ᠰᠥᠨᠢ ᠣᠷᠣᠢ ᠬᠡᠳᠦ ᠢᠳᠡᠬᠦ ᠨᠢ ᠪᠡᠶ᠎ᠡ ᠳᠤ ᠶᠠᠮᠠᠷ ᠨᠥᠯᠥᠭᠡ ᠲᠠᠢ ᠪᠣᠯ︖
ᠨᠡᠶᠢᠲᠡᠯᠡᠭᠰᠡᠨ ᠴᠠᠭ᠄
2024/7/4
      ᠶᠡᠷᠦᠨᠢ ᠭᠡᠨᠡᠳᠲᠡ ᠶᠢᠨ ᠦᠬᠦᠯ ᠤᠨ ᠣᠯᠠᠩᠬᠢ ᠨᠢ ᠵᠢᠷᠦᠬᠡᠨ ᠠᠴᠠ  ᠰᠢᠯᠲᠠᠭᠠᠯᠠᠳᠠᠭ᠃ ᠪᠡᠭᠡᠵᠢᠩ ᠤᠨ ᠠᠨ  ᠵᠧᠨ ᠡᠮᠨᠡᠯᠭᠡ ᠶᠢᠨ ᠬᠤᠷᠢᠶᠠᠨ ᠤ ᠪᠠᠴᠢᠮ  ᠡᠮᠨᠡᠯᠭᠡ ᠶᠢᠨ ᠬᠦᠨᠳᠦ ᠡᠪᠡᠳᠴᠢᠨ ᠤ ᠲᠥᠪ ᠤᠨ ᠳᠡᠳ᠋ ᠡᠷᠬᠢᠯᠡᠭᠴᠢ᠂ ᠡᠮᠴᠢ  ᠾᠧ  ᠰᠢᠶᠣᠣ ᠨᠠᠨ ᠢᠯᠡᠷᠬᠡᠶᠢᠯᠡᠬᠦ ᠳᠡᠭᠡᠨ᠂ 8  ᠴᠠᠭ ᠢᠶᠠᠷ  ᠤᠳᠠᠭᠠᠨ ᠰᠠᠭᠤᠪᠠᠯ  ᠭᠡᠨᠡᠳᠲᠡ ᠶᠢᠨ ᠦᠬᠦᠯ ᠤᠨ ᠲᠦᠭᠰᠢᠭᠦᠷᠢ ᠶᠢ ᠦᠨᠡᠬᠡᠷ ᠨᠡᠮᠡᠭᠳᠡᠭᠦᠯᠬᠦ ᠪᠣᠯᠣᠨ᠎ᠠ ᠭᠡᠵᠡᠢ᠃                                ᠤᠳᠠᠭᠠᠨ ᠰᠠᠭᠤᠪᠠᠯ  ᠴᠢᠰᠤᠨ ᠤ ᠡᠷᠬᠢᠯᠳᠡ ᠶᠢ ᠤᠳᠠᠭᠠᠰᠢᠷᠠᠭᠤᠯᠵᠤ᠂ ᠴᠢᠰᠦ ᠶᠢ ᠦᠳᠬᠡᠷᠡᠬᠦᠯᠳᠡᠭ᠃ ᠳᠣᠣᠷ᠎ᠠ ᠪᠡᠶ᠎ᠡ ᠶᠢᠨ ᠦᠳᠬᠡᠷᠡᠭᠰᠡᠨ ᠴᠢᠰᠦ ᠵᠢᠷᠦᠬᠡ ᠪᠤᠶᠤ  ᠠᠭᠤᠰᠬᠢᠨ ᠤ ᠴᠢᠰᠤᠨ ᠰᠤᠳᠠᠯ ᠳᠤ ᠬᠦᠷᠴᠦ᠂ ᠠᠭᠤᠰᠬᠢᠨ ᠤ ᠴᠢᠰᠤᠨ ᠰᠤᠳᠠᠯ ᠪᠥᠭᠯᠡᠷᠡᠨ᠎ᠡ︔ ᠵᠢᠷᠦᠬᠡ᠂ ᠠᠭᠤᠰᠬᠢ ᠤᠶᠢᠷᠠᠬᠠᠨ ᠪᠠᠶᠢᠳᠠᠭ ᠪᠤᠯᠬᠤᠷ ᠠᠭᠤᠰᠬᠢᠨ ᠤ  ᠴᠢᠰᠤᠨ ᠰᠤᠳᠠᠯ ᠪᠥᠭᠯᠡᠷᠡᠭᠰᠡᠨ ᠠᠴᠠ ᠪᠤᠯᠵᠦ ᠵᠢᠷᠦᠬᠡᠨ ᠤ ᠠᠵᠢᠯᠯᠠᠭ᠎ᠠ ᠶᠢ ᠬᠦᠨᠳᠦ ᠨᠣᠴᠢᠲᠠᠢ ᠨᠥᠯᠥᠭᠡᠯᠡᠨ᠎ᠡ᠃ ᠵᠢᠷᠦᠬᠡᠨ ᠤ ᠠᠵᠢᠯᠯᠠᠭ᠎ᠠ ᠮᠠᠭᠤᠳᠠᠬᠤ  ᠦᠶ᠎ᠡ ᠳᠤ  ᠵᠢᠷᠦᠬᠡᠨ ᠤ ᠳᠤᠷᠤᠶᠢᠳᠠᠯ ᠤᠨ ᠳᠤᠬᠢᠶᠠᠯᠳᠤᠯ ᠪᠤᠯᠳᠠᠭ ᠶᠤᠮ᠃                                ᠤᠳᠠᠭᠠᠨ ᠰᠠᠭᠤᠬᠤ ᠦᠶ᠎ᠡ ᠶᠠᠭᠠᠬᠢᠪᠠᠯ ᠵᠣᠬᠢᠬᠤ ᠪᠤᠢ ᠬᠡᠪᠡᠯ᠂ ᠨᠢᠭᠡ ᠳᠤ᠂ ᠬᠥᠯ ᠤᠨ ᠬᠤᠷᠤᠭᠤ ᠪᠠᠨ 20 ᠰᠺᠦ᠋ᠨ᠋ᠳ᠋ ᠡᠷᠬᠦᠨ᠎ᠠ︔ ᠬᠤᠶᠠᠷ ᠲᠤ᠂ ᠪᠣᠷᠪᠢ ᠪᠠᠨ  ᠡᠷᠭᠦᠵᠦ᠂ 20 ᠰᠺᠦ᠋ᠨ᠋ᠳ᠋ ᠪᠠᠷᠢᠮᠲᠠᠯᠠᠨ᠎ᠠ᠃                                ᠡᠬᠦᠨ ᠠᠴᠠ ᠭᠠᠳᠠᠨ᠎ᠠ ᠰᠦᠨᠢ ᠣᠷᠣᠢ ᠶᠠᠭᠤᠮ᠎ᠠ ᠢᠳᠡᠬᠦ ᠨᠢ ᠪᠡᠶ᠎ᠡ ᠳᠤ ᠮᠠᠰᠢ ᠮᠠᠭᠤ  ᠶᠤᠮ᠃ ᠾᠧ ᠰᠢᠶᠣᠣ ᠨᠠᠨ ᠡᠮᠴᠢ ᠶᠢᠨ ᠲᠠᠶᠢᠯᠪᠤᠷᠢᠯᠠᠭᠰᠠᠨ ᠢᠶᠠᠷ᠂  ᠰᠥᠨᠢ ᠶᠢᠨ ᠬᠤᠭᠤᠯᠠᠨ ᠳᠤ ᠠᠮᠢᠲᠠᠨ ᠤ ᠳᠣᠲᠣᠷ ᠡᠷᠬᠡᠲᠡᠨ᠂  ᠯᠣᠬᠠᠱᠧᠩ᠂ ᠮᠢᠬᠠᠨ ᠤ ᠵᠦᠢᠯ ᠵᠡᠷᠭᠡ ᠥᠭᠡᠬᠦ ᠶᠡᠬᠡᠲᠡᠢ᠂ ᠰᠥᠰᠥᠨ ᠤ ᠭᠤᠨᠠᠨ ᠠᠯᠺᠣᠣᠯ ᠤᠨ  ᠠᠭᠤᠯᠤᠭᠳᠠᠴᠠ ᠶᠡᠬᠡᠲᠡᠢ ᠢᠳᠡᠭᠡᠨ ᠢ ᠶᠡᠭᠡ ᠬᠡᠮᠵᠢᠶ᠎ᠡ ᠪᠠᠷ ᠢᠳᠡᠪᠡᠯ᠂ ᠴᠢᠰᠤᠨ ᠤ ᠥᠭᠡᠬᠦ ᠳᠣᠰᠣ ᠨᠡᠮᠡᠭᠳᠡᠬᠦ ᠪᠣᠯᠣᠨ᠎ᠠ᠃ ᠢᠩᠬᠢᠬᠡᠳ ᠵᠢᠷᠦᠬᠡᠨ ᠲᠢᠲᠢᠮ ᠤᠨ  ᠡᠪᠡᠳᠴᠢᠨ᠂ ᠵᠢᠷᠦᠬᠡ ᠪᠠᠵᠠᠯᠠᠨ ᠡᠪᠡᠳᠬᠦ᠂ ᠴᠢᠨᠠᠭᠰᠢᠯᠠᠪᠠᠯ ᠵᠢᠷᠦᠬᠡᠨ ᠪᠤᠯᠴᠢᠩ ᠤᠨ ᠲᠦᠭᠵᠢᠷᠡᠯ ᠡᠭᠦᠰᠬᠦ ᠠᠶᠤᠯ ᠢ ᠨᠡᠮᠡᠭᠳᠡᠭᠦᠯᠬᠦ ᠶᠤᠮ ᠪᠠᠶᠢᠨ᠎ᠠ᠃
 
ᠢᠷᠡᠯᠲᠡ᠄ ᠠᠷᠡᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号