6 ᠰᠠᠷ᠎ᠠ ᠶᠢᠨ 1 ᠤ ᠡᠳᠦᠷ ᠠᠴᠠ ᠡᠬᠢᠯᠡᠨ ᠰᠠᠭᠤᠭᠠᠯᠢ ᠠᠷᠠᠳ ᠤᠨ ᠬᠡᠷᠡᠭᠯᠡᠬᠦ ᠴᠠᠬᠢᠯᠭᠠᠨ ᠤ ᠦᠨ᠎ᠡ ᠶᠢ ᠥᠰᠬᠡᠨ᠎ᠡ ᠭᠡᠨ᠎ᠡ ᠤᠤ︖
ᠨᠡᠶᠢᠲᠡᠯᠡᠭᠰᠡᠨ ᠴᠠᠭ᠄
2024/7/4
      ᠠᠷᠠᠳ ᠤᠨ ᠰᠦᠯᠵᠢᠶ᠎ᠡ ᠶᠢᠨ 16 ᠤ ᠡᠳᠦᠷ ᠤᠨ ᠮᠡᠳᠡᠭᠡ᠄ ᠣᠶᠢᠷ᠎ᠠ ᠳᠤ ᠵᠠᠷᠢᠮ ᠮᠡᠳᠡᠭᠡ ᠳᠤ ᠬᠡᠯᠡᠬᠦ ᠳᠡᠭᠡᠨ᠂ 6 ᠰᠠᠷ᠎ᠠ ᠶᠢᠨ 1 ᠤ ᠡᠳᠦᠷ ᠠᠴᠠ ᠡᠬᠢᠯᠡᠨ ᠴᠠᠬᠢᠯᠭᠠᠨ ᠬᠡᠷᠡᠭᠯᠡᠬᠦ ᠦᠨ᠎ᠡ ᠬᠠᠨᠭ᠍ᠰᠢ ᠶᠢ ᠦᠡᠭᠭᠡᠷᠡᠭᠰᠡᠨ ᠤ ᠠᠷᠭ᠎ᠠ ᠪᠠᠷ ᠪᠤᠳᠤᠬᠤ ᠶᠢ ᠥᠭᠡᠷᠡᠴᠢᠯᠡᠨ ᠱᠠᠳᠤ ᠦᠶ᠎ᠡ ᠬᠤᠪᠢᠶᠠᠨ ᠪᠤᠳᠤᠬᠤ ᠪᠥᠭᠡᠳ ᠴᠠᠬᠢᠯᠭᠠᠨ ᠤ ᠰᠦᠢᠳᠬᠡᠯ ᠤᠨ ᠦᠨ᠎ᠡ ᠶᠢ ᠴᠦ ᠦᠰᠬᠡᠬᠦ ᠭᠡᠵᠦ ᠪᠠᠶᠢᠨ᠎ᠠ ᠭᠡᠪᠡ᠃ ᠡᠨᠡᠬᠦ ᠮᠡᠳᠡᠭᠡ ᠶᠢᠨ ᠲᠤᠬᠠᠢ ᠤᠯᠤᠰ ᠤᠨ ᠴᠠᠬᠢᠯᠭᠠᠨ ᠲᠣᠣᠷ ᠤᠨ ᠬᠤᠪᠧᠢ ᠮᠤᠵᠢ ᠶᠢᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ ᠶᠢᠨ ᠠᠵᠢᠯᠲᠠᠳ ᠬᠤᠯᠪᠣᠭᠳᠠᠯ ᠪᠦᠬᠦᠢ ᠡᠶᠢᠮᠦ ᠮᠡᠳᠡᠭᠳᠡᠯ ᠢ ᠣᠯᠣᠭᠰᠠᠨ ᠦᠭᠡᠢ ᠭᠡᠵᠦ ᠬᠡᠯᠡᠵᠡᠢ᠃ ᠡᠭᠦᠨ ᠠᠴᠠ ᠡᠮᠦᠨ᠎ᠡ᠂ ᠰᠧᠴᠤᠸᠠᠨ᠂ ᠵᠢᠶᠠᠩᠰᠤ ᠵᠡᠷᠭᠡ ᠭᠠᠵᠠᠷ ᠲᠤ ᠪᠠᠰᠠ ︽ᠰᠠᠭᠤᠭᠠᠯᠢ ᠠᠷᠠᠳ ᠤᠨ ᠴᠠᠬᠢᠯᠭᠠᠨ ᠬᠡᠷᠡᠭᠯᠡᠬᠦ ᠦᠨ᠎ᠡ ᠬᠠᠨᠭ᠍ᠰᠢ ᠶᠢ ᠦᠡᠭᠭᠡᠷᠡᠭᠰᠡᠨ ᠤ ᠠᠷᠭ᠎ᠠ ᠪᠠᠷ ᠪᠤᠳᠤᠬᠤ ᠶᠢ ᠥᠭᠡᠷᠡᠴᠢᠯᠡᠨ ᠱᠠᠳᠤ ᠦᠶ᠎ᠡ ᠬᠤᠪᠢᠶᠠᠨ ᠪᠤᠳᠤᠬᠤ ᠭᠡᠵᠦ ᠪᠠᠶᠢᠨ᠎ᠠ︾ ᠭᠡᠰᠡᠨ ᠬᠤᠯᠪᠣᠭᠳᠠᠯ ᠪᠦᠬᠦᠢ ᠮᠡᠳᠡᠭᠡ ᠵᠠᠩᠭᠢ ᠲᠠᠮᠵᠢᠭᠳᠠᠵᠦ ᠪᠠᠶᠢᠪᠠ᠂ ᠠᠯᠪᠠᠨ ᠤ ᠲᠠᠯ᠎ᠠ ᠶᠢᠨ ᠬᠢᠨ ᠡᠳᠡᠭᠡᠷ ᠴᠤᠤᠷᠬᠠᠯ ᠢ ᠴᠦᠮ ᠨᠢᠴᠤᠭᠠᠵᠠᠢ᠃
 
ᠢᠷᠡᠯᠲᠡ᠄ ᠠᠷᠡᠳ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号