ᠱᠢ ᠵᠥᠩ ᠴᠢᠨ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/4
      7 ᠰᠠᠷ᠎ᠠ ᠶᠢᠨ 3 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠱᠢ ᠵᠥᠩ ᠴᠢᠨ ᠬᠤᠰᠢᠭᠤᠨ ᠤ ᠵᠠᠰᠠᠭ ᠤᠨ ᠣᠷᠳᠣᠨ ᠤ 2024 ᠣᠨ ᠤ 9 ᠳ᠋ᠦ᠋ᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠰᠢ ᠶᠢᠨ ᠫᠢᠩ ᠤᠨ ᠵᠢᠭᠤᠯᠴᠢᠯᠠᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠪᠥᠬᠦ ᠤᠯᠤᠰ ᠤᠨ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ᠂ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 11ᠳ᠋ᠥ᠋ᠭᠡᠷ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠵᠢᠭᠤᠯᠴᠢᠯᠠᠯ ᠤᠨ ᠨᠠᠶᠢᠷ ᠵᠢᠴᠢ 34 ᠳ᠋ᠥ᠋ᠭᠡᠷ ᠬᠤᠭᠤᠴᠠᠭᠠᠨ ᠤ ᠨᠠᠭᠠᠳᠤᠮ ᠤᠨ ᠶᠡᠭᠡ ᠬᠤᠷᠠᠯ ᠤᠨ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠰᠣᠶᠣᠯ ᠢᠶᠠᠷ ᠵᠢᠭᠤᠯᠴᠢᠯᠠᠯ ᠢ ᠱᠤᠭᠤᠬᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠬᠦ ᠶᠢ ᠪᠠᠷᠢᠮᠲᠠᠯᠠᠵᠤ᠂ ᠲᠠᠯ᠎ᠠ ᠨᠤᠲᠤᠭ ᠤᠨ ᠰᠣᠶᠣᠯ ᠵᠢᠭᠤᠯᠴᠢᠯᠠᠯ ᠤᠨ ᠨᠠᠶᠢᠷ᠂ ᠨᠠᠭᠠᠳᠤᠮ ᠤᠨ ᠶᠡᠭᠡ ᠬᠤᠷᠠᠯ᠂ ᠮᠣᠷᠢᠨ ᠤᠷᠤᠯᠳᠤᠭᠠᠨ ᠤ ︽ᠬᠥᠳᠡᠭᠡ ᠲᠣᠰᠬᠤᠨ ᠤ ᠬᠡᠳᠥ ᠳᠡᠰ ᠤᠨ ᠬᠤᠯᠪᠤᠭᠠᠳᠤ ᠤᠷᠤᠯᠳᠤᠭᠠᠨ︾ ᠵᠡᠷᠭᠡ ᠰᠣᠳᠣᠨ ᠠᠵᠢᠯᠯᠠᠭ᠎ᠠ ᠶᠢ ᠯᠠᠪᠳᠠᠭᠤᠨ ᠪᠠᠲᠤᠲᠠᠶ ᠰᠠᠶᠢᠲᠤᠷ ᠡᠷᠭᠢᠯᠡᠵᠦ᠂ ︽ᠳᠠᠭᠤᠤ ᠰᠢᠯᠦᠭ ᠤᠨ ᠲᠠᠯ᠎ᠠ ᠨᠤᠲᠤᠭ᠂ ᠪᠠᠭᠠᠳᠤᠷᠯᠢᠭ ᠳᠠᠷᠬᠠᠨ ᠮᠤᠤᠮᠢᠩᠭᠠᠨ︾᠂  ︽ᠤᠮᠠᠷᠠᠳᠤ ᠶᠢᠨ ᠠᠶᠠᠯᠠᠯ᠂ ᠦᠵᠡᠰᠭᠦᠯᠡᠩᠳᠥ ᠳᠠᠷᠬᠠᠨ ᠮᠤᠤᠮᠢᠩᠭᠠᠨ︾  ᠂ ︽ᠬᠠᠶᠢᠷ᠎ᠠ ᠶᠢᠨ ᠲᠠᠯ᠎ᠠ ᠨᠤᠲᠤᠭ ᠳᠠᠷᠬᠠᠨ ᠮᠤᠤᠮᠢᠩᠭᠠᠨ ᠳᠤ ᠪᠤᠢ︾ ᠵᠡᠷᠭᠡ ᠨᠠᠭᠠᠳᠤᠮ ᠤᠨ ᠨᠡᠷᠡᠲᠦ ᠲᠡᠮᠳᠡᠭ ᠢ ᠡᠭᠦᠳᠴᠦ᠂ ᠮᠠᠨ ᠤ ᠬᠤᠰᠢᠭᠤ ᠪᠠᠨ ᠤᠯᠤᠰ ᠤᠨ ᠳᠣᠲᠣᠭᠠᠳᠤ ᠳᠤ ᠠᠯᠳᠠᠷᠲᠠᠶ ᠲᠠᠯ᠎ᠠ ᠨᠤᠲᠤᠭ ᠤᠨ ᠠᠮᠢ ᠠᠬᠤᠶ ᠶᠢᠨ ᠵᠢᠭᠤᠯᠴᠢᠯᠠᠯ ᠤᠨ ᠵᠣᠷᠢᠭᠰᠠᠨ ᠭᠠᠵᠠᠷ ᠪᠣᠯᠭᠠᠬᠤ ᠪᠠᠷ ᠴᠢᠷᠮᠠᠶᠢᠬᠤ ᠬᠡᠷᠡᠭᠲᠡᠶ ᠭᠡᠵᠡᠶ᠃      ᠬᠤᠷᠠᠯ ᠠᠴᠠ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠤᠯᠤᠰ ᠤᠨ ᠴᠢᠬᠤᠯᠠ ᠡᠨᠧᠷᠭᠢ ᠪᠣᠯᠤᠨ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ᠂ ᠤᠯᠤᠰ ᠤᠨ  ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠴᠢᠬᠤᠯᠠ ᠰᠠᠭᠤᠷᠢᠨ᠂ ᠮᠠᠨ ᠤ ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠲᠡ ᠶᠢ ᠪᠥᠳᠥᠭᠡᠨ ᠪᠠᠶᠢᠭᠤᠯᠬᠤ ᠶᠢᠨ ᠭᠤᠣᠯᠳᠠᠯᠭ᠎ᠠ ᠲᠠᠢ ᠡᠭᠦᠷᠭᠡ ᠶᠢ ᠬᠡᠷᠡᠭᠵᠢᠭᠦᠯᠬᠦ ᠲᠥᠰᠦᠯ ᠢ ᠬᠢᠨᠠᠨ ᠵᠥᠪᠯᠡᠵᠦ᠂ ᠳᠠᠷᠠ ᠳᠠᠷᠤᠢ ᠬᠥᠳᠡᠯᠦᠯᠴᠡᠵᠦ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠡᠯ᠎ᠡ ᠵᠦᠢᠯ ᠤᠨ ᠠᠵᠢᠯ ᠢᠶᠠᠨ ᠴᠢᠨᠠᠷᠳᠠᠢ ᠪᠥᠭᠡᠳ‌‍ᠲ᠋ᠦ᠋ᠷᠭᠡᠨ ᠬᠢᠬᠦ ᠶᠢ ᠠᠬᠢᠭᠤᠯᠵᠤ᠂ ᠠᠯᠢ ᠲᠦᠷᠭᠡᠨ ᠢᠶᠠᠷ ᠪᠣᠳᠠᠳᠣ ᠠᠬᠢᠴᠠ ᠪᠣᠯᠤᠨ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠥᠬᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠷᠠᠳ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠭᠥᠢᠴᠡᠳᠬᠡᠭᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠳᠥᠯᠭᠢᠨ ᠠᠬᠢᠭᠤᠯᠬᠤ ᠵᠡᠷᠭᠡ ᠠᠵᠢᠯ ᠳᠤ ᠲᠣᠬᠢᠷᠠᠭᠤᠯᠤᠯᠲᠠ ᠬᠢᠵᠦ᠂ ᠪᠥᠬᠦ ᠬᠦᠴᠦᠨ ᠢᠶᠠᠷ ᠢᠶᠠᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠳᠠᠯᠳᠠ ᠬᠦᠴᠦᠨ ᠢ ᠦᠷᠭᠦᠯᠵᠢᠯᠡᠨ ᠠᠭᠤᠳᠠᠯᠤᠨ ᠦᠷ᠎ᠡ ᠠᠰᠢᠭ ᠢ ᠨᠡᠮᠡᠭᠳᠡᠭᠦᠯᠵᠦ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠂ ᠠᠵᠤ ᠠᠬᠤᠶ ᠶᠢᠨ ᠠᠵᠢᠯᠯᠠᠭᠠᠨ ᠤ ᠴᠠᠭ ᠪᠠ ᠡᠭᠦᠷᠭᠡ ᠶᠢᠨ ᠵᠡᠷᠭᠡᠪᠡᠷ ᠶᠠᠪᠤᠭᠳᠠᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠰᠠᠶᠢᠲᠤᠷ ᠡᠷᠬᠢᠯᠡᠬᠦ ᠶᠢ ᠴᠢᠬᠤᠯᠠᠴᠢᠯᠠᠵᠤ᠂ ︽ᠭᠤᠷᠪᠠ ᠶᠢ ᠠᠭᠤᠯᠵᠠᠭᠤᠯᠬᠤ︾ ᠲᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠳᠤ ᠬᠠᠷᠢᠭᠤ ᠳᠣᠰᠬᠠᠯ ᠥᠭᠴᠦ᠂ ᠨᠠᠶᠢᠳᠠᠪᠤᠷᠢᠵᠢᠭᠤᠯᠤᠯᠳᠠ ᠲᠠᠢ ᠪᠠᠶᠢᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠲᠤᠬᠢᠷᠠᠭᠤᠯᠭ᠎ᠠ ᠶᠢ ᠴᠢᠩᠭᠠᠳᠬᠠᠵᠤ᠂ ᠠᠬᠢᠴᠠ ᠶᠢ ᠠᠳᠬᠤᠵᠤ᠂ ᠱᠠᠯᠠᠪᠳᠠᠭᠤᠯᠤᠨ ᠪᠠᠶᠢᠴᠠᠭᠠᠬᠤ ᠶᠢ ᠪᠠᠳᠣᠯᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠬᠤ ᠬᠡᠷᠡᠭᠲᠡᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号