ᠬᠤᠳᠠ  ᠶᠢᠨ ᠦᠩᠭᠡ ᠦᠵᠡᠮᠵᠢ ᠶᠢᠨ ᠬᠠᠮᠢᠶᠠᠷᠤᠯᠳᠠ ᠶᠢ ᠴᠢᠩᠭᠠᠳᠬᠠᠬᠤ ᠳᠤᠬᠠᠢ ᠮᠠᠳᠡᠭᠳᠠᠯ ᠤᠨ ᠪᠢᠴᠢᠭ
ᠨᠡᠶᠢᠲᠡᠯᠡᠭᠰᠡᠨ ᠴᠠᠭ᠄
2024/8/1
      ᠬᠤᠲᠠ ᠪᠠᠯᠭᠠᠰᠤᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠲᠠ ᠶᠢᠨ ᠠᠷᠠᠳ ᠣᠯᠠᠨ ᠳᠤ ᠴᠡᠪᠡᠷ ᠲᠡᠭᠰᠢ ᠲᠠᠭᠠᠯᠠᠮᠵᠢᠲᠠᠶ᠂ ᠡᠮᠬᠢ ᠵᠢᠷᠤᠮ ᠲᠠᠢ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ᠂ ᠪᠠᠲᠤᠬᠠᠭᠠᠯᠭ᠎ᠠ ᠪᠠᠯᠭᠠᠰᠤᠨ ᠤ ᠳᠦᠷᠢ ᠲᠥᠷᠬᠦ ᠪᠠ ᠴᠢᠨᠠᠷ ᠳᠡᠰ ᠢ ᠳᠡᠭᠡᠭᠰᠢᠯᠡᠭᠦᠯᠬᠦ ᠶᠢᠨ᠂ ︽ᠪᠤᠭᠤᠲᠤ ᠬᠤᠲᠠ ᠶᠢᠨ ᠬᠤᠲᠠ ᠶᠢᠨ ᠦᠩᠭᠡ ᠦᠵᠡᠮᠵᠢ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠲᠦᠷᠢᠮ︾ ᠵᠡᠷᠭᠡ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠡᠳᠦᠭᠡ ᠬᠤᠲᠠ ᠶᠢᠨ ᠦᠩᠭᠡ ᠦᠵᠡᠮᠵᠢ ᠶᠢᠨ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠶᠠᠮᠠᠷᠪᠠ ᠨᠢᠭᠡᠴᠢ ᠪᠠ ᠬᠤᠪᠢ ᠬᠥᠮᠥᠨ ᠵᠥᠪᠰᠢᠶᠡᠷᠡᠯ ᠦᠭᠡᠢ ᠪᠠᠷ ᠭᠤᠣᠯ ᠪᠠ ᠳᠡᠳ᠋ ᠵᠠᠮ᠂ ᠬᠤᠳᠠᠯᠳᠤᠭᠠᠨ ᠤ ᠵᠡᠭᠡᠯᠢ ᠲᠣᠭᠤᠷᠢᠭ ᠵᠡᠷᠭᠡ ᠣᠷᠣᠨ ᠪᠦᠰᠡ ᠳᠤ ᠳᠡᠯᠭᠡᠭᠡ ᠮᠠᠶᠢᠮᠠᠢ ᠶᠢᠨ ᠴᠡᠭ ᠭᠠᠷᠭᠠᠬᠤ᠂ ᠵᠠᠮ ᠡᠵᠡᠯᠡᠨ ᠡᠵᠡᠩᠨᠡᠬᠦ ᠶᠢ ᠴᠠᠭᠠᠵᠠᠯᠠᠨ᠎ᠠ︔ ᠵᠡᠭᠡᠯᠢ ᠳᠠᠭᠠᠤ ᠡᠭᠦᠳᠡᠨ ᠳᠡᠯᠭᠡᠭᠦᠷ ᠨᠢ ᠳᠡᠯᠭᠡᠭᠦᠷ ᠠᠴᠠ ᠪᠠᠨ ᠬᠡᠲᠦᠷᠡᠬᠦ᠂ ᠡᠭᠦᠳᠡ ᠤᠨᠤᠵᠤ ᠡᠵᠡᠩᠨᠡᠵᠦ ᠪᠣᠯᠬᠤ ᠦᠭᠡᠢ᠂ ᠳᠡᠯᠭᠡᠭᠦᠷ ᠤᠨ ᠭᠠᠳᠠᠨ᠎ᠠ ᠪᠣᠷᠣᠯᠠᠭᠤᠯᠬᠤ᠂ ᠪᠣᠯᠪᠠᠰᠤᠷᠠᠭᠤᠯᠬᠤ᠂ ᠲᠡᠷᠭᠡ ᠤᠬᠢᠶᠠᠵᠤ᠂ ᠰᠡᠯᠪᠢᠨ ᠵᠠᠰᠠᠵᠤ ᠪᠣᠯᠬᠤ ᠦᠭᠡᠢ᠃      ᠬᠤᠶᠠᠷ᠂ ᠶᠠᠮᠠᠷᠪᠠ ᠨᠢᠭᠡᠴᠢ ᠪᠠ ᠬᠤᠪᠢ ᠬᠥᠮᠦᠨ ᠤᠬᠠᠭᠤᠯᠬᠤ᠂ ᠪᠣᠷᠣᠯᠠᠭᠤᠯᠭ᠎ᠠ ᠶᠢ ᠠᠬᠢᠭᠤᠯᠬᠤ ᠵᠡᠷᠭᠡ ᠠᠵᠢᠯᠯᠠᠭ᠎ᠠ ᠡᠷᠬᠢᠯᠡᠬᠦ ᠳᠤ᠂ ᠡᠷᠬᠡᠪᠰᠢ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠦᠷᠴᠦ ᠬᠢᠨᠠᠨ ᠵᠥᠪᠰᠢᠶᠡᠷᠡᠭᠦᠯᠬᠦ ᠭᠠᠷᠳᠠᠮ ︵ᠳᠠᠭᠠᠯᠳᠤᠭᠤᠯᠤᠯ 1᠄ ᠲᠦᠷ ᠴᠠᠭ ᠤᠨ ᠤᠬᠠᠭᠤᠯᠭ᠎ᠠ᠂ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ︵ᠨᠡᠶᠢᠲᠡ ᠶᠢᠨ ᠬᠡᠷᠡᠭᠯᠡᠭᠡᠨ ᠤ ᠲᠠᠯᠠᠪᠤᠷ︶ ᠶᠢᠨ ᠳᠠᠩᠰᠠᠯᠠᠯ ᠤᠨ ᠬᠦᠰᠦᠨᠦᠭᠲᠦ︶ ᠢ ᠭᠦᠢᠴᠡᠳᠬᠡᠨ᠎ᠡ᠂ ᠵᠦᠪᠰᠢᠶᠡᠷᠡᠯ ᠦᠭᠡᠢ ᠪᠠᠷ ᠤᠬᠠᠭᠤᠯᠭ᠎ᠠ ᠶᠢᠨ ᠲᠠᠶᠢᠰᠠ ᠲᠠᠯᠪᠢᠬᠤ᠂ ᠪᠥᠵᠢᠭ ᠤᠨ ᠲᠠᠶᠢᠰᠠ ᠪᠣᠰᠬᠠᠬᠤ᠂ ᠬᠥᠨᠳᠡᠯᠡᠨ ᠪᠢᠴᠢᠭᠡᠰᠦ ᠡᠯᠭᠦᠬᠦ ᠵᠡᠷᠭᠡ ᠶᠢ ᠴᠠᠭᠠᠵᠠᠯᠠᠬᠤ ᠬᠡᠷᠡᠭᠲᠡᠶ᠃      ᠭᠤᠷᠪᠠ᠂ ᠪᠤᠢ ᠪᠦᠬᠦᠢ ᠵᠠᠷ ᠮᠡᠳᠡᠭᠡ ᠶᠢᠨ ᠤᠷᠢᠶ᠎ᠠ᠂ ᠡᠭᠦᠳᠡᠨ ᠳᠡᠭᠡᠷᠡᠬᠢ ᠫᠠᠶᠢᠰᠠ ᠢᠯᠡᠷᠬᠡᠶᠢᠯᠡᠯ ᠢ ᠲᠣᠬᠢᠷᠠᠭᠤᠯᠬᠤ ᠳᠤ ᠡᠷᠬᠡᠪᠰᠢ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠦᠷᠴᠦ ᠬᠢᠨᠠᠨ ᠵᠥᠪᠰᠢᠶᠡᠷᠡᠭᠦᠯᠬᠦ ᠭᠠᠷᠳᠠᠮ ︵ᠳᠠᠭᠠᠯᠳᠤᠭᠤᠯᠤᠯ 2᠄ ᠬᠤᠲᠠ ᠶᠢᠨ ᠭᠡᠷ ᠤᠨ ᠭᠠᠳᠠᠨᠠᠬᠢ ᠵᠠᠷ ᠮᠡᠳᠡᠭᠡ ︵ᠫᠠᠶᠢᠰᠠ ᠢᠯᠡᠷᠬᠡᠶᠢᠯᠡᠯ︶ ᠲᠣᠬᠢᠷᠠᠭᠤᠯᠬᠤ ᠶᠢ ᠳᠠᠩᠰᠠᠯᠠᠬᠤ ᠬᠦᠰᠦᠨᠦᠭᠲᠦ︶ ᠢ ᠭᠦᠢᠴᠡᠳᠬᠡᠨ᠎ᠡ᠂ ᠡᠯᠭᠦᠭᠰᠡᠨ ᠡᠭᠦᠳᠡᠨ ᠫᠠᠶᠢᠰᠠ ᠢᠯᠡᠷᠬᠡᠶᠢᠯᠡᠯ ᠪᠠ ᠵᠠᠷ ᠮᠡᠳᠡᠭᠡ ᠶᠢᠨ ᠤᠷᠢᠶ᠎ᠠ ᠨᠢ ᠡᠷᠬᠡᠪᠰᠢ ᠡᠷᠭᠢᠨ ᠲᠣᠭᠤᠷᠢᠨ ᠤ ᠣᠷᠴᠢᠨ ᠲᠣᠭᠤᠷᠢᠨ ᠲᠠᠢ ᠬᠠᠷᠢᠯᠴᠠᠨ ᠵᠣᠬᠢᠴᠠᠯᠳᠤᠬᠤ ᠶᠢᠨ ᠬᠠᠮᠲᠤ ᠪᠡᠯᠡᠳᠬᠡᠮᠵᠢ ᠶᠢᠨ ᠠᠮᠤᠷ ᠲᠦᠪᠰᠢᠨ᠂ ᠪᠠᠲᠤ ᠪᠠᠬᠢ᠂ ᠠᠭᠤᠯᠭ᠎ᠠ ᠨᠢ ᠡᠷᠡᠭᠦᠯ ᠴᠢᠭᠢᠷᠠᠭ᠂ ᠫᠠᠶᠢᠰᠠ ᠨᠢ ᠴᠡᠪᠡᠷ ᠲᠡᠭᠰᠢ ᠪᠠᠶᠢᠬᠤ ᠶᠢ ᠪᠠᠲᠤᠯᠠᠬᠤ ᠬᠡᠷᠡᠭᠲᠡᠶ᠃ ᠨᠢᠭᠡᠳᠦᠯᠲᠡᠶ ᠬᠡᠪ ᠪᠠᠷᠢᠮᠵᠢᠶ᠎ᠠ᠂ ᠱᠠᠭᠠᠷᠳᠠᠯᠭ᠎ᠠ ᠪᠤᠶᠤ ᠵᠥᠪᠰᠢᠶᠡᠷᠡᠭᠰᠡᠨ ᠠᠭᠤᠯᠭ᠎ᠠ ᠪᠠᠷ ᠪᠠᠶᠢᠷᠢᠯᠠᠭᠤᠯᠤᠭᠰᠠᠨ ᠦᠭᠡᠢ ᠵᠠᠷ ᠮᠡᠳᠡᠭᠡ ᠶᠢᠨ ᠪᠡᠯᠡᠳᠬᠡᠮᠵᠢ᠂ ᠡᠭᠦᠳᠡᠨ ᠫᠠᠶᠢᠰᠠ ᠢᠯᠡᠷᠬᠡᠶᠢᠯᠡᠯ ᠢ ᠬᠠᠤᠯᠢ ᠶᠣᠰᠣᠭᠠᠷ ᠠᠪᠴᠤ ᠬᠠᠶᠠᠬᠤ ᠶᠢᠨ ᠬᠠᠮᠲᠤ ᠰᠢᠢᠳᠭᠡᠨ ᠲᠣᠷᠭᠠᠨ᠎ᠠ᠃      ᠳᠥᠷᠪᠡ᠂ ᠵᠡᠭᠡᠯᠢ ᠳᠠᠭᠠᠤ ᠳᠡᠯᠭᠡᠭᠦᠷ ᠤᠨ ᠴᠢᠮᠡᠭᠯᠡᠯ ᠵᠠᠰᠠᠯ ᠨᠢ ᠪᠠᠷᠢᠯᠭ᠎ᠠ ᠶᠢᠨ ᠵᠦᠢᠯᠡᠰ ᠤᠨ ᠭᠠᠳᠠᠷ ᠲᠠᠯ᠎ᠠ ᠶᠢᠨ ᠪᠦᠲᠦᠴᠡ ᠪᠠ ᠬᠡᠷᠡᠮ ᠤᠨ ᠥᠩᠭᠡ ᠶᠢ ᠬᠤᠪᠢᠷᠠᠭᠤᠯᠬᠤ ᠳᠤ ᠬᠤᠯᠪᠤᠭᠳᠠᠪᠠᠯ ᠡᠷᠬᠡᠪᠰᠢ ᠲᠥᠯᠥᠪᠵᠢᠭᠦᠯᠭᠡ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠦᠷᠴᠦ ᠬᠢᠨᠠᠨ ᠵᠥᠪᠰᠢᠶᠡᠷᠡᠭᠦᠯᠬᠦ ᠭᠠᠷᠳᠠᠮ ᠭᠦᠢᠴᠡᠳᠬᠡᠬᠦ ᠶᠢᠨ ᠬᠠᠮᠲᠤ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ︔ ᠬᠡᠷᠪᠡ ᠵᠥᠪᠬᠡᠨ ᠳᠣᠲᠣᠭᠠᠳᠤ ᠶᠢᠨ ᠳᠥᠭᠦᠮ ᠵᠠᠰᠠᠯ ᠴᠢᠮᠡᠭᠯᠡᠯ ᠳᠤ ᠬᠤᠯᠪᠤᠭᠳᠠᠪᠠᠯ ᠡᠷᠬᠡᠪᠰᠢ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠦᠷᠴᠦ ᠬᠢᠨᠠᠨ ᠵᠥᠪᠰᠢᠶᠡᠷᠡᠭᠦᠯᠬᠦ ᠭᠠᠷᠳᠠᠮ ᠭᠦᠢᠴᠡᠳᠬᠡᠬᠦ ᠬᠡᠷᠡᠭᠲᠡᠶ ︵ᠳᠠᠭᠠᠯᠳᠤᠭᠤᠯᠤᠯ 3᠄ ᠵᠡᠭᠡᠯᠢ ᠳᠠᠭᠠᠤ ᠳᠡᠯᠭᠡᠭᠦᠷ ᠤᠨ ᠵᠠᠰᠠᠯ ᠴᠢᠮᠡᠭᠯᠡᠯ ᠤᠨ ᠭᠤᠶᠤᠴᠢᠯᠠᠯ ᠤᠨ ᠬᠦᠰᠦᠨᠦᠭᠲᠦ︶᠃ ᠵᠡᠭᠡᠯᠢ ᠳᠠᠭᠠᠤ ᠳᠡᠯᠭᠡᠭᠦᠷ ᠤᠨ ᠵᠠᠰᠠᠯ ᠴᠢᠮᠡᠭᠯᠡᠯ ᠨᠢ ᠬᠤᠲᠠ ᠶᠢᠨ ᠳᠦᠷᠢ ᠲᠥᠷᠬᠦ ᠶᠢᠨ ᠪᠠᠷᠢᠮᠵᠢᠶ᠎ᠠ ᠂ ᠣᠯᠠᠨ ᠨᠡᠶᠢᠲᠡ ᠶᠢᠨ ᠠᠮᠤᠷ ᠲᠦᠪᠰᠢᠨ ᠤ ᠱᠠᠭᠠᠷᠳᠠᠯᠭ᠎ᠠ ᠪᠠ ᠭᠡᠷ ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠂ ᠭᠡᠷ ᠪᠠᠶᠢᠰᠢᠩ ᠤᠨ ᠬᠡᠷᠡᠮ ᠤᠨ ᠭᠠᠳᠠᠷᠭᠤ᠂ ᠲᠤᠯᠭᠠᠭᠤᠷᠢᠯᠠᠯ ᠵᠡᠷᠭᠡ ᠭᠤᠤᠯ ᠴᠣᠭᠴᠠ ᠶᠢᠨ ᠪᠦᠲᠦᠴᠡ ᠪᠠ ᠳᠠᠭᠠᠭᠠᠴᠠ ᠶᠢᠨ ᠪᠦᠲᠦᠴᠡ ᠶᠢ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ︔ ᠳᠤᠷ᠎ᠠ ᠪᠠᠷ ᠢᠶᠠᠨ ᠡᠭᠦᠳᠡ ᠴᠣᠩᠬᠤ ᠨᠡᠭᠡᠭᠡᠵᠦ᠂ ᠡᠭᠦᠳᠡᠨ ᠴᠣᠩᠬᠤᠨ ᠤ ᠬᠡᠯᠪᠡᠷᠢ ᠪᠤᠶᠤ ᠣᠷᠣᠨ ᠪᠠᠶᠢᠷᠢ ᠶᠢ ᠬᠤᠪᠢᠷᠠᠭᠤᠯᠵᠤ ᠪᠣᠯᠬᠤ ᠦᠭᠡᠢ᠂ ᠪᠠᠷᠢᠯᠭ᠎ᠠ ᠶᠢᠨ ᠤᠤᠯ ᠬᠡᠪ ᠨᠠᠮᠪᠠ ᠶᠢ ᠬᠤᠪᠢᠷᠠᠭᠤᠯᠵᠤ ᠪᠣᠯᠬᠤ ᠦᠭᠡᠢ᠂ ᠠᠳᠠᠯᠢ ᠰᠠᠭᠤᠷᠢ ᠪᠠᠷᠢᠯᠭ᠎ᠠ ᠶᠢᠨ ᠵᠠᠰᠠᠯ ᠴᠢᠮᠡᠭᠯᠡᠯ ᠤᠨ ᠭᠠᠳᠠᠷ ᠬᠡᠯᠪᠡᠷᠢ᠂ ᠬᠡᠮᠵᠢᠭᠦᠷ᠂ ᠥᠩᠭᠡ ᠪᠤᠳᠤᠭ ᠲᠠᠢ ᠵᠣᠬᠢᠴᠠᠭᠤᠯᠬᠤ ᠬᠡᠷᠡᠭᠲᠡᠶ᠃      ᠲᠠᠪᠤ᠂ ᠶᠠᠮᠠᠷᠪᠠ ᠨᠢᠭᠡᠴᠢ ᠪᠣᠯᠤᠨ ᠬᠤᠪᠢ ᠬᠥᠮᠦᠨ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠵᠦᠪᠰᠢᠶᠡᠷᠡᠭᠳᠡᠭᠰᠡᠨ ᠦᠭᠡᠢ ᠪᠠᠷ ᠬᠤᠲᠠ ᠶᠢᠨ ᠵᠠᠮ ︵ᠶᠠᠪᠠᠭᠠᠨ ᠬᠥᠮᠦᠨ ᠤ ᠬᠥᠨᠳᠡᠯᠡᠨ ᠵᠠᠮ ᠪᠠᠭᠲᠠᠨ᠎ᠠ︶ ᠢ ᠡᠵᠡᠯᠡᠨ ᠬᠡᠷᠡᠭᠯᠡᠬᠦ ᠪᠤᠶᠤ ᠣᠬᠤᠵᠤ ᠮᠠᠯᠲᠠᠵᠤ ᠪᠣᠯᠬᠤ ᠦᠭᠡᠶ᠂ ᠣᠨᠴᠣᠭᠤᠶ ᠪᠠᠶᠢᠳᠠᠯ ᠠᠴᠠ ᠪᠣᠯᠵᠤ ᠬᠤᠲᠠ ᠶᠢᠨ ᠵᠠᠮ ︵ᠶᠠᠪᠠᠭᠠᠨ ᠬᠥᠮᠦᠨ ᠤ ᠬᠥᠨᠳᠡᠯᠡᠨ ᠵᠠᠮ ᠪᠠᠭᠲᠠᠨ᠎ᠠ︶ ᠪᠤᠶᠤ ᠬᠤᠲᠠ ᠶᠢᠨ ᠵᠠᠮ ᠤᠨ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠬᠤᠭᠤᠯᠠᠶ ᠶᠢᠨ ᠱᠤᠭᠤᠮ᠂ ᠪᠠᠭᠠᠨ᠎ᠠ ᠶᠢᠨ ᠱᠤᠭᠤᠮ ᠵᠡᠷᠭᠡ ᠲᠦᠬᠦᠭᠡᠷᠦᠮᠵᠢ ᠳᠤ ᠲᠦᠰᠢᠭᠯᠡᠬᠦ ᠴᠢᠬᠤᠯᠠ ᠲᠠᠢ ᠪᠣᠯ ᠡᠷᠬᠡᠪᠰᠢ ᠬᠤᠲᠠ ᠶᠢᠨ ᠶᠠᠪᠤᠳᠠᠯ ᠤᠨ ᠪᠠᠷᠢᠯᠭ᠎ᠠ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠦᠪᠰᠢᠶᠡᠷᠡᠭᠦᠯᠵᠦ᠂ ︵ᠳᠠᠭᠠᠯᠳᠤᠭᠤᠯᠤᠯ 4᠄ ᠬᠤᠲᠠ ᠶᠢᠨ ᠵᠠᠮ ᠢ ᠣᠬᠤᠵᠤ ᠮᠠᠯᠲᠠᠬᠤ ᠭᠤᠶᠤᠴᠢᠯᠠᠯ ᠤᠨ ᠬᠦᠰᠦᠨᠦᠭᠲᠦ︶ ᠪᠠᠲᠤᠯᠠᠭ᠎ᠠ ᠶᠢᠨ ᠮᠦᠩᠭᠦ ᠲᠤᠰᠢᠶᠠᠭᠠᠳ ᠰᠠᠶ᠋ᠢ ᠲᠣᠭᠲᠠᠭᠠᠯ ᠶᠣᠰᠤᠭᠠᠷ ᠡᠵᠡᠯᠡᠨ ᠵᠠᠷᠤᠵᠤ ᠪᠣᠯᠤᠨ᠎ᠠ᠃       ᠵᠢᠷᠭᠤᠭ᠎ᠠ᠂ ᠶᠠᠮᠠᠷᠪᠠ ᠨᠢᠭᠡᠴᠢ ᠪᠠ ᠬᠤᠪᠢ ᠬᠥᠮᠦᠨ ᠪᠠᠷᠢᠯᠭ᠎ᠠ ᠶᠢᠨ ᠬᠤᠭ ᠨᠣᠪᠰᠢ ᠶᠢ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ᠂ ᠬᠠᠤᠯᠢ ᠪᠤᠰᠤ ᠪᠠᠷ ᠴᠢᠳᠬᠤᠬᠤ ᠪᠠ ᠲᠡᠭᠡᠭᠡᠪᠦᠷᠢᠯᠡᠬᠦ ᠶᠠᠪᠤᠴᠠ ᠳᠤ ᠠᠰᠬᠠᠵᠤ ᠭᠤᠭᠤᠵᠢᠭᠤᠯᠬᠤ ᠶᠢ ᠴᠠᠭᠠᠵᠠᠯᠠᠨ᠎ᠠ᠃ ᠪᠠᠷᠢᠯᠭ᠎ᠠ ᠶᠢᠨ ᠬᠤᠭ ᠨᠣᠪᠰᠢ ᠭᠠᠷᠭᠠᠬᠤ ᠨᠢᠭᠡᠴᠢ ᠡᠷᠬᠡᠪᠰᠢ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ ︵ᠳᠠᠭᠠᠯᠳᠤᠭᠤᠯᠤᠯ 5᠄ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠭᠤᠶᠤᠴᠢᠯᠠᠯ ᠤᠨ ᠳᠠᠩᠰᠠᠯᠠᠭᠤᠯᠬᠤ ᠬᠦᠰᠦᠨᠦᠭᠲᠦ︶ ᠲᠣᠭᠲᠠᠭᠰᠠᠨ ᠵᠠᠮ ᠱᠤᠭᠤᠮ ᠢᠶᠠᠷ ᠵᠦᠭᠡᠭᠡᠪᠦᠷᠢᠯᠡᠵᠦ ᠲᠣᠭᠲᠠᠭᠰᠠᠨ ᠭᠠᠵᠠᠷ ᠲᠤ ᠴᠢᠳᠬᠤᠬᠤ ᠬᠡᠷᠡᠭᠲᠡᠶ᠃      ᠳᠣᠯᠤᠭ᠎ᠠ᠂ ᠶᠠᠮᠠᠷᠪᠠ ᠨᠢᠭᠡᠴᠢ ᠪᠠ ᠬᠤᠪᠢ ᠬᠥᠮᠦᠨ ᠲᠣᠭᠤᠭᠠᠨ ᠭᠡᠷ ᠤᠨ ᠬᠠᠶᠠᠭᠳᠠᠮᠠᠯ ᠪᠣᠳᠠᠰ ᠢ ᠳᠤᠷ᠎ᠠ ᠪᠠᠷ ᠢᠶᠠᠨ ᠴᠢᠳᠬᠤᠬᠤ᠂ ᠣᠪᠣᠭᠠᠯᠠᠵᠤ ᠲᠠᠯᠪᠢᠬᠤ ᠶᠢ ᠴᠠᠭᠠᠵᠠᠯᠠᠨ᠎ᠠ᠂ ᠡᠰᠡᠬᠦᠯ᠎ᠡ ᠪᠣᠷᠣᠭᠠᠨ ︵ᠪᠣᠬᠢᠷ ᠤᠰᠤ︶ ᠤ ᠤᠰᠤᠨ ᠬᠤᠭᠤᠯᠠᠢ᠂ ᠭᠤᠤ ᠰᠤᠪᠠᠭ ᠵᠡᠷᠭᠡ ᠲᠥᠬᠦᠭᠡᠷᠦᠮᠵᠢ ᠳᠤ ᠭᠠᠳᠠᠭᠰᠢᠯᠠᠭᠤᠯᠵᠤ ᠪᠣᠯᠬᠤ ᠦᠭᠡᠢ᠂ ᠲᠣᠭᠤᠭᠠᠨ ᠭᠡᠷ ᠤᠨ ᠬᠤᠭ ᠨᠣᠪᠰᠢ ᠶᠢ ᠨᠢᠭᠡᠳᠦᠯᠲᠡᠢ ᠬᠤᠷᠢᠶᠠᠨ ᠲᠡᠭᠡᠭᠡᠪᠦᠷᠢᠯᠡᠵᠦ᠂ ᠲᠥᠪᠯᠡᠷᠡᠭᠦᠯᠦᠨ ᠰᠢᠢᠳᠪᠦᠷᠢᠯᠡᠬᠦ ᠬᠡᠷᠡᠭᠲᠡᠢ᠃      ᠨᠠᠢᠮᠠ᠂ ᠶᠠᠮᠠᠷᠪᠠ ᠨᠢᠭᠡᠴᠢ ᠪᠠ ᠬᠤᠪᠢ ᠬᠥᠮᠦᠨ ᠵᠡᠭᠡᠯᠢ ᠳᠠᠭᠠᠤ ᠳᠡᠭᠡᠰᠦ ᠲᠠᠳᠠᠬᠤ᠂ ᠰᠢᠪᠠᠭ᠎ᠠ ᠪᠣᠰᠬᠠᠬᠤ ᠪᠤᠶᠤ ᠮᠣᠳᠤᠨ ᠳᠡᠭᠡᠷ᠎ᠡ ᠬᠤᠪᠴᠠᠰᠤ ᠬᠤᠨᠠᠷ᠂ ᠲᠡᠷᠭᠡᠨ ᠤ ᠢᠪᠡᠭᠡᠰᠦ ᠵᠡᠷᠭᠡ ᠢᠬᠢᠷ ᠰᠢᠬᠢᠷ ᠡᠯᠳᠡᠪ ᠪᠣᠳᠠᠰ ᠢ ᠡᠯᠭᠦᠵᠦ ᠬᠠᠳᠠᠭᠠᠵᠤ ᠪᠣᠯᠬᠤ ᠦᠭᠡᠢ︔ ᠳᠤᠷ᠎ᠠ ᠪᠠᠷ ᠢᠶᠠᠨ ᠫᠧᠩ ᠰᠠᠷᠠᠪᠴᠢ ᠪᠤᠰᠬᠠᠬᠤ᠂ ᠤᠨᠠᠭᠰᠠᠨ ᠵᠠᠷ ᠤᠨ ᠫᠠᠶᠢᠰᠠ ᠵᠡᠷᠭᠡ ᠶᠢ ᠳᠤᠷ᠎ᠠ ᠪᠠᠷ ᠢᠶᠠᠨ ᠲᠠᠯᠪᠢᠵᠤ ᠪᠣᠯᠬᠤ ᠦᠭᠡᠢ︔ ᠶᠠᠪᠠᠭᠠᠨ ᠬᠥᠮᠦᠨ ᠤ ᠵᠠᠮ᠂ ᠨᠡᠶᠢᠲᠡ ᠶᠢᠨ ᠬᠡᠷᠡᠭᠯᠡᠭᠡᠨ ᠤ ᠲᠡᠷᠭᠡ ᠵᠣᠭᠰᠣᠬᠤ ᠣᠷᠣᠨ ᠳᠤ ᠳᠤᠷ᠎ᠠ ᠪᠠᠷ ᠢᠶᠠᠨ ᠭᠠᠵᠠᠷ ᠤᠨ ᠣᠨᠢᠰᠤ ᠵᠣᠬᠢᠶᠠᠬᠤ᠂ ᠵᠣᠭᠰᠤᠭᠠᠬᠤ ᠶᠢ ᠴᠠᠭᠠᠵᠠᠯᠠᠬᠤ ᠫᠠᠶᠢᠰᠠ ᠪᠤᠶᠤ ᠲᠣᠷᠭᠤᠭᠤᠯ ᠪᠣᠳᠠᠰ ᠲᠠᠯᠪᠢᠬᠤ ᠶᠢ ᠴᠠᠭᠠᠵᠠᠯᠠᠨ᠎ᠠ︔ ᠬᠤᠲᠠ ᠶᠢᠨ ᠲᠣᠭᠤᠷᠢᠭ ᠤᠨ ᠣᠯᠠᠨ ᠨᠡᠶᠢᠲᠡ ᠶᠢᠨ ᠲᠥᠬᠦᠭᠡᠷᠦᠮᠵᠢ᠂ ᠬᠡᠷᠡᠮ ᠬᠠᠨ᠎ᠠ᠂ ᠵᠠᠮ ᠤᠨ ᠳ᠋ᠧᠩ ᠤᠨ ᠪᠠᠭᠠᠨ᠎ᠠ ᠵᠡᠷᠭᠡ ᠭᠠᠵᠠᠷ ᠲᠤ ᠳᠤᠷ᠎ᠠ ᠪᠠᠷ ᠢᠶᠠᠨ ᠵᠢᠵᠢᠭ ᠵᠠᠷ ᠮᠡᠳᠡᠭᠡ ᠨᠠᠭᠠᠬᠤ᠂ ᠳᠤᠷ᠎ᠠ ᠪᠠᠷ ᠢᠶᠠᠨ ᠵᠢᠵᠢᠭ ᠵᠠᠷ ᠪᠢᠴᠢᠵᠦ ᠨᠡᠶᠢᠲᠡᠯᠡᠬᠦ ᠶᠢ ᠴᠠᠭᠠᠵᠠᠯᠠᠨ᠎ᠠ᠃      ᠶᠢᠰᠦ᠂ ᠶᠠᠮᠠᠷᠪᠠ ᠲᠡᠵᠢᠭᠡᠨ ᠠᠷᠠᠴᠢᠯᠠᠬᠤ ᠨᠢᠭᠡᠴᠢ ᠪᠤᠶᠤ ᠬᠤᠪᠢ ᠬᠥᠮᠦᠨ ᠭᠡᠷ ᠤᠨ ᠲᠡᠵᠢᠭᠡᠪᠦᠷᠢ ᠵᠢᠭᠦᠷᠲᠡᠨ ᠢᠶᠠᠨ ᠪᠠᠯᠭᠠᠰᠤᠨ ᠤ ᠲᠣᠭᠤᠷᠢᠭ ᠲᠤ ᠣᠷᠣᠵᠤ ᠨᠡᠶᠢᠲᠡ ᠶᠢᠨ ᠵᠠᠮ ᠬᠠᠷᠢᠯᠴᠠᠭ᠎ᠠ ᠶᠢ ᠬᠠᠷᠰᠢᠯᠠᠵᠤ᠂ ᠬᠤᠲᠠ ᠶᠢᠨ ᠣᠯᠠᠨ ᠨᠡᠶᠢᠲᠡ ᠶᠢᠨ ᠪᠡᠯᠡᠳᠬᠡᠮᠵᠢ ᠶᠢ ᠡᠪᠳᠡᠬᠦ᠂ ᠵᠦᠯᠭᠡ ᠭᠠᠵᠠᠷ ᠬᠢᠭᠡᠳ ᠨᠣᠭᠤᠭᠠᠷᠠᠭᠤᠯᠤᠯᠲᠠ ᠶᠢᠨ ᠪᠡᠯᠡᠳᠬᠡᠮᠵᠢ ᠶᠢ ᠡᠪᠳᠡᠬᠦ᠂ ᠬᠤᠲᠠ ᠶᠢᠨ ᠦᠩᠭᠡ ᠦᠵᠡᠮᠵᠢ ᠠᠷᠢᠭᠤᠨ ᠴᠡᠪᠡᠷ ᠢ ᠨᠥᠯᠥᠭᠡᠯᠡᠬᠦ ᠶᠠᠪᠤᠳᠠᠯ ᠢ ᠴᠠᠭᠠᠵᠠᠯᠠᠬᠤ ᠬᠡᠷᠡᠭᠲᠡᠶ᠃ᠠᠷᠪᠠ᠂ ᠳᠡᠭᠡᠷ᠎ᠡ ᠳᠤᠷᠠᠳᠤᠭᠰᠠᠨ ᠲᠣᠭᠲᠠᠭᠠᠯ ᠢ ᠵᠥᠷᠢᠴᠡᠭᠰᠡᠨ ᠨᠢᠭᠡᠴᠢ ᠪᠠ ᠬᠤᠪᠢ ᠬᠥᠮᠦᠨ ᠢ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ ︽ᠪᠤᠭᠤᠲᠤ ᠬᠤᠲᠠ ᠶᠢᠨ ᠬᠤᠲᠠ ᠶᠢᠨ ᠦᠩᠭᠡ ᠦᠵᠡᠮᠵᠢ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠲᠦᠷᠢᠮ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠴᠢᠩᠭ᠎ᠠ ᠰᠢᠢᠳᠬᠡᠨ᠎ᠡ︔ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠶᠣᠰᠣᠭᠠᠷ ᠠᠯᠪᠠᠨ ᠶᠠᠪᠤᠳᠠᠯ ᠭᠦᠢᠴᠡᠳᠬᠡᠬᠦ ᠶᠢ ᠬᠠᠷᠰᠢᠯᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠲᠣᠷᠭᠠᠭᠤᠯᠢ ᠶᠢᠨ ᠬᠠᠤᠯᠢ︾ ᠶᠢ ᠦᠨᠳᠦᠰᠦᠯᠡᠨ ᠰᠢᠢᠳᠬᠡᠨ᠎ᠡ︔ ᠶᠠᠯ᠎ᠠ ᠳᠤ ᠬᠦᠷᠦᠭᠰᠡᠳ ᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠦᠨ᠎ᠡ᠃      ᠳᠠᠭᠠᠯᠳᠤᠭᠤᠯᠤᠯ 1᠄ ᠲᠦᠷ ᠴᠠᠭ ᠤᠨ ᠤᠬᠠᠭᠤᠯᠭ᠎ᠠ᠂ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ︵ᠨᠡᠶᠢᠲᠡ ᠶᠢᠨ ᠬᠡᠷᠡᠭᠯᠡᠭᠡᠨ ᠤ ᠲᠠᠯᠠᠪᠤᠷ︶ ᠶᠢᠨ ᠳᠠᠩᠰᠠᠯᠠᠯ ᠤᠨ ᠬᠦᠰᠦᠨᠦᠭᠲᠦ      ᠳᠠᠭᠠᠯᠳᠤᠭᠤᠯᠤᠯ 2᠄ ᠬᠤᠲᠠ ᠶᠢᠨ ᠭᠡᠷ ᠤᠨ ᠭᠠᠳᠠᠨᠠᠬᠢ ᠵᠠᠷ ᠮᠡᠳᠡᠭᠡ ︵ᠫᠠᠶᠢᠰᠠ ᠢᠯᠡᠷᠬᠡᠶᠢᠯᠡᠯ︶ ᠲᠣᠬᠢᠷᠠᠭᠤᠯᠬᠤ ᠶᠢ ᠳᠠᠩᠰᠠᠯᠠᠬᠤ ᠬᠦᠰᠦᠨᠦᠭᠲᠦ      ᠳᠠᠭᠠᠯᠳᠤᠭᠤᠯᠤᠯ 3᠄ ᠵᠡᠭᠡᠯᠢ ᠳᠠᠭᠠᠤ ᠳᠡᠯᠭᠡᠭᠦᠷ ᠤᠨ ᠵᠠᠰᠠᠯ ᠴᠢᠮᠡᠭᠯᠡᠯ ᠤᠨ ᠭᠤᠶᠤᠴᠢᠯᠠᠯ ᠤᠨ ᠬᠦᠰᠦᠨᠦᠭᠲᠦ      ᠳᠠᠭᠠᠯᠳᠤᠭᠤᠯᠤᠯ 4᠄ ᠬᠤᠲᠠ ᠶᠢᠨ ᠵᠠᠮ ᠢ ᠣᠬᠤᠵᠤ ᠮᠠᠯᠲᠠᠬᠤ ᠭᠤᠶᠤᠴᠢᠯᠠᠯ ᠤᠨ ᠬᠦᠰᠦᠨᠦᠭᠲᠦ      ᠳᠠᠭᠠᠯᠳᠤᠭᠤᠯᠤᠯ 5᠄ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠭᠤᠶᠤᠴᠢᠯᠠᠯ ᠤᠨ ᠳᠠᠩᠰᠠᠯᠠᠭᠤᠯᠬᠤ ᠬᠦᠰᠦᠨᠦᠭᠲᠦ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号