ᠵᠢᠶᠠ ᠪᠦᠦ ᠯᠢᠶᠠᠩ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/4
      7 ᠰᠠᠷ᠎ᠠ ᠶᠢᠨ 3 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢᠨ ᠬᠦᠷᠢᠶᠡᠯᠡᠩ᠂ ᠰᠠᠨᠰᠠᠷ ᠤᠨ ᠠᠶᠠᠯᠠᠯ ᠤᠨ ᠴᠠᠭ ᠦᠶ᠎ᠡ ᠶᠢᠨ ᠹᠧᠢ ᠬᠤᠩ ᠰᠢᠯᠭᠠᠨ ᠲᠤᠷᠰᠢᠬᠤ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠯᠤᠭᠤᠴᠢ ᠦᠭᠡᠢ ᠣᠶᠤᠨᠴᠢ ᠰᠢᠰᠲ᠋ᠧᠮ ᠤᠨ ᠰᠤᠳᠤᠯᠤᠨ ᠪᠣᠯᠪᠠᠰᠤᠷᠠᠭᠤᠯᠬᠤ ᠰᠠᠭᠤᠷᠢᠨ ᠭᠠᠵᠠᠷ ᠲᠤ ᠬᠦᠷᠴᠦ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃      ᠵᠢᠶᠠ ᠪᠦᠦ ᠯᠢᠶᠠᠩ ᠤᠷᠢᠳ ᠬᠤᠵᠢᠳ ᠥᠪᠥᠷ ᠮᠣᠩᠭᠤᠯ ᠤᠨ ᠪᠦᠦ ᠱᠧᠩ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠳᠠᠷᠬᠠᠨ ᠮᠤᠤᠮᠢᠩᠭᠠᠨ ᠤ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠵᠢᠯ ᠤᠨ 5 ᠲᠦᠮᠡᠨ ᠲᠣᠨ ᠤ ᠥᠨᠳᠥᠷ ᠴᠡᠪᠡᠷᠴᠡ ᠲᠠᠢ ᠥᠭᠡᠬᠦᠨ ᠴᠢᠯᠠᠭᠤᠨ ᠮᠠᠲ᠋ᠧᠷᠢᠶᠠᠯ ᠤᠨ ᠲᠦᠷᠦᠯ ᠵᠦᠢᠯ᠂ ᠶᠤᠸᠠᠨ ᠵᠢᠩ ᠳᠠᠷᠬᠠᠨ ᠮᠤᠤᠮᠢᠩᠭᠠᠨ ᠬᠤᠯᠪᠤᠭᠠᠳᠣ ᠬᠤᠰᠢᠭᠤᠨ ᠤ ᠤᠶᠤᠨᠴᠢ ᠰᠠᠯᠬᠢᠨ ᠬᠦᠴᠦᠨ ᠤ ᠮᠠᠰᠢᠨ ᠵᠢᠴᠢ ᠳᠡᠭᠡᠳᠦ ᠰᠢᠨ᠎ᠡ ᠮᠡᠷᠭᠡᠵᠢᠯ ᠤᠨ ᠤᠶᠤᠨᠴᠢᠯᠠᠭᠰᠠᠨ ᠠᠷᠠᠭᠠᠲᠤ ᠬᠦᠷᠳᠦ ᠶᠢᠨ ᠨᠡᠶᠢᠯᠡᠮᠡᠯ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠵᠦ᠂ ᠲᠦᠷᠦᠯ ᠵᠦᠢᠯ ᠤᠨ ᠬᠠᠷᠢᠭᠤᠴᠠᠯᠭᠠᠳᠠᠳ᠂ ᠪᠠᠷᠢᠯᠭ᠎ᠠ ᠶᠢᠨ ᠠᠵᠢᠯ ᠤᠨ ᠨᠢᠭᠡᠴᠡ ᠶᠢᠨ ᠬᠠᠷᠢᠭᠤᠴᠠᠯᠭᠠᠳᠠᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠦᠷᠦᠯ ᠵᠦᠢᠯ ᠤᠨ ᠲᠥᠯᠥᠪᠵᠢᠭᠦᠯᠭᠡ᠂ ᠪᠠᠷᠢᠯᠭ᠎ᠠ ᠶᠢᠨ ᠠᠵᠢᠯ ᠤᠨ ᠠᠬᠢᠴᠠ ᠂ ᠣᠷᠣᠰᠢᠵᠤ ᠪᠠᠶᠢᠭ᠎ᠠ ᠠᠰᠠᠭᠤᠳᠠᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠪᠦᠳᠦᠭᠡᠨ ᠪᠠᠶᠢᠭᠤᠯᠵᠤ ᠪᠠᠶᠢᠭ᠎ᠠ ᠪᠠᠷᠢᠯᠭ᠎ᠠ ᠵᠢᠨ‌ᠠᠵᠢᠯ ᠤᠨ ᠪᠦᠳᠦᠭᠡᠨ ᠪᠠᠶᠢᠭᠤᠯᠤᠯᠲᠠ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃ ᠵᠢᠶᠠ ᠪᠦᠦ ᠯᠢᠶᠠᠩ ᠴᠢᠬᠤᠯᠠᠴᠢᠯᠠᠭᠰᠠᠨ ᠨᠢ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠣᠯ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠠᠮᠤᠭ ᠤᠨ ᠭᠤᠤᠯᠳᠠᠯᠭ᠎ᠠ ᠮᠥᠨ᠂ ᠪᠥᠲᠥᠭᠡᠨ ᠪᠠᠶᠢᠭᠤᠯᠤᠯᠲᠠ ᠶᠢᠨ ᠬᠠᠷᠠᠯᠲᠠ᠂ ᠡᠭᠦᠷᠭᠡ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠳᠣᠳᠤᠬᠠᠶᠢᠯᠠᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠪᠥᠬᠦ ᠬᠥᠴᠥ ᠪᠥᠬᠦ ᠬᠤᠷᠳᠤᠴᠠ ᠪᠠᠷ ᠶᠠᠰᠤ ᠴᠢᠨᠠᠷ ᠢ ᠪᠠᠲᠤᠯᠠᠵᠤ᠂ ᠠᠬᠢᠴᠠ ᠶᠢ ᠠᠮᠵᠢᠨ᠂ ᠤᠬᠢ ᠶᠢ ᠡᠭᠦᠳᠴᠦ᠂ ᠡᠯ᠎ᠡ ᠵᠦᠢᠯ ᠤᠨ ᠡᠭᠦᠷᠭᠡ ᠶᠢ ᠨᠠᠷᠢᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ᠃ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠵᠤ᠂ ᠡᠯᠧᠮᠧᠨ᠋ᠲ ᠤᠨ ᠦᠢᠯᠡᠴᠢᠯᠡᠭᠡᠨ ᠤ ᠪᠠᠲᠤᠯᠠᠭ᠎ᠠ ᠶᠢ ᠪᠦᠬᠦ ᠲᠠᠯ᠎ᠠ ᠪᠠᠷ ᠰᠠᠶᠢᠲᠤᠷ ᠬᠢᠵᠦ᠂ ᠠᠵᠤ ᠠᠬᠤᠶᠢᠯᠠᠯ ᠪᠣᠯᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠨᠢᠭᠡᠳᠦᠭᠡᠷ ᠹᠷᠣᠨᠲ ᠲᠤ ᠪᠠᠶᠢᠩᠭᠤ ᠭᠦᠨᠵᠡᠭᠡᠶᠢᠷᠡᠵᠦ᠂ ᠠᠰᠠᠭᠤᠳᠠᠯ ᠢ ᠡᠮᠬᠢᠯᠡᠵᠦ ᠨᠢᠭᠡᠳᠦᠯᠲᠡᠢ ᠲᠥᠯᠥᠪᠵᠢᠭᠦᠯᠦᠨ᠂ ︽ᠰᠢᠢᠳᠪᠦᠷᠢᠯᠡᠬᠦ ᠳᠡᠶᠢᠯᠬᠦ ᠰᠡᠳᠬᠢᠬᠦᠢ︾ ᠪᠠᠷ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠦᠭᠵᠢᠷᠡᠯ᠂ ᠬᠤᠷᠢᠭ᠎ᠠ ᠴᠡᠭ ᠢ ᠨᠡᠪᠲᠡᠷᠡᠭᠦᠯᠬᠦ ᠬᠡᠷᠡᠭᠲᠡᠢ᠃ ︽ᠴᠠᠭ ᠢᠮᠠᠭᠲᠠ ᠠᠩᠬᠠᠷᠤᠯ ᠬᠠᠨᠳᠣᠭᠤᠯᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭ᠎ᠠ ᠪᠥᠭᠡᠳ ᠪᠣᠳᠠᠲᠠᠢ ᠠᠳᠬᠤᠵᠤ᠂ ᠴᠡᠪᠡᠷ ᠴᠡᠮᠴᠡᠭᠡᠷ᠂ ᠠᠮᠤᠷ ᠲᠦᠪᠰᠢᠨ ᠪᠣᠯᠪᠠᠰᠤᠨ ᠪᠠᠷᠢᠯᠭ᠎ᠠ ᠶᠢᠨ ᠠᠵᠢᠯ ᠤᠨ ᠭᠠᠵᠠᠷ ᠢ ᠴᠢᠷᠮᠠᠶᠢᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠰᠠᠶᠢᠬᠠᠨ ᠬᠤᠷᠰᠢᠯᠴᠠᠭ᠎ᠠ ᠶᠢ ᠪᠡᠶᠡᠯᠡᠭᠦᠯᠬᠦ ᠬᠡᠷᠡᠭᠲᠡᠢ᠃      ᠳᠠᠷᠠᠭ᠎ᠠ ᠨᠢ᠂ ᠵᠢᠶᠠ ᠪᠦᠦ ᠯᠢᠶᠠᠩ ᠨᠠᠷ ᠪᠠᠰᠠ ᠰᠠᠨᠰᠠᠷ ᠤᠨ ᠠᠶᠠᠯᠠᠯ ᠤᠨ ᠴᠠᠭ ᠦᠶ᠎ᠡ ᠶᠢᠨ ᠹᠸᠢ ᠬᠤᠩ ᠰᠢᠯᠭᠠᠨ ᠲᠤᠷᠰᠢᠬᠤ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠯᠣᠭᠤᠴᠢ ᠥᠬᠡᠶ ᠣᠶᠤᠨᠴᠢ ᠰᠢᠰᠲ᠋ᠧᠮ ᠤᠨ ᠰᠤᠳᠤᠯᠤᠨ ᠪᠣᠯᠪᠠᠰᠤᠷᠠᠭᠤᠯᠬᠤ ᠰᠠᠭᠤᠷᠢᠨ ᠭᠠᠵᠠᠷ ᠲᠤ ᠬᠦᠷᠴᠦ᠂ ᠬᠠᠷᠢᠭᠤᠴᠠᠯᠭᠠᠲᠠᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠬᠥᠭᠵᠢᠯᠲᠡ ᠶᠢᠨ ᠲᠥᠯᠥᠪᠵᠢᠭᠦᠯᠭᠡ ᠶᠢᠨ ᠲᠤᠬᠠᠶ ᠨᠠᠷᠢᠨ ᠲᠠᠨᠢᠯᠴᠠᠭᠤᠯᠭ᠎ᠠ ᠶᠢ  ᠬᠢᠨᠠᠮᠠᠭᠠᠶ ᠰᠣᠨᠣᠰᠪᠠ᠃ ᠵᠢᠶᠠ ᠪᠦᠦ ᠯᠢᠶᠠᠩ ᠴᠢᠬᠤᠯᠠᠴᠢᠯᠠᠭᠰᠠᠨ ᠨᠢ᠂ ᠨᠠᠮ ᠠᠭᠠᠷ ᠤᠨ ᠠᠵᠤ ᠠᠬᠤᠢ ᠨᠢ ᠴᠢᠬᠤᠯᠠ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠤᠭᠰᠠᠨ ᠤ ᠬᠤᠪᠢ ᠳᠤ᠂ ᠬᠥᠭᠵᠢᠯᠲᠡ ᠶᠢᠨ ᠢᠷᠡᠭᠡᠳᠦᠢ ᠲᠦᠢᠯ ᠤᠨ ᠥᠷᠭᠡᠨ ᠶᠤᠮ᠃ ᠰᠢᠨ᠎ᠡ ᠠᠵᠠ ᠲᠣᠬᠢᠶᠠᠯ ᠢ ᠠᠮᠵᠢᠵᠤ᠂ ᠰᠢᠨ᠎ᠡ ᠵᠠᠮ ᠡᠷᠢᠯᠬᠢᠯᠡᠨ ᠥᠷᠢᠰᠦᠯᠳᠦᠵᠦ᠂ ᠰᠢᠨ᠎ᠡ ᠵᠠᠬ᠎ᠠ ᠳᠡᠯᠭᠡᠭᠦᠷ ᠢ ᠥᠷᠭᠡᠳᠬᠡᠵᠦ᠂  ᠵᠢᠯᠤᠭᠤᠴᠢ ᠦᠭᠡᠢ ᠣᠶᠤᠨᠴᠢ ᠰᠢᠰᠲ᠋ᠧᠮ ᠤᠨ ᠰᠤᠳᠤᠯᠤᠨ ᠪᠣᠯᠪᠠᠰᠤᠷᠠᠭᠤᠯᠬᠤ ᠰᠠᠭᠤᠷᠢᠨ ᠤ ᠴᠤᠭᠯᠠᠷᠠᠯ ᠤᠨ ᠦᠢᠯᠡᠳᠦᠯ᠂ ᠴᠢᠳᠠᠪᠤᠷᠢᠲᠠᠨ ᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ᠃ ᠨᠠᠮ ᠠᠭᠠᠷ ᠤᠨ ᠠᠵᠤ ᠠᠬᠤᠶ ᠶᠢᠨ ᠠᠵᠤ ᠦᠢᠯᠡᠰ ᠤᠨ ᠬᠡᠯᠬᠢᠶ᠎ᠡ ᠥᠷᠭᠡᠨ᠂ ᠨᠥᠯᠥᠭᠡᠯᠡᠬᠦ ᠬᠡᠪᠴᠢᠶ᠎ᠡ ᠠᠭᠤᠳᠠᠮ᠂ ᠭᠥᠭᠵᠢᠭᠦᠯᠥᠯᠳᠡ ᠡᠵᠡᠩᠨᠡᠯᠲᠡ ᠪᠠ ᠬᠤᠳᠠᠯᠳᠤᠭᠠᠨ ᠤ ᠵᠠᠭᠪᠤᠷ ᠢ ᠰᠢᠨ᠎ᠡ ᠪᠠᠷ ᠡᠭᠦᠳᠴᠦ᠂ ᠰᠤᠳᠤᠯᠤᠨ ᠪᠣᠯᠪᠠᠰᠤᠷᠠᠭᠤᠯᠬᠤ᠂  ᠪᠣᠯᠪᠠᠰᠤᠷᠠᠯ ᠤᠨ ᠠᠩᠭᠢ ᠡᠷᠬᠢᠯᠡᠭᠦ᠂ ᠰᠣᠶᠣᠯ ᠰᠤᠷᠭᠠᠨ ᠬᠥᠮᠦᠵᠢᠯ ᠵᠢᠭᠤᠯᠴᠢᠯᠠᠯ ᠢ ᠨᠢᠭᠡ ᠴᠤᠭᠴᠠᠵᠢᠭᠤᠯᠤᠭᠰᠠᠨ ᠨᠠᠮ ᠠᠭᠠᠷ ᠤᠨ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠪᠣᠶ ᠪᠣᠯᠭᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠰᠢᠨ᠎ᠡ ᠳᠠᠪᠠᠭᠤᠯᠢᠭ ᠢ ᠪᠣᠶ ᠪᠣᠯᠭᠠᠬᠤ ᠬᠡᠷᠡᠭᠲᠡᠶ᠃      ᠬᠤᠰᠢᠭᠤᠨ ᠤ ᠤᠳᠤᠷᠢᠳᠤᠯᠭ᠎ᠠ ᠰᠢᠶᠧ ᠳ᠋ᠠ ᠭᠠᠩ᠂ ᠰᠢᠤᠢ ᠰᠢᠶᠠᠩ᠂ ᠳ᠋ᠦᠩ ᠺᠠᠶ᠂ ᠰᠦᠨ ᠿᠢ ᠴᠢᠩ ᠵᠢᠴᠢ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠳᠠᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号