7 ᠰᠠᠷ᠎ᠠ ᠶᠢᠨ7 ᠤ ᠡᠳᠦᠷ᠂ ︽ᠤᠮᠠᠷᠠᠳᠦ ᠶᠢᠨ ᠠᠶᠠᠯᠠᠯ ᠦᠵᠡᠰᠭᠦᠯᠡᠩᠳᠦ ᠲᠠᠷᠬᠠᠨ ᠮᠤᠤᠮᠢᠩᠭᠠᠨ︾ | ᠲᠤᠮᠳᠠᠳᠦ ᠤᠯᠤᠰ ᠤᠨ ᠨᠠᠷᠠᠳᠦ ᠭᠡᠷᠡᠯ ᠵᠢᠷᠤᠭᠴᠢᠳ ᠤᠨ ᠪᠤᠭᠤᠳᠦ ᠬᠤᠳᠠ ᠪᠤᠯᠤᠨ ᠲᠠᠷᠬᠠᠨ ᠮᠤᠤᠮᠢᠩᠭᠠᠨ ᠳᠠᠬᠢ | ᠵᠢᠷᠤᠭ ᠠᠪᠤᠯᠳᠠ ᠪᠠ ᠲᠤᠷᠰᠢᠯᠭ᠎ᠠ ᠰᠤᠯᠢᠯᠴᠠᠬᠤ ᠠᠵᠢᠯᠯᠠᠭ᠎ᠠ ᠴᠠᠭᠠᠠᠬᠠᠳᠠ ᠰᠤᠮᠤᠨ ᠤ ᠬᠠᠳᠠᠠᠬᠤᠰᠢᠭᠤ ᠭᠠᠴᠠᠭᠠᠨ | ᠳᠤ ᠶᠠᠪᠤᠭᠳᠠᠵᠦ᠂ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠭᠡᠷᠡᠯ ᠵᠢᠷᠤᠭᠴᠢᠳ᠂ ᠲᠡᠯᠭᠡᠨ ᠦᠵᠡᠭᠦᠯᠦᠭᠴᠢ | ᠵᠡᠷᠬᠡ50 ᠭᠠᠷᠤᠢ ᠲᠤᠰ ᠤᠳᠠᠭᠠᠨ ᠤ ᠠᠵᠢᠯᠯᠠᠭ᠎ᠠ ᠳᠤ ᠤᠷᠤᠯᠴᠠᠨ᠂ ᠲᠠᠷᠬᠠᠨ ᠮᠤᠤᠮᠢᠩᠭᠠᠨ ᠬᠤᠯᠪᠤᠭᠠᠳᠦ | ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ | ᠬᠤᠰᠢᠭᠤᠨ ᠤ ᠰᠤᠶᠤᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠤᠪᠴᠢᠶᠠᠨ ᠤ ᠬᠠᠮᠢᠶ᠎ᠠ ᠪᠦᠬᠦᠢ ᠤᠳᠤᠷᠢᠳᠬᠤ | ᠨᠦᠬᠦᠳ ᠠᠵᠢᠯᠯᠠᠭ᠎ᠠ ᠳᠤ ᠤᠷᠤᠯᠴᠠᠭᠰᠠᠨ ᠪᠠᠶᠢᠨ᠎ᠠ᠃ | | | ᠠᠵᠢᠯᠯᠠᠭ᠎ᠠ ᠳᠤ ᠴᠠᠭᠠᠠᠬᠠᠳᠠ ᠰᠤᠮᠤᠨ ᠤ ᠮᠠᠯᠴᠢᠳ ᠠᠴᠠ ᠤᠯᠠᠮᠵᠢᠯᠠᠯᠳᠦ ᠡᠮᠡᠭᠡᠯ ᠬᠢᠬᠦ᠂ ᠲᠡᠭᠡᠰᠦ ᠲᠠᠮᠤᠬᠤ᠂ | ᠮᠤᠩᠭᠤᠯ ᠭᠡᠷ ᠪᠤᠰᠬᠠᠬᠤ ᠪᠠ ᠲᠠᠪᠤᠨ ᠬᠤᠰᠢᠭᠤ ᠮᠠᠯ ᠤᠨ ᠬᠡᠪ ᠢ ᠲᠡᠯᠭᠡᠨ ᠦᠵᠡᠭᠦᠯᠬᠦ ᠪᠠᠷ ᠲᠠᠮᠵᠢᠨ ᠦᠨᠳᠦᠰᠦᠳᠡᠨ | ᠤ ᠤᠯᠠᠮᠵᠢᠯᠠᠯᠳᠦ ᠰᠤᠶᠤᠯ ᠢ ᠠᠬᠤᠢ ᠲᠠᠯᠠᠪᠠᠢ ᠶᠢᠨ ᠦᠵᠡᠭᠴᠢ ᠤᠯᠠᠨ ᠳᠤ ᠤᠶᠢᠯᠠᠭᠠᠭᠤᠯᠤᠨ ᠮᠡᠳᠡᠷᠡᠭᠦᠯᠵᠦ᠂ | ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠬᠡᠰᠢᠬᠦᠨ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ | ᠤᠯᠠᠮᠵᠢᠯᠠᠯᠳᠦ ᠭᠠᠷ ᠤᠷᠠᠯᠠᠯ ᠤᠨ ᠪᠦᠳᠦᠭᠡᠭᠳᠡᠭᠦᠨ ᠢ ᠪᠠᠰᠠ ᠲᠡᠯᠭᠡᠨ ᠦᠵᠡᠭᠦᠯᠪᠡ᠃ ᠲᠠᠷᠠᠭ᠎ᠠ ᠨᠢ ᠤᠯᠠᠨ ᠢᠶᠠᠷ | ᠢᠶᠠᠨ ᠴᠠᠭᠠᠠᠬᠠᠳᠠ ᠰᠤᠮᠤᠨ ᠤ ᠬᠠᠳᠠᠠᠬᠤᠰᠢᠭᠤ ᠭᠠᠴᠠᠭᠠᠨ ᠳᠤ ᠪᠠᠶᠢᠭ᠎ᠠ ︽ᠸᠠᠩ ᠵᠧᠩ ᠫᠢᠩ ᠤᠨ ᠭᠡᠷᠡᠯ ᠵᠢᠷᠤᠭ ᠤᠨ | ᠠᠵᠢᠯ ᠤᠨ ᠰᠠᠭᠤᠷᠢᠨ ᠭᠠᠵᠠᠷ︾ ᠲᠤ ᠬᠦᠷᠴᠦ ᠸᠠᠩ ᠵᠧᠩ ᠫᠢᠩ ᠪᠠ ᠲᠡᠭᠦᠨ ᠤ ᠰᠤᠷᠤᠭᠴᠢ ᠶᠢᠨ ᠬᠢᠨᠢ ᠲᠠᠷᠬᠠᠨ | ᠮᠤᠤᠮᠢᠩᠭᠠᠨ ᠬᠤᠯᠪᠤᠭᠠᠳᠦ ᠬᠤᠰᠢᠭᠤᠨ ᠳᠤ ᠠᠪᠤᠭᠰᠠᠨ ᠭᠡᠷᠡᠯ ᠵᠢᠷᠤᠭ ᠢ ᠰᠤᠨᠢᠷᠬᠠᠭᠰᠠᠨ ᠪᠠᠶᠢᠨ᠎ᠠ᠃ | | | ᠲᠤᠰ ᠣᠳᠠᠭᠠᠨ ᠤ ᠠᠵᠢᠯᠯᠠᠭ᠎ᠠ ᠨᠢ ᠤᠯᠤᠰ ᠤᠨ ᠡᠯ᠎ᠡ ᠭᠠᠵᠠᠷ ᠤᠨ ᠭᠡᠷᠡᠯ ᠵᠢᠷᠤᠭᠴᠢᠳ ᠲᠤ ᠲᠠᠯ᠎ᠠ ᠨᠤᠳᠤᠭ | ᠤᠨ ᠦᠩᠭᠡ ᠦᠵᠡᠮᠵᠢ ᠪᠠᠷ ᠦᠪᠡᠷ ᠤᠨ ᠰᠢᠯᠢᠳᠡᠭ ᠪᠦᠳᠦᠭᠡᠯ ᠢᠶᠠᠨ ᠪᠤᠯᠭᠠᠬᠤ ᠠᠴᠠ ᠠᠵᠠ ᠲᠤᠬᠢᠶᠠᠯ ᠢ ᠤᠯᠭᠤᠬᠤ | ᠪᠠᠷ ᠪᠠᠷᠠᠬᠤ ᠦᠭᠡᠢ ᠰᠤᠶᠤᠯ ᠵᠤᠭᠠᠴᠠᠯ ᠤᠨ ᠠᠭᠤᠰᠤᠯᠴᠠᠯ ᠢ ᠠᠬᠢᠭᠤᠯᠵᠦ᠂ ᠦᠨᠳᠦᠰᠦᠳᠡᠨ ᠤ ᠤᠨᠴᠠᠯᠢᠭᠳᠦ | ᠰᠤᠳᠤᠨ ᠪᠦᠳᠦᠭᠡᠯ ᠤᠳ ᠢ ᠨᠡᠩ ᠤᠯᠠᠨ ᠬᠦᠮᠦᠨ ᠳᠤ ᠲᠠᠨᠢᠭᠤᠯᠵᠦ᠂ ᠴᠠᠭᠠᠠᠬᠠᠳᠠ ᠰᠤᠮᠤᠨ ᠤ ᠤᠨᠴᠠᠯᠢᠭᠳᠦ | ᠪᠠᠶᠢᠭᠠᠯᠢ ᠶᠢᠨ ᠦᠩᠭᠡ ᠦᠵᠡᠮᠵᠢ ᠪᠠ ᠦᠪ ᠰᠤᠶᠤᠯ ᠢ ᠬᠦᠮᠦᠨ ᠤᠯᠠᠨ ᠳᠤ ᠭᠠᠶᠢᠬᠠᠭᠤᠯᠤᠭᠰᠠᠨ ᠤᠳᠬ᠎ᠠ | ᠲᠡᠭᠦᠯᠳᠡᠷ ᠠᠵᠢᠯᠯᠠᠭ᠎ᠠ ᠪᠤᠯᠤᠭᠰᠠᠨ ᠪᠠᠶᠢᠨ᠎ᠠ᠃ | | | | |