ᠵᠢᠶᠠ ᠪᠦᠦ ᠯᠢᠶᠠᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ  ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/5
      7 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ 137 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠥᠬᠡᠨᠠᠭᠤᠷ᠂ ᠨᠢᠩᠰᠢᠶᠠ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠲᠦᠷᠦ ᠶᠢᠨ ᠠᠵᠢᠯ ᠤᠨ ᠬᠤᠷᠠᠯ᠂ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠬᠤᠷᠠᠯ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠬᠢᠭᠦᠯᠥᠨ ᠱᠠᠩᠨᠠᠬᠤ ᠶᠡᠭᠡ ᠬᠤᠷᠠᠯ᠂ ᠬᠤᠶᠠᠷ ᠬᠦᠷᠢᠶᠡᠯᠡᠩ ᠤᠨ ᠠᠺᠠᠳᠧᠮᠢᠴᠢ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ 6 ᠰᠠᠷ᠎ᠠ ᠶᠢᠨ 27 ᠤ ᠡᠳᠦᠷ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠪᠣᠯᠤᠨ ᠬᠤᠷᠢᠳᠤᠭᠠᠷ ᠬᠤᠭᠤᠴᠠᠭᠠᠨ ᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠨᠤᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠤᠨᠤᠯ ᠤᠨ ᠰᠠᠭᠤᠷᠢ ᠶᠢ ᠪᠠᠬᠢᠵᠡᠭᠦᠯᠵᠥ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠰᠤᠷᠤᠯᠴᠠᠨ  ᠣᠶᠢᠯᠭᠠᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠦᠭᠡᠯᠡᠵᠦ᠂ ᠦᠵᠡᠯᠲᠡ ᠪᠠᠨ ᠬᠤᠪᠢᠷᠠᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠪᠣᠳᠠᠲᠠᠢ ᠠᠳᠬᠤᠵᠤ ᠰᠠᠶᠢᠲᠤᠷ ᠬᠢᠭᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠮᠠᠨ ᠤ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯᠲᠠ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠭᠡᠬᠦ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠡᠷᠭᠡᠶᠢᠯᠡᠨ ᠰᠢᠢᠳᠪᠦᠷᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠳᠤ ᠣᠷᠣᠰᠢᠵᠤ ᠪᠠᠶᠢᠭ᠎ᠠ ᠠᠶᠤᠯ ᠲᠦᠭᠰᠢᠭᠦᠷᠢ ᠶᠢᠨ ᠳᠠᠯᠳᠠ ᠬᠡᠮ᠂ 12345 ᠬᠠᠯᠠᠮᠰᠢᠯ ᠤᠲᠠᠰᠤ ᠶᠢ ᠰᠢᠢᠳᠪᠦᠷᠢᠯᠡᠭᠰᠡᠨ ᠪᠠᠶᠢᠳᠠᠯ ᠵᠢᠴᠢ ᠭᠤᠤᠯᠳᠠᠯᠭ᠎ᠠ ᠲᠠᠢ ᠬᠥᠴᠢᠷ ᠬᠠᠯᠠᠮᠰᠢᠯ ᠠᠰᠠᠭᠤᠳᠠᠯ ᠢ ᠵᠠᠳᠠᠯᠤᠨ ᠰᠤᠳᠤᠯᠵᠤ ᠮᠠᠭᠠᠳᠯᠠᠬᠤ ᠵᠢᠴᠢ ᠭᠠᠩ ᠬᠠᠭᠰᠠᠷᠠᠭᠠᠨ ᠲᠠᠢ ᠳᠡᠮᠡᠴᠡᠵᠥ ᠪᠠᠴᠢᠮ ᠪᠠᠶᠢᠳᠠᠯ ᠢ ᠠᠷᠭᠠᠴᠠᠬᠤ ᠪᠠ ᠠᠶᠤᠯᠭᠦᠶ ᠦᠢᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠴᠠᠭ ᠪᠠ ᠪᠠᠶᠢᠳᠠᠯ᠂ ᠠᠶᠤᠯ ᠲᠦᠭᠰᠢᠭᠦᠷᠢ ᠪᠠ ᠠᠵᠠ ᠲᠣᠬᠢᠶᠠᠯ ᠢ ᠴᠠᠭ ᠲᠤᠬᠠᠶ ᠳᠤᠨᠢ ᠠᠵᠢᠭᠯᠠᠵᠤ᠂ ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠲᠠᠨᠢᠵᠤ ᠬᠤᠪᠢᠷᠠᠯᠲᠠ ᠶᠢ ᠠᠷᠭᠠᠴᠠᠵᠤ᠂ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠵᠥ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠦᠷᠦ ᠶᠢᠨ ᠪᠤᠳᠤᠯᠭ᠎ᠠ ᠶᠢ ᠨᠠᠷᠢᠯᠢᠭ ᠣᠨᠤᠪᠴᠢᠳᠠᠢ ᠬᠡᠷᠡᠭᠵᠢᠭᠦᠯᠬᠦ ᠶᠢ ᠴᠢᠩᠭᠠᠳᠬᠠᠵᠤ᠂ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠳᠤ ᠰᠡᠳᠬᠢᠯ ᠳᠠᠯᠪᠢᠵᠥ᠂ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠵᠦ᠂ ᠠᠷᠠᠳ ᠤᠯᠠᠨ ᠤ ᠵᠣᠯ ᠵᠢᠷᠭᠠᠯᠲᠤ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ︽ᠴᠠᠭ ᠢᠮᠠᠭᠲᠠ ᠠᠩᠬᠠᠷᠤᠯ ᠢᠶᠠᠨ ᠬᠠᠨᠳᠤᠭᠤᠯᠬᠤ︾ ᠬᠠᠷᠢᠭᠤᠴᠠᠯᠭᠠᠲᠤ ᠰᠡᠳᠬᠢᠯᠭᠡ ᠪᠠᠷ ᠭᠠᠩ ᠬᠠᠭᠰᠠᠷᠠᠭᠠᠨ ᠲᠠᠢ ᠲᠡᠮᠡᠴᠡᠵᠦ ᠪᠠᠴᠢᠮ ᠪᠠᠶᠢᠳᠠᠯ ᠢ ᠠᠷᠭᠠᠴᠠᠬᠤ᠂ ᠠᠶᠤᠯᠭᠦᠢ ᠦᠢᠯᠡᠳᠪᠦᠷᠢᠯᠡᠯ ᠤᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠴᠢᠩᠭ᠎ᠠ ᠪᠣᠳᠠᠲᠠᠢ ᠰᠠᠶᠢᠲᠤᠷ ᠬᠢᠬᠦ ᠬᠡᠷᠡᠭᠲᠡᠢ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠢ ᠰᠤᠷᠲᠠᠯ ᠢᠶᠠᠷ ᠡᠯ᠎ᠡ ᠲᠦᠷᠦᠯ ᠤᠨ ᠵᠥᠷᠢᠴᠡᠯ ᠵᠢᠭᠤᠷᠠᠯᠳᠤᠭᠠᠨ ᠤ ᠠᠰᠠᠭᠤᠳᠠᠯ ᠵᠢᠴᠢ ᠳᠠᠯᠳᠠ ᠠᠶᠤᠯ ᠲᠦᠭᠰᠢᠭᠦᠷᠢ ᠶᠢᠨ ᠭᠡᠮ ᠰᠣᠭᠤᠭ ᠢ ᠴᠠᠭ ᠲᠤᠬᠠᠢ ᠳᠤᠨᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ  ᠭᠡᠵᠦ ᠴᠢᠬᠤᠯᠠᠴᠢᠯᠠᠪᠠ᠃      ᠬᠤᠷᠠᠯ ᠠᠴᠠ ᠨᠠᠭᠠᠳᠤᠮ ᠤᠨ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 11ᠳ᠋ᠥ᠋ᠭᠡᠷ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠵᠢᠭᠤᠯᠴᠢᠯᠠᠯ ᠤᠨ ᠨᠠᠶᠢᠷ ᠵᠢᠴᠢ 34 ᠳ᠋ᠥ᠋ᠭᠡᠷ ᠬᠤᠭᠤᠴᠠᠭᠠᠨ ᠤ ᠨᠠᠭᠠᠳᠤᠮ ᠤᠨ ᠬᠤᠷᠠᠯ ᠤᠨ ᠬᠡᠷᠡᠭᠵᠢᠭᠦᠯᠬᠦ ᠲᠥᠰᠦᠯ︾ ᠢ ᠰᠤᠳᠤᠯᠤᠨ ᠬᠢᠨᠠᠨ ᠵᠥᠪᠯᠡᠵᠦ᠂ ᠮᠠᠨ ᠤ ᠬᠤᠰᠢᠭᠤᠨ ᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ  ᠪᠠᠳᠠᠷᠠᠭᠤᠯᠤᠨ᠂ ᠰᠠᠶᠢᠲᠤᠷ ᠠᠰᠢᠭᠯᠠᠵᠤ᠂ ᠲᠣᠰ ᠤᠳᠠᠭᠠᠨ ᠤ ᠨᠠᠭᠠᠳᠤᠮ ᠤᠨ ᠶᠡᠭᠡ ᠬᠤᠷᠠᠯ ᠢ ᠥᠪᠡᠷᠮᠢᠴᠡ ᠣᠨᠴᠠᠯᠢᠭ ᠲᠠᠢ᠂ ᠬᠢᠯᠠᠰ ᠴᠡᠭ ᠲᠠᠢ᠂ ᠰᠢᠨ᠎ᠡ ᠰᠠᠨᠠᠭᠠᠴᠢᠯᠭ᠎ᠠ ᠲᠠᠢ ᠡᠷᠭᠢᠯᠡᠵᠦ᠂ ᠳᠠᠷᠬᠠᠨ ᠮᠤᠤᠮᠢᠩᠭᠠᠨ ᠤ ᠰᠣᠶᠣᠯ ᠤᠨ ᠨᠠᠷᠠᠲᠤ ᠲᠡᠮᠳᠡᠭᠲᠦ ᠶᠢ ᠤᠯᠠᠮ ᠨᠢᠭᠡ ᠠᠯᠬᠤᠮ ᠨᠡᠭᠡᠭᠡᠵᠦ᠂ ᠮᠠᠨ ᠤ ᠬᠤᠰᠢᠭᠤᠨ ᠤ ᠨᠡᠷ᠎ᠡ ᠠᠯᠳᠠᠷᠰᠢᠯ ᠢ ᠳᠡᠭᠡᠰᠢᠯᠡᠭᠦᠯᠵᠥ᠂ ᠡᠷᠬᠢᠨ ᠲᠣᠭᠤᠷᠢᠨ ᠤ ᠭᠠᠵᠠᠷ ᠣᠷᠣᠨ ᠤ ᠤᠨᠴᠠᠯᠢᠬᠳᠤ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢᠨ ᠲᠡᠷᠢᠭᠦᠨ ᠤ ᠲᠤᠷᠰᠢᠯᠭ᠎ᠠ ᠶᠢ ᠦᠨᠡᠨᠬᠦ ᠰᠤᠷᠤᠯᠴᠠᠵᠤ᠂ ᠲᠤᠰ ᠤᠳᠠᠭᠠᠨ ᠤ ᠶᠡᠭᠡ ᠬᠤᠷᠠᠯ ᠤᠨ ᠡᠯ᠎ᠡ ᠵᠦᠢᠯ ᠤᠨ ᠬᠤᠯᠪᠣᠭᠳᠠᠯ ᠪᠦᠬᠦᠢ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠵᠤᠭᠠᠴᠠᠭᠰᠠᠳ ᠲᠤ ᠨᠡᠩ ᠪᠠᠶᠠᠯᠢᠭ ᠪᠥᠭᠡᠳ ᠭᠤᠶᠢᠳᠠ ᠰᠠᠶᠢᠬᠠᠨ ᠵᠤᠭᠠᠴᠠᠨ ᠨᠠᠭᠠᠳᠬᠤ ᠳᠥᠷᠥᠭᠳᠡᠯ ᠢ ᠠᠪᠴᠢᠷᠠᠬᠤ ᠬᠡᠷᠡᠭᠲᠡᠢ ᠭᠡᠵᠦ ᠵᠢᠭᠠᠵᠤ ᠭᠠᠷᠭᠠᠵᠤ᠂ ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ᠬᠠᠷᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠴᠠᠭ ᠲᠤᠬᠠᠶ ᠳᠤᠨᠢ ᠣᠶᠢᠯᠭᠠᠯᠴᠠᠨ ᠵᠣᠬᠢᠴᠠᠭᠤᠯᠵᠤ᠂ ᠡᠯ᠎ᠡ ᠵᠦᠢᠯ ᠤᠨ ᠪᠡᠯᠡᠳᠬᠡᠯ ᠠᠵᠢᠯ ᠤᠨ ᠥᠨᠳᠥᠷ ᠦᠷ᠎ᠡ ᠪᠦᠲᠦᠮᠵᠢᠲᠡᠶ ᠪᠠᠷ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号