ᠵᠢᠶᠠ ᠪᠦᠦ ᠯᠢᠶᠠᠩ ᠰᠢᠷᠠᠮᠦ᠋ᠷᠡᠨ ᠪᠠᠯᠭᠠᠰᠤ᠂  ᠰᠢᠪᠠᠷᠭᠦᠷᠢᠶ᠎ᠡ ᠪᠠᠯᠭᠠᠰᠤ ᠵᠢᠴᠢ ᠦᠬᠡᠷᠬᠤᠳᠳᠤᠭ ᠪᠠᠯᠭᠠᠰᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/7/4
      7 ᠰᠠᠷ᠎ᠠ ᠶᠢᠨ 2 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠰᠢᠷᠠᠮᠥ᠋ᠷᠡᠨ ᠪᠠᠯᠭᠠᠰᠤ᠂ ᠰᠢᠪᠡᠷᠬᠦ᠋ᠷᠢᠶ᠎ᠡ ᠪᠠᠯᠭᠠᠰᠤ᠂ ᠦᠬᠡᠷᠬᠤᠳᠳᠤᠭ ᠪᠠᠯᠭᠠᠰᠤᠨ ᠳᠤ ᠭᠦᠨᠵᠡᠭᠡᠶᠢᠷᠡᠵᠦ᠂ ᠬᠠᠷᠬᠤᠰᠤ ᠭᠠᠴᠠᠭᠠᠨ ᠤ ᠨᠤᠲᠤᠭ ᠪᠡᠯᠴᠢᠭᠡᠷ ᠤᠨ ᠬᠡᠳᠥ ᠪᠡᠯᠴᠢᠭᠡᠷᠯᠡᠭᠦᠯᠬᠦ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠲᠥᠷᠥᠯ ᠵᠦᠢᠯ᠂ ᠳᠣᠭᠠᠴᠢᠯᠠᠭᠰᠠᠨ ᠰᠢᠶᠠᠩ ᠪᠠᠯᠭᠠᠰᠤᠨ ᠤ ᠲᠥᠷᠥᠯ ᠵᠦᠢᠯ᠂ ᠬᠠᠷᠬᠤᠰᠤ ᠭᠠᠴᠠᠭᠠᠨ ᠤ ᠵᠢᠭᠤᠯᠴᠢᠯᠠᠨ ᠰᠡᠭᠦᠳᠡᠷᠯᠬᠦ ᠰᠠᠭᠤᠷᠢᠨ ᠭᠠᠵᠠᠷ ᠤᠨ ᠲᠥᠷᠥᠯ ᠵᠦᠢᠯ᠂ ᠬᠥᠬᠡᠨ᠋ᠤᠰᠤ ᠭᠠᠴᠠᠭᠠᠨ ᠤ ᠠᠳᠤᠭᠤᠨ ᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ᠂ ᠰᠢᠪᠡᠷᠬᠦ᠋ᠷᠢᠶ᠎ᠡ ᠪᠠᠯᠭᠠᠰᠤᠨ ᠤ ᠪᠤᠭᠤᠲᠤ ᠶᠢᠨ ᠪᠣᠯᠣᠳ ᠲᠡᠮᠦᠷ ᠤᠨ ᠰᠠᠨ ᠾᠧ ᠮᠢᠩ ᠠᠭᠤᠷᠬᠠᠢ ᠶᠢᠨ ᠦᠢᠯᠡᠰ ᠤᠨ ᠺᠣᠮᠫᠠᠨᠢ᠂  ᠰᠢᠪᠡᠷᠬᠦ᠋ᠷᠢᠶ᠎ᠡ ᠲᠣᠰᠬᠤᠨ ᠤ 300 ᠮᠦ ᠣᠶ ᠶᠢᠨ ᠬᠤᠷᠮᠣᠶ ᠶᠢᠨ ᠬᠤᠭᠤᠷᠣᠨᠳᠣ ᠳᠠᠷᠢᠭᠰᠠᠨ ᠬᠥᠭᠦᠷᠭᠡᠨ᠎ᠡ ᠶᠢᠨ ᠦᠨᠳᠦᠰᠦ ᠶᠢᠨ ᠲᠥᠷᠥᠯ ᠵᠦᠢᠯ᠂ ᠵᠢᠷᠭᠠᠯᠠᠩᠳᠥ ᠲᠣᠰᠬᠤᠨ ᠤ 600 ᠮᠦ ᠨᠢᠭᠡᠳᠥᠯᠳᠠᠢ ᠲᠠᠷᠢᠭᠰᠠᠨ ᠤᠯᠠᠭᠠᠨ ᠬᠠᠯᠢᠰᠤᠨ ᠪᠤᠭᠤᠳᠠᠶ ᠶᠢᠨ ᠲᠥᠷᠥᠯ ᠵᠦᠢᠯ᠂ ᠲᠢᠶᠠᠨ ᠫᠧᠩ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ᠂ ᠦᠬᠡᠷᠬᠤᠳᠳᠤᠭ ᠪᠠᠯᠭᠠᠰᠤᠨ ᠤ ᠲᠠᠷᠢᠶᠠᠯᠠᠩ ᠤᠨ ᠮᠠᠰᠢᠨ ᠤ ᠰᠡᠯᠪᠢᠨ ᠵᠠᠰᠠᠬᠤ ᠦᠢᠯᠡᠴᠢᠯᠡᠭᠡᠨ ᠤ  ᠥᠷᠲᠡᠭᠡ ᠵᠡᠷᠭᠡ ᠳᠤ ᠪᠠᠶᠢᠴᠠᠭᠠᠨ ᠰᠤᠳᠤᠯᠤᠯᠲᠠ ᠬᠢᠪᠠ᠃      ᠰᠢᠷᠠᠮᠥ᠋ᠷᠡᠨ ᠪᠠᠯᠭᠠᠰᠤᠨ ᠤ ᠬᠠᠷᠬᠤᠰᠤ ᠭᠠᠴᠠᠭᠠᠨ ᠤ ᠨᠤᠲᠤᠭ ᠪᠡᠯᠴᠢᠭᠡᠷ ᠤᠨ ᠬᠡᠳᠥ ᠪᠡᠯᠴᠢᠭᠡᠷᠯᠡᠭᠦᠯᠬᠦ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠲᠤᠬᠠᠶ ᠶᠢᠨ ᠲᠠᠯᠠᠪᠠᠢ ᠳᠤ᠂ ᠵᠢᠶᠠ ᠪᠦᠦ ᠯᠢᠶᠠᠩ ᠮᠠᠯᠵᠢᠬᠤ ᠡᠷᠦᠬᠡ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠮᠢᠬᠠᠨ ᠤ ᠬᠤᠨᠢ ᠲᠡᠵᠢᠭᠡᠨ ᠦᠷᠡᠵᠢᠭᠦᠯᠬᠦ ᠲᠤᠭ᠎ᠠ ᠬᠡᠮᠵᠢᠶ᠎ᠡ᠂ ᠪᠣᠷᠣᠯᠠᠭᠤᠯᠤᠭᠰᠠᠨ ᠪᠠᠶᠢᠳᠠᠯ ᠵᠢᠴᠢ ᠡᠪᠡᠰᠦ ᠪᠣᠷᠳᠣᠭᠠᠨ ᠤ ᠬᠠᠩᠭᠠᠯᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠵᠢᠶᠠ ᠪᠦᠦ ᠯᠢᠶᠠᠩ᠂ ᠪᠡᠯᠴᠢᠭᠡᠷ ᠤᠨ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢᠨ ᠲᠣᠭᠤᠷᠢᠨ ᠳᠤ᠂ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠠᠮᠠᠷᠠᠭᠤᠯᠬᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠪᠡᠯᠴᠢᠭᠡᠷᠯᠡᠭᠦᠯᠬᠦ ᠶᠢ ᠵᠣᠭᠰᠤᠭᠠᠬᠤ ᠳᠤ ᠲᠡᠵᠢᠭᠡᠬᠦ ᠶᠢ ᠵᠣᠭᠰᠤᠭᠠᠬᠤ ᠦᠭᠡᠢ᠂ ᠪᠡᠯᠴᠢᠭᠡᠷᠯᠡᠭᠦᠯᠬᠦ ᠶᠢ ᠵᠣᠭᠰᠤᠭᠠᠬᠤ ᠳᠤ ᠣᠷᠣᠯᠭ᠎ᠠ ᠬᠠᠰᠤᠭᠳᠠᠬᠤ ᠦᠭᠡᠢ ᠪᠠᠶᠢᠬᠤ ᠶᠢ ᠪᠠᠳᠣᠯᠠᠬᠤ ᠬᠡᠷᠡᠭᠲᠡᠢ᠃ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠵᠢᠴᠢ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠪᠠᠶᠢᠳᠠᠯ ᠢ ᠲᠦᠷᠭᠡᠬᠡᠨ ᠣᠶᠢᠯᠠᠭᠠᠵᠤ᠂ ᠮᠢᠬᠠᠨ ᠤ ᠬᠤᠨᠢ ᠲᠡᠵᠢᠭᠡᠨ ᠦᠷᠡᠵᠢᠭᠦᠯᠬᠦ ᠳᠡᠭᠡᠳᠦ ᠳᠣᠤᠷᠠᠳᠤ  ᠬᠡᠯᠬᠢᠶᠠᠨ ᠤ ᠠᠵᠤ ᠦᠢᠯᠡᠰ ᠤᠨ ᠡᠯ᠎ᠡ ᠬᠡᠯᠬᠢᠶ᠎ᠡ ᠶᠢ ᠨᠡᠪᠲᠡᠷᠡᠭᠦᠯᠦᠨ᠂ ᠠᠵᠤ ᠦᠢᠯᠡᠰ ᠤᠨ ᠵᠠᠭᠪᠤᠷ ᠤᠨ ᠲᠠᠯ᠎ᠠ ᠪᠠᠷ ᠬᠠᠮ ᠠᠷᠭ᠎ᠠ ᠬᠡᠮᠵᠢᠶ᠎ᠡ ᠠᠪᠴᠤ᠂ ᠣᠨᠴᠠ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ᠂ ᠵᠢᠭᠡᠯᠡᠯᠭᠡ ᠳᠤ ᠳᠠᠮ ᠬᠦᠦ ᠥᠭᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠯᠴᠢᠳ ᠤᠨ ᠮᠠᠯ ᠬᠠᠷᠢᠭᠤᠯᠬᠤ ᠥᠬᠡᠶ ᠪᠠᠶᠢᠬᠤ ᠶᠢ ᠵᠣᠷᠢᠭᠵᠢᠭᠤᠯᠵᠤ᠂ ᠰᠢᠨᠵᠢᠯᠡᠬᠦ ᠤᠬᠠᠭᠠᠨᠴᠢ ᠪᠠᠷ ᠮᠠᠯᠴᠢᠳ ᠢ ᠬᠥᠲᠥᠯᠥᠨ ᠵᠢᠯᠣᠭᠤᠳᠴᠤ ᠪᠠᠶᠢᠭᠠᠳ ᠬᠠᠰᠢᠶ᠎ᠠ ᠰᠠᠷᠠᠪᠴᠢ᠂ ᠡᠪᠡᠰᠦ ᠬᠠᠳᠠᠭᠠᠯᠠᠬᠤ ᠫᠧᠩ᠂  ᠡᠪᠡᠰᠦ ᠪᠣᠷᠳᠤᠭ᠎ᠠ ᠶᠢᠨ ᠬᠠᠩᠭᠠᠯᠭ᠎ᠠ ᠵᠡᠷᠭᠡ ᠢᠵᠢ ᠪᠥᠷᠢᠳᠦᠭᠰᠡᠨ ᠰᠠᠭᠤᠷᠢ ᠳᠥᠭᠦᠭᠡᠷᠥᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠬᠠᠰᠢᠶᠠᠯᠠᠨ ᠲᠡᠵᠢᠭᠡᠬᠦ ᠰᠠᠭᠤᠷᠢ ᠨᠥᠬᠦᠴᠡᠯ ᠢ ᠳᠡᠭᠡᠭᠰᠢᠯᠡᠭᠦᠯᠦᠨ᠂ ᠪᠠᠶᠢᠭᠠᠯᠢᠭ ᠨᠤᠲᠤᠭ ᠪᠡᠯᠴᠢᠭᠡᠷ ᠤᠨ ᠮᠠᠯᠵᠢᠬᠤ ᠳᠠᠷᠤᠯᠲᠠ ᠶᠢ ᠲᠠᠰᠤᠷᠠᠯᠲᠠ ᠥᠬᠡᠶ ᠬᠥᠩᠭᠡᠷᠡᠭᠦᠯᠬᠦ ᠬᠡᠷᠡᠭᠲᠡᠶ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠲᠤᠭ᠎ᠠ ᠪᠠᠷᠢᠮᠲᠠ ᠶᠢᠨ ᠲᠥᠪ ᠲᠤ᠂ ᠵᠢᠶᠠ ᠪᠦᠦ ᠯᠢᠶᠠᠩ ᠴᠠᠭ ᠲᠤᠬᠠᠢ ᠳᠤᠨᠢ ᠬᠢᠨᠠᠨ ᠡᠵᠡᠮᠳᠡᠬᠦ ᠸᠢᠳᠢᠣ᠋ ᠶᠢ ᠦᠵᠡᠵᠦ᠂ ᠲᠣᠭᠠᠴᠢᠯᠠᠭᠰᠠᠨ ᠰᠢᠶᠠᠩ ᠪᠠᠯᠭᠠᠰᠤᠨ ᠤ ᠲᠦᠷᠦᠯ ᠵᠦᠢᠯ ᠤᠨ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠲᠤᠭ᠎ᠠ ᠪᠠᠷᠢᠮᠲᠠ ᠶᠢ ᠰᠠᠶᠢᠲᠤᠷ ᠬᠡᠷᠡᠭᠯᠡᠵᠦ᠂ ᠮᠡᠷᠭᠡᠵᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ᠂ ᠪᠠᠴᠢᠮ ᠪᠠᠶᠢᠳᠠᠯ ᠢ ᠠᠷᠭᠠᠴᠠᠬᠤ ᠪᠠ ᠡᠬᠢ ᠡᠭᠦᠰᠦᠯ ᠢ ᠨᠢ ᠡᠷᠢᠬᠦ ᠰᠢᠰᠲ᠋ᠧᠮ ᠢ ᠲᠣᠭᠠᠴᠢᠯᠠᠭᠰᠠᠨ ᠰᠢᠶᠠᠩ ᠪᠠᠯᠭᠠᠰᠤᠨ ᠤ ᠲᠦᠷᠦᠯ ᠵᠦᠢᠯ ᠳᠤ ᠣᠷᠣᠭᠤᠯᠵᠤ᠂ ᠲᠣᠭᠠᠴᠢᠯᠠᠭᠰᠠᠨ ᠮᠡᠷᠭᠡᠵᠢᠯ ᠢ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠡᠯ᠎ᠡ ᠭᠤᠭᠴᠤᠭ᠎ᠠ ᠳᠤ ᠥᠷᠭᠡᠨ ᠢᠶᠠᠷ ᠠᠭᠤᠰᠤᠯᠴᠠᠭᠤᠯᠵᠤ᠂ ᠲᠣᠭᠠᠴᠢᠯᠠᠭᠰᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠪᠠᠷ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠣᠳᠣᠬᠢᠴᠢᠯᠠᠯᠲᠠ ᠶᠢᠨ ᠲᠦᠪᠰᠢᠨ ᠢ ᠲᠠᠶᠢᠴᠢᠯᠠᠨ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠲᠠᠷᠢᠶᠠᠯᠠᠩ ᠮᠠᠯ ᠠᠵᠤ ᠠᠬᠤᠢ ᠶᠢᠨ ᠪᠦᠬᠦ ᠲᠠᠯ᠎ᠠ ᠪᠠᠷ ᠲᠡᠰ ᠳᠡᠪᠰᠢᠨ᠂ ᠮᠠᠯᠵᠢᠬᠤ ᠲᠠᠷᠢᠶᠠᠯᠠᠬᠤ ᠭᠠᠵᠠᠷ ᠣᠷᠣᠨ ᠤ ᠪᠦᠬᠦ ᠲᠠᠯ᠎ᠠ ᠪᠠᠷ ᠮᠠᠨᠳᠣᠵᠤ᠂ ᠮᠠᠯᠴᠢᠨ ᠲᠠᠷᠢᠶᠠᠴᠢᠨ ᠤ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠰᠠᠨ ᠾᠧ ᠮᠢᠩ ᠠᠭᠤᠷᠬᠠᠢ ᠶᠢᠨ ᠦᠢᠯᠡᠰ ᠤᠨ ᠺᠣᠮᠫᠠᠨᠢ ᠳᠤ᠂ ᠺᠣᠮᠫᠠᠨᠢ  ᠶᠢᠨ ᠬᠠᠷᠢᠭᠤᠴᠠᠯᠭᠠᠲᠠᠨ ᠠᠵᠤ ᠠᠬᠤᠶᠢᠯᠠᠯ ᠪᠣᠯᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠲᠠᠨᠢᠯᠴᠠᠭᠤᠯᠪᠠ᠃ ᠵᠢᠶᠠ ᠪᠦᠦ ᠯᠢᠶᠠᠩ ᠳᠣᠬᠠᠢ ᠶᠢᠨ ᠭᠠᠵᠠᠷ ᠤᠨ ᠰᠢᠶᠠᠩ ᠪᠠᠯᠭᠠᠰᠤ ᠠᠵᠤ ᠠᠬᠤᠶᠢᠯᠠᠯ ᠳᠤ ᠦᠢᠯᠡᠴᠢᠯᠡᠬᠦ ᠠᠵᠢᠯ ᠢ ᠰᠠᠶᠢᠲᠤᠷ ᠬᠢᠬᠦ ᠶᠢᠨ ᠬᠠᠮᠲᠤ᠂ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠵᠤ ᠠᠬᠤᠶᠢᠯᠠᠯ ᠤᠨ ᠬᠥᠭᠵᠢᠯᠲᠡ ᠶᠢ ᠲᠤᠬᠠᠶ ᠶᠢᠨ ᠭᠠᠵᠠᠷ ᠤᠨ ᠠᠵᠤ ᠦᠢᠯᠡᠰ ᠤᠨ ᠬᠥᠭᠵᠢᠯᠲᠡ ᠲᠠᠢ ᠬᠠᠷᠢᠯᠴᠠᠨ ᠵᠣᠬᠢᠴᠠᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠦᠢᠯᠡᠳᠦᠯ ᠢ ᠪᠠᠳᠠᠷᠠᠭᠤᠯᠬᠤ ᠪᠠᠷ ᠳᠠᠮᠵᠢᠭᠤᠯᠤᠨ᠂ ᠪᠠᠷᠠᠭᠠᠨ ᠤ  ᠭᠥᠢᠯᠭᠡᠭᠡ ᠲᠡᠭᠡᠭᠡᠪᠦᠷᠢ᠂ ᠬᠤᠨᠤᠭ ᠪᠠᠭᠤᠳᠠᠯ ᠬᠤᠭᠤᠯᠠ ᠤᠮᠳᠠ ᠵᠡᠷᠭᠡ ᠲᠠᠯ᠎ᠠ ᠪᠠᠷ ᠢᠵᠢ ᠪᠥᠷᠢᠳᠦᠭᠰᠡᠨ ᠠᠵᠤ ᠠᠬᠤᠶᠢᠯᠠᠯ ᠤᠨ ᠦᠢᠯᠡᠴᠢᠯᠡᠭᠡ ᠪᠠᠷ ᠳᠠᠮᠵᠢᠭᠤᠯᠤᠨ᠂ ᠠᠷᠭ᠎ᠠ ᠪᠦᠬᠦᠨ ᠢ ᠰᠦᠪᠡᠭᠴᠢᠯᠡᠨ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠶ ᠬᠡᠵᠥ ᠴᠢᠬᠤᠯᠠᠴᠢᠯᠠᠪᠠ᠃      ᠬᠤᠰᠢᠭᠤᠨ ᠤ ᠤᠳᠤᠷᠢᠳᠤᠯᠭ᠎ᠠ ᠰᠢᠶᠧ ᠳ᠋ᠠ ᠭᠠᠩ᠂ ᠳ᠋ᠠᠩ ᠰᠢᠶᠤᠤ ᠬᠤᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号