ᠡᠮᠴᠢᠯᠡᠭᠡᠨ ᠳᠤ ᠪᠠᠴᠢᠮ ᠬᠡᠷᠡᠭᠰᠡᠬᠦ ᠠᠨᠠᠭᠠᠬᠤ ᠤᠬᠠᠭᠠᠨ ᠤ ᠤᠨᠴᠠᠭᠠᠢ ᠬᠡᠷᠡᠭᠴᠡᠭᠡᠲᠦ ᠨᠠᠶᠢᠷᠠᠯᠭ᠎ᠠ ᠲᠠᠢ 4 ᠵᠦᠢᠯ ᠤᠨ ᠢᠳᠡᠭᠡᠨ ᠢ ᠤᠷᠢᠳ ᠢᠶᠠᠷ ᠬᠢᠨᠠᠨ ᠦᠨᠡᠯᠡᠵᠦ ᠬᠢᠨᠠᠨ ᠵᠥᠪᠰᠢᠶᠡᠷᠡᠬᠦ ᠵᠢᠷᠤᠮ ᠳᠤ ᠣᠷᠣᠭᠤᠯᠪᠠ
ᠨᠡᠶᠢᠲᠡᠯᠡᠭᠰᠡᠨ ᠴᠠᠭ᠄
2024/7/6
      ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 7 ᠰᠠᠷ᠎ᠠ ᠶᠢᠨ 2 ᠤᠨ ᠡᠳᠦᠷ ᠤᠨ ᠮᠡᠳᠡᠭᠡ ︵ᠰᠤᠷᠪᠤᠯᠵᠢᠯᠠᠭᠴᠢ ᠯᠢᠨ ᠯᠢ ᠯᠢ︶ ᠰᠤᠷᠪᠤᠯᠵᠢᠯᠠᠭᠴᠢ 7 ᠰᠠᠷ᠎ᠠ ᠶᠢᠨ 2 ᠤᠨ ᠡᠳᠦᠷ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠠᠴᠠ ᠣᠶᠢᠯᠠᠭᠠᠭᠰᠠᠨ ᠢᠶᠠᠷ᠄ ᠪᠧᠨ᠋ᠽᠧᠨ᠋ᠳᠤ ᠫᠷᠣᠫᠠ ᠺᠧᠲ᠋ᠣᠨᠲᠣ ᠰᠢᠭᠡᠰᠦᠨ ᠡᠪᠡᠳᠴᠢᠨ᠂ ᠪᠥᠭᠡᠷᠡᠨ ᠡᠪᠡᠳᠴᠢᠨ ᠪᠠ ᠰᠢᠬᠢᠷ ᠰᠢᠵᠢᠩ ᠡᠪᠡᠳᠴᠢᠨ ᠵᠡᠷᠭᠡ ᠡᠪᠡᠳᠴᠢᠨ ᠳᠤ ᠬᠡᠷᠡᠭᠯᠡᠬᠦ ᠠᠨᠠᠭᠠᠬᠤ ᠤᠬᠠᠭᠠᠨ ᠤ ᠤᠨᠴᠠᠭᠠᠢ ᠬᠡᠷᠡᠭᠴᠡᠭᠡᠲᠦ ᠨᠠᠶᠢᠷᠠᠯᠭ᠎ᠠ ᠲᠠᠢ 4 ᠵᠦᠢᠯ ᠤᠨ ᠢᠳᠡᠭᠡᠨ ︵ᠳᠣᠷᠣᠭᠰᠢ ︽ᠠᠨᠠᠭᠠᠬᠤ ᠤᠬᠠᠭᠠᠨ ᠤ ᠤᠨᠴᠠᠭᠠᠢ ᠬᠡᠷᠡᠭᠴᠡᠭᠡᠲᠦ ᠨᠠᠶᠢᠷᠠᠯᠭ᠎ᠠ ᠲᠠᠢ ᠢᠳᠡᠭᠡᠨ︾ ᠭᠡᠵᠦ ᠲᠣᠪᠴᠢᠯᠠᠨ᠎ᠠ︶ ᠢ ᠲᠦᠷᠦᠭᠦᠬᠡᠨ ᠤᠷᠢᠳ ᠢᠶᠠᠷ ᠬᠢᠨᠠᠨ ᠦᠨᠡᠯᠡᠵᠦ ᠬᠢᠨᠠᠨ ᠵᠥᠪᠰᠢᠶᠡᠷᠡᠬᠦ ᠵᠢᠷᠤᠮ ᠳᠤ ᠣᠷᠣᠭᠤᠯᠪᠠ᠃      ᠡᠪᠡᠳᠴᠢᠲᠡᠨ ᠤ ᠰᠢᠮ᠎ᠡ ᠲᠡᠵᠢᠭᠡᠯ ᠤᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠨ ᠬᠠᠩᠭᠠᠬᠤ ᠶᠢᠨ ᠲᠤᠰᠠᠳᠠ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠨᠢ ᠠᠨᠠᠭᠠᠬᠤ ᠤᠬᠠᠭᠠᠨ ᠤ ᠤᠨᠴᠠᠭᠠᠢ ᠬᠡᠷᠡᠭᠴᠡᠭᠡᠲᠦ ᠨᠠᠶᠢᠷᠠᠯᠭ᠎ᠠ ᠲᠠᠢ ᠢᠳᠡᠭᠡᠨ ᠤ ᠤᠷᠢᠳ ᠢᠶᠠᠷ ᠬᠢᠨᠠᠨ ᠦᠨᠡᠯᠡᠵᠦ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠪᠠᠶᠢᠭᠤᠯᠵᠤ᠂ ᠬᠤᠪᠣᠷ ᠲᠣᠬᠢᠶᠠᠯᠳᠤᠬᠤ ᠡᠪᠡᠳᠴᠢᠨ ᠤ ᠲᠥᠷᠥᠯ ᠢᠯᠭᠠᠯ᠂ ᠡᠮᠴᠢᠯᠡᠭᠡᠨ ᠳᠤ ᠪᠠᠴᠢᠮ ᠬᠡᠷᠡᠭᠴᠡᠭᠡ ᠲᠠᠢ ᠪᠥᠭᠡᠳ ᠬᠠᠷᠠᠬᠠᠨ ᠵᠥᠪᠰᠢᠶᠡᠷᠡᠭᠡᠳᠦᠶ ᠰᠢᠨ᠎ᠡ ᠲᠥᠷᠥᠯ ᠢᠯᠭᠠᠯ ᠵᠡᠷᠭᠡ ᠦᠢᠯᠡᠳᠬᠦᠨ ᠳᠤ ᠤᠷᠢᠳ ᠢᠶᠠᠷ ᠬᠢᠨᠠᠨ ᠦᠨᠡᠯᠡᠵᠦ ᠬᠢᠨᠠᠨ ᠵᠥᠪᠰᠢᠶᠡᠷᠡᠬᠦ ᠶᠢ ᠭᠡᠷᠡᠭᠵᠢᠬᠦᠯᠵᠦ᠂ ᠬᠢᠨᠠᠨ ᠦᠨᠡᠯᠡᠬᠦ ᠴᠠᠭ ᠬᠤᠭᠤᠴᠠᠭ᠎ᠠ ᠶᠢ 90 ᠠᠵᠢᠯᠯᠠᠬᠤ ᠡᠳᠦᠷ ᠪᠠᠶᠢᠭᠰᠠᠨ ᠠᠴᠠ ᠨᠢ 30 ᠠᠵᠢᠯᠯᠠᠬᠤ ᠡᠳᠦᠷ ᠪᠣᠯᠭᠠᠨ ᠪᠤᠭᠤᠨᠢᠰᠬᠠᠵᠤ᠂ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠪᠠ ᠦᠯᠢᠭᠡᠷ ᠠᠪᠴᠤ ᠰᠢᠯᠭᠠᠨ ᠪᠠᠶᠢᠴᠠᠭᠠᠬᠤ ᠶᠢ ᠤᠷᠢᠳᠠᠪᠠᠷ ᠲᠣᠬᠢᠷᠠᠭᠤᠯᠤᠨ᠎ᠠ᠃      ᠠᠨᠠᠭᠠᠬᠤ ᠤᠬᠠᠭᠠᠨ ᠤ ᠤᠨᠴᠠᠭᠠᠢ ᠬᠡᠷᠡᠭᠴᠡᠭᠡᠲᠦ ᠨᠠᠶᠢᠷᠠᠯᠭ᠎ᠠ ᠲᠠᠢ ᠢᠳᠡᠭᠡᠨ ᠭᠡᠳᠡᠭ ᠨᠢ ᠢᠳᠡᠭᠡᠨ ᠢᠳᠡᠬᠦ ᠳᠤ ᠬᠢᠵᠠᠭᠠᠷᠯᠠᠭᠳᠠᠬᠤ᠂ ᠰᠢᠩᠭᠡᠭᠡᠯᠲᠡ ᠨᠢ ᠬᠠᠷᠰᠢᠯᠠᠬᠳᠠᠬᠤ᠂ ᠰᠣᠯᠢᠯᠴᠠᠭ᠎ᠠ ᠨᠢ ᠰᠠᠮᠠᠭᠤᠷᠠᠬᠤ ᠪᠤᠶᠤ ᠣᠨᠴᠠᠭᠠᠶ ᠡᠪᠡᠳᠴᠢᠨ ᠲᠠᠢ ᠬᠥᠮᠦᠰ ᠲᠤ ᠱᠠᠭᠠᠷᠳᠠᠬᠳᠠᠬᠤ ᠰᠢᠮ᠎ᠡ ᠲᠡᠵᠢᠭᠡᠯ ᠤᠨ ᠡᠳ᠋ ᠪᠤᠶᠤ ᠢᠳᠡᠭᠡᠨ ᠤᠮᠳᠠᠭᠠᠨ ᠤ ᠣᠨᠴᠠᠭᠠᠶ ᠬᠡᠷᠡᠭᠴᠡᠭᠡ ᠶᠢ ᠬᠠᠩᠭᠠᠬᠤ ᠶᠢᠨ ᠲᠥᠯᠥᠭᠡ ᠲᠤᠰᠬᠠᠶᠢᠯᠠᠨ ᠪᠣᠯᠪᠠᠰᠤᠷᠠᠭᠤᠯᠤᠨ ᠨᠠᠶᠢᠷᠠᠭᠤᠯᠤᠭᠰᠠᠨ ᠨᠠᠶᠢᠷᠠᠯᠭ᠎ᠠ ᠲᠠᠢ ᠢᠳᠡᠭᠡᠨ ᠢ ᠵᠢᠭᠠᠵᠤ ᠪᠠᠶᠢᠨ᠎ᠠ᠃
 
ᠢᠷᠡᠯᠲᠡ᠄ ᠠᠷᠡᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号