠤᠨ ᠳᠤ ᠬᠤᠨᠢ ᠪᠠᠨ ᠴᠦᠬᠡᠯᠡᠵᠦ ᠢᠮᠠᠭ᠎ᠠ ᠭᠤᠤᠯᠯᠠᠵᠦ ᠮᠠᠯᠵᠢᠬᠤ ᠪᠤᠯᠤᠭᠰᠠᠨ ᠪᠦᠭᠡᠳ ᠦᠭᠡᠷ ᠠᠳᠤᠭᠤ ᠪᠠᠨ ᠵᠤᠰᠠᠯᠠᠩ ᠡᠪᠦᠯᠵᠢᠶ᠎ᠡ ᠭᠡᠵᠦ ᠨᠡᠭᠦᠳᠡᠯᠯᠡᠨ ᠮᠠᠯᠯᠠᠵᠦ᠂ ᠵᠢᠯ ᠪᠤᠯᠭᠠᠨ ᠲᠤᠭᠳᠠᠭᠰᠠᠨ ᠬᠤᠭᠤᠴᠠᠭ᠎ᠠ ᠲᠠᠢ ᠦᠷ᠎ᠡ ᠶᠢᠨ ᠮᠠᠯ ᠢ ᠪᠤᠷᠤᠯᠠᠭᠤᠯᠳᠠᠭ ᠠᠴᠠ ᠪᠡᠯᠴᠢᠭᠡᠷ ᠤᠨ ᠲᠡᠩᠴᠡᠭᠦᠷᠢᠰᠢᠯ ᠪᠠ ᠮᠠᠯ ᠲᠠᠷᠭᠤ ᠬᠦᠴᠦ ᠶᠢ ᠪᠠᠳᠤᠯᠠᠬᠤ ᠪᠠᠷ ᠪᠠᠷᠠᠬᠤ ᠦᠭᠡᠢ ᠠᠶᠢᠯ ᠭᠡᠷ ᠤᠨ ᠢᠶᠠᠨ ᠤᠷᠤᠯᠭ᠎ᠠ ᠶᠢ ᠴᠦ ᠨᠡᠮᠡᠭᠳᠡᠭᠦᠯᠵᠦ ᠴᠢᠳᠠᠵᠠᠢ᠃      ᠮᠠᠯᠴᠢᠨ ᠵᠠᠶᠠᠭ᠎ᠠ ᠰᠢᠨ᠎ᠡ ᠮᠠᠶ᠋ᠢᠭ ᠤᠨ ᠮᠠᠯᠵᠢᠬᠤ ᠤᠬᠠᠭᠠᠨ ᠢ ᠲᠠᠰᠤᠷᠠᠯᠳᠠ ᠦᠭᠡᠢ ᠰᠠᠳᠤᠨ ᠠᠷᠭ᠎ᠠ ᠪᠦᠬᠦᠨ  ᠢ ᠦᠪᠡᠷ ᠢᠶᠠᠨ ᠤᠷᠢᠳᠠᠪᠠᠷ ᠲᠤᠷᠰᠢᠵᠦ ᠣᠶᠢᠷ᠎ᠠ ᠬᠠᠪᠢ ᠶᠢᠨ ᠮᠠᠯᠴᠢᠳ ᠤᠨ ᠢᠶᠠᠨ ᠲᠤᠮᠳᠠ ᠲᠠᠭᠠᠭᠤᠯᠤᠭᠴᠢ ᠦᠢᠯᠡᠳᠦᠯ ᠢ ᠦᠵᠡᠭᠦᠯᠦᠨ ᠶᠠᠪᠤᠵᠦ ᠪᠤᠢ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号