ᠵᠢᠶᠠ ᠪᠦᠦ ᠯᠢᠶᠠᠩ ᠪᠣᠭᠤᠮᠲᠠ ᠶᠢᠨ ᠠᠵᠢᠯ ᠤᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/5
      7 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠪᠣᠭᠤᠮᠲᠠ ᠶᠢᠨ ᠠᠵᠢᠯ ᠤᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠪᠣᠭᠤᠮᠲᠠ ᠶᠢᠨ ᠬᠥᠭᠵᠢᠯᠲᠡ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠰᠤᠳᠤᠯᠤᠨ ᠰᠢᠢᠳᠪᠦᠷᠢᠯᠡᠵᠥ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠤᠳᠤᠷᠢᠳᠤᠯᠭ᠎ᠠ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠲᠣᠰ ᠲᠣᠰ ᠤᠨ ᠠᠵᠢᠯ ᠤᠨ ᠡᠭᠦᠷᠭᠡ ᠴᠢᠳᠡᠪᠬᠢ ᠲᠠᠢ ᠪᠠᠨ ᠤᠶᠠᠯᠳᠤᠭᠤᠯᠤᠨ᠂ ᠪᠣᠭᠤᠮᠲᠠ ᠶᠢᠨ ᠪᠠᠷᠠᠭ᠎ᠠ ᠥᠩᠭᠡᠷᠡᠬᠦ ᠬᠡᠮᠵᠢᠶ᠎ᠡ᠂ ᠪᠣᠭᠤᠮᠲᠠ ᠪᠠᠷ ᠥᠩᠭᠡᠷᠡᠬᠦ ᠶᠢ ᠬᠢᠵᠠᠭᠠᠷᠯᠠᠬᠤ ᠬᠦᠴᠦᠨ ᠵᠦᠢᠯ᠂ ᠪᠣᠭᠤᠮᠲᠠ ᠶᠢᠨ ᠬᠢᠨᠠᠨ ᠬᠠᠮᠢᠶᠠᠷᠬᠤ ᠭᠠᠵᠠᠷ ᠤᠨ ᠣᠷᠴᠢᠨ ᠲᠣᠭᠤᠷᠢᠨ ᠤ ᠬᠠᠮᠢᠶᠠᠷᠤᠯᠲᠠ᠂ ᠪᠣᠭᠤᠮᠲᠠ ᠶᠢᠨ ᠨᠣᠭᠤᠭᠠᠷᠠᠭᠤᠯᠤᠯᠳᠠ᠂ ᠪᠣᠭᠤᠮᠲᠠ ᠶᠢᠨ ᠤᠰᠤᠨ ᠤ ᠡᠬᠢ ᠪᠠᠶᠠᠯᠢᠭ᠂ ᠪᠣᠭᠤᠮᠲᠠ ᠶᠢᠨ ᠴᠢᠬᠤᠯᠠ ᠶᠡᠭᠡ ᠲᠥᠷᠥᠯ ᠵᠦᠢᠯ ᠵᠡᠷᠭᠡ ᠶᠢᠨ ᠲᠣᠭᠤᠷᠢᠨ ᠳᠤ ᠶᠠᠷᠢᠶ᠎ᠠ ᠲᠠᠯᠪᠢᠵᠤ᠂ ᠪᠣᠳᠠᠲᠠᠶ ᠰᠠᠨᠠᠯ ᠰᠠᠨᠠᠭᠤᠯᠭ᠎ᠠ ᠳᠤᠷᠠᠳᠪᠠ᠃      ᠵᠢᠶᠠ ᠪᠦᠦ ᠯᠢᠶᠠᠩ ᠵᠢᠭᠠᠵᠤ ᠭᠠᠷᠭᠠᠭᠰᠠᠨ ᠨᠢ᠂ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠨᠢ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠰᠢᠨ᠎ᠡ ᠪᠠᠶᠢᠳᠠᠯ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶ ᠲᠠᠨᠢᠵᠤ᠂ ᠢᠲᠡᠭᠡᠯ ᠵᠣᠷᠢᠭ ᠢᠶᠠᠨ ᠬᠥᠪᠴᠢᠯᠡᠨ᠂ ᠠᠵᠠ ᠲᠣᠬᠢᠶᠠᠯ ᠢ ᠠᠮᠵᠢᠵᠥ᠂ ᠬᠥᠭᠵᠢᠯᠲᠡ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠦᠨ᠂ ᠪᠣᠭᠤᠮᠲᠠ ᠶᠢᠨ ᠠᠵᠢᠯ ᠢ ᠰᠠᠶᠢᠲᠤᠷ ᠬᠢᠬᠦ ᠡᠭᠦᠷᠭᠡᠲᠦ ᠰᠡᠳᠬᠢᠯᠭᠡ᠂ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠪᠣᠳᠠᠲᠠᠶ ᠳᠤ ᠰᠠᠭᠤᠷᠢᠯᠠᠨ᠂ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ᠂ ᠨᠢᠭᠡᠳᠦᠯᠲᠡᠶ ᠲᠥᠯᠥᠪᠯᠡᠨ ᠠᠷᠭ᠎ᠠ ᠬᠡᠮᠵᠢᠶ᠎ᠡ ᠠᠪᠴᠤ᠂ ᠡᠯ᠎ᠡ ᠵᠦᠢᠯ ᠤᠨ ᠡᠭᠦᠷᠭᠡ ᠶᠢ ᠨᠠᠷᠢᠨ ᠨᠠᠶᠢᠳᠠᠪᠤᠷᠢᠵᠢᠭᠤᠯᠬᠤ ᠶᠢ ᠲᠦᠷᠭᠡᠳᠬᠡᠨ᠂ ᠪᠥᠬᠦ ᠬᠦᠴᠦᠨ ᠢᠶᠠᠷ ᠢᠶᠠᠨ ᠬᠥᠭᠵᠢᠯᠲᠡ ᠶᠢ ᠠᠳᠬᠤᠨ ᠳᠡᠭᠡᠭᠰᠢᠯᠡᠭᠦᠯᠬᠦ ᠶᠢ ᠠᠬᠢᠭᠤᠯᠵᠤ᠂ ᠥᠨᠳᠥᠷ ᠬᠢᠷᠢ ᠲᠦᠪᠰᠢᠨ ᠪᠥᠬᠦᠶ ᠨᠡᠭᠡᠭᠡᠯᠲᠡ ᠪᠠᠷ ᠪᠣᠭᠤᠮᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃      ᠵᠢᠶᠠ ᠪᠦᠦ ᠯᠢᠶᠠᠩ ᠴᠢᠬᠤᠯᠠᠴᠢᠯᠠᠭᠰᠠᠨ ᠨᠢ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠪᠠᠷ ᠰᠠᠨᠠᠭᠠᠴᠢᠯᠠᠭ᠎ᠠ ᠠᠴᠠ ᠪᠠᠨ ᠠᠷᠭ᠎ᠠ ᠪᠣᠳᠤᠯᠭ᠎ᠠ ᠰᠦᠪᠡᠭᠴᠢᠯᠡᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠬᠤ ᠬᠡᠷᠡᠭᠲᠡᠢ᠃ ᠨᠠᠷᠢᠨ ᠬᠢᠨᠠᠮᠠᠭᠠᠶ ᠰᠤᠳᠤᠯᠵᠤ᠂ ᠲᠤᠷᠰᠢᠯᠭ᠎ᠠ ᠰᠤᠷᠭᠠᠮᠵᠢ ᠪᠠᠨ ᠡᠮᠬᠢᠯᠡᠨ ᠳᠢᠭᠯᠡᠵᠦ᠂ ᠵᠢᠷᠤᠭ ᠲᠥᠯᠥᠪᠯᠡᠭᠡ ᠶᠢᠨ ᠲᠥᠯᠥᠪᠵᠢᠭᠦᠯᠭᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ᠭᠤᠤᠯᠳᠠᠯᠭ᠎ᠠ ᠲᠠᠢ ᠲᠥᠷᠥᠯ ᠵᠦᠢᠯ ᠪᠠ ᠭᠤᠤᠯᠳᠠᠯᠭ᠎ᠠ ᠲᠠᠢ ᠢᠨᠵᠧᠨᠧᠷᠢᠩ ᠢ ᠲᠣᠳᠣᠷᠬᠠᠶᠢᠯᠠᠨ᠂ ᠪᠣᠭᠤᠮᠲᠠ ᠶᠢᠨ ᠣᠳᠣᠬᠢᠴᠢᠯᠠᠯᠲᠠ᠂ ᠲᠤᠰᠬᠠᠶᠢᠵᠢᠯᠲᠠ᠂ ᠤᠶᠤᠨᠴᠢᠯᠠᠯᠲᠠ᠂ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠲᠦᠷᠭᠡᠳᠬᠡᠨ ᠳᠡᠭᠡᠭᠰᠢᠯᠡᠭᠦᠯᠵᠦ᠂ ᠭᠤᠭᠴᠤᠭ᠎ᠠ ᠨᠢ ᠨᠠᠩ ᠴᠥᠭᠡᠨ᠂ ᠶᠠᠪᠤᠴᠠ ᠨᠢ ᠨᠠᠩ ᠲᠦᠷᠭᠡᠨ᠂ ᠥᠪᠡᠷ ᠤᠨ ᠥᠷᠲᠡᠭ ᠨᠢ ᠨᠠᠩ ᠳᠣᠤᠷ᠎ᠠ᠂ ᠲᠥᠷᠥ ᠶᠢᠨ ᠪᠣᠳᠣᠯᠭ᠎ᠠ ᠨᠢ ᠨᠠᠩ ᠰᠢᠯᠢᠳᠡᠭ᠂ ᠦᠢᠯᠡᠴᠢᠯᠡᠭᠡ ᠨᠢ ᠨᠠᠩ ᠰᠠᠶᠢᠨ ᠪᠣᠭᠤᠮᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠬᠦᠴᠦᠯᠡᠨ ᠪᠣᠶ ᠪᠣᠯᠭᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠪᠠ ᠶᠡᠷᠦᠩᠬᠡᠶᠢᠯᠡᠭᠰᠡᠨ ᠥᠷᠢᠰᠥᠯᠳᠦᠬᠦ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠬᠥᠭᠵᠢᠭᠡᠨ᠎ᠡ᠃ ᠡᠬᠢ ᠪᠠᠶᠠᠯᠢᠭ ᠤᠨ ᠲᠥᠯᠥᠪᠵᠢᠭᠦᠯᠭᠡ ᠪᠣᠯᠤᠨ ᠲᠦᠷᠦᠯ ᠵᠦᠢᠯ ᠤᠨ ᠲᠥᠯᠥᠪᠵᠢᠭᠦᠯᠭᠡ ᠶᠢ ᠰᠠᠶᠢᠲᠤᠷ ᠬᠢᠬᠦ ᠬᠡᠷᠡᠭᠲᠡᠢ᠃ ᠣᠳᠣᠬᠠᠨ ᠤ ᠪᠠᠶᠢᠳᠠᠯ ᠳᠠᠭᠠᠨ ᠰᠠᠭᠤᠷᠢᠯᠠᠨ᠂ ᠠᠯᠤᠰ ᠬᠡᠳᠦ ᠶᠢ ᠪᠣᠳᠣᠯᠬᠢᠯᠠᠵᠤ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠲᠥᠯᠥᠪᠵᠢᠭᠦᠯᠭᠡ ᠶᠢ ᠰᠠᠶᠢᠲᠤᠷ ᠬᠢᠵᠦ᠂ ᠪᠣᠭᠤᠮᠲᠠ ᠶᠢᠨ ᠬᠠᠮᠢᠶᠠᠷᠤᠯᠲᠠ ᠶᠢᠨ ᠵᠠᠭᠪᠤᠷ ᠪᠠ ᠠᠵᠢᠯᠯᠠᠭᠠᠨ ᠤ ᠲᠣᠭᠲᠠᠴᠠ ᠶᠢᠨ ᠰᠢᠨ᠎ᠡ ᠶᠢ ᠡᠭᠦᠳᠴᠦ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶ᠎ᠠ᠂ ᠰᠣᠶᠣᠯ ᠵᠢᠭᠤᠯᠴᠢᠯᠠᠯ᠂ ᠠᠶᠤᠯᠲᠠᠶ ᠬᠢᠮᠢ ᠶᠢᠨ ᠪᠣᠳᠠᠰ ᠢ ᠭᠠᠳᠠᠭᠠᠳᠤ ᠳᠤ ᠭᠠᠷᠭᠠᠬᠤ᠂ ᠠᠮᠢᠳᠤ ᠮᠠᠯ ᠢ ᠠᠷᠠᠯᠵᠢᠶᠠᠯᠠᠬᠤ᠂ ᠤᠬᠢᠶᠠᠵᠤ ᠰᠢᠯᠢᠵᠦ ᠡᠳ᠋ᠰᠢᠭᠦᠯᠬᠦ ᠵᠡᠷᠭᠡ ᠬᠥᠭᠵᠢᠯᠲᠡ ᠶᠢᠨ ᠲᠥᠯᠥᠪᠵᠢᠭᠦᠯᠭᠡ ᠶᠢ ᠰᠠᠶᠢᠲᠤᠷ ᠬᠢᠵᠦ᠂ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠵᠦ᠂ ᠪᠣᠭᠤᠮᠲᠠ ᠶᠢᠨ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠨᠡᠮᠡᠭᠳᠡᠯ ᠤᠨ ᠴᠡᠭ ᠢ ᠪᠣᠶ ᠪᠣᠯᠭᠠᠨ᠎ᠠ᠃ ᠪᠣᠭᠤᠮᠲᠠ ᠶᠢᠨ ᠨᠢᠭᠡ ᠴᠣᠭᠴᠠᠵᠢᠭᠰᠠᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠶ᠃ ᠪᠣᠳᠠᠲᠠᠶ ᠳᠤ ᠰᠠᠭᠤᠷᠢᠯᠠᠬᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠨᠢᠭᠡᠳᠦᠯᠲᠡᠶ ᠲᠥᠯᠥᠪᠯᠡᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠨ᠂ ᠰᠤᠯᠠ ᠪᠠᠶᠢᠭ᠎ᠠ ᠡᠬᠢ ᠪᠠᠶᠠᠯᠢᠭ ᠢ ᠠᠮᠢᠳᠤᠯᠢᠭᠵᠢᠭᠤᠯᠤᠨ ᠠᠰᠢᠭᠯᠠᠬᠤ ᠠᠵᠢᠯ ᠢ ᠠᠬᠢᠭᠤᠯᠵᠤ᠂ ᠰᠠᠭᠤᠷᠢ ᠳᠥᠬᠦᠭᠡᠷᠥᠮᠵᠢ ᠶᠢᠨ ᠪᠥᠲᠥᠭᠡᠨ ᠪᠠᠶᠢᠭᠤᠯᠤᠯᠲᠠ ᠶᠢ ᠨᠦᠬᠦᠪᠦᠷᠢᠯᠡᠨ᠂ ᠪᠣᠭᠤᠮᠲᠠ ᠶᠢᠨ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠵᠦ᠂ ᠪᠣᠭᠤᠮᠲᠠ ᠶᠢᠨ ᠬᠡᠪᠴᠢᠶᠡᠵᠢᠭᠰᠡᠨ ᠦᠷ᠎ᠡ ᠠᠰᠢᠭ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠪᠣᠭᠤᠮᠲᠠ ᠶᠢᠨ ᠨᠡᠭᠡᠭᠡᠯᠲᠡ᠂ ᠪᠦᠳᠦᠭᠡᠨ ᠪᠠᠶᠢᠭᠤᠯᠤᠯᠲᠠ᠂ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠤᠨ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠤᠨ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠪᠣᠭᠤᠮᠲᠠ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠬᠦᠴᠦ ᠪᠠᠨ ᠬᠠᠮᠲᠤᠳᠬᠠᠨ ᠡᠭᠦᠳᠬᠦ ᠬᠡᠷᠡᠭᠲᠡᠢ ᠭᠡᠵᠡᠢ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号