2024 ᠣᠨ ᠤ ᠪᠥᠬᠦ ᠤᠯᠤᠰ ᠤᠨ ᠮᠣᠷᠢᠨ ᠮᠡᠷᠭᠡᠵᠢᠯ ᠤᠨ ᠰᠢᠨᠳᠠᠰᠤ ᠶᠢᠨ ᠮᠠᠩᠯᠠᠶ ᠰᠢᠯᠭᠠᠷᠠᠭᠤᠯᠬᠤ | ᠤᠷᠤᠯᠳᠤᠭᠠᠨ 2024 ᠣᠨ ᠤ 8 ᠳ᠋ᠤᠭᠠᠷ ᠰᠠᠷ᠎ᠠ ᠶᠢᠨ 24 - 25 ᠤ ᠡᠳᠦᠷ ᠥᠪᠥᠷ ᠮᠣᠩᠭᠤᠯ ᠤᠨ ᠪᠤᠭᠤᠲᠤ | ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠤᠤ ᠮᠠ ᠭᠧᠤ ᠲᠠᠷᠢᠶᠠᠯᠠᠩ ᠤᠨ ᠲᠠᠯᠠᠪᠠᠶ ᠳᠤ | ᠶᠠᠪᠤᠭᠳᠠᠨ᠎ᠠ᠃ | ᠪᠦᠬᠦ ᠤᠯᠤᠰ ᠤᠨ ᠮᠣᠷᠢᠨ ᠮᠡᠷᠭᠡᠵᠢᠯ ᠤᠨ ᠰᠢᠨᠳᠠᠰᠤ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠪᠣᠯ | ᠳᠤᠮᠳᠠᠳᠤ ᠤᠯᠤᠰ ᠤᠨ ᠮᠣᠷᠢᠨ ᠮᠡᠷᠭᠡᠵᠢᠯ ᠤᠨ ᠨᠡᠶᠢᠭᠡᠮᠯᠢᠭ ᠤᠨ ᠡᠷᠬᠢᠯᠡᠭᠰᠡᠨ ᠬᠠᠮᠤᠭ ᠤᠨ ᠳᠡᠭᠡᠳᠦ ᠳᠡᠰ ᠤᠨ ᠮᠣᠷᠢᠨ | ᠮᠡᠷᠭᠡᠵᠢᠯ ᠤᠨ ᠰᠢᠨᠳᠠᠰᠤ ᠶᠢᠨ ᠤᠷᠤᠯᠳᠤᠭᠠᠨ᠂ ᠳᠤᠮᠳᠠᠳᠤ ᠤᠯᠤᠰ ᠤᠨ ᠮᠣᠷᠢᠨ ᠮᠡᠷᠭᠡᠵᠢᠯ ᠤᠨ ᠬᠦᠷᠢᠶᠡᠨ ᠳᠤ ᠮᠠᠰᠢ | ᠥᠨᠳᠥᠷ ᠨᠡᠷ᠎ᠡ ᠲᠥᠷᠥ ᠪᠠ ᠨᠥᠯᠥᠭᠡᠯᠡᠬᠦ ᠬᠦᠴᠦᠨ ᠲᠠᠢ᠃ ᠲᠣᠰ ᠤᠷᠤᠯᠳᠤᠭᠠᠨ ᠤ ᠤᠷᠤᠯᠳᠤᠭᠠᠨ ᠳᠤ ᠣᠷᠤᠯᠴᠠᠬᠤ | ᠬᠢᠷᠢ ᠬᠡᠮ ᠴᠢᠩᠭ᠎ᠠ᠂ ᠪᠦᠯᠬᠦᠮ ᠤᠨ ᠲᠦᠷᠦᠭᠦᠤ ᠭᠤᠷᠪᠠᠨ ᠨᠡᠷᠡᠰ᠂ ᠬᠤᠪᠢ ᠬᠥᠮᠦᠨ ᠤ ᠲᠦᠷᠦᠭᠦᠤ ᠭᠤᠷᠪᠠᠨ | ᠨᠡᠷᠡᠰ ᠨᠢ ᠤᠯᠤᠰ ᠤᠨ ᠲᠠᠰ ᠤᠨ ᠠᠪᠤᠷᠭᠤ ᠲᠠᠮᠢᠷᠴᠢᠨ ᠴᠣᠯᠠ ᠬᠠᠮᠠᠭᠠᠯᠠᠭᠳᠠᠨ᠎ᠠ᠃ ᠡᠶᠢᠮᠦ ᠠᠴᠠ ᠤᠷᠤᠯᠳᠤᠭᠠᠨ ᠨᠢ | ᠪᠥᠬᠦ ᠤᠯᠤᠰ ᠤᠨ ᠡᠯ᠎ᠡ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠴᠢᠬᠤᠯᠠᠴᠢᠯᠠᠯ ᠢ ᠬᠦᠷᠲᠡᠬᠦ ᠪᠠᠷ ᠪᠠᠷᠠᠬᠤ ᠥᠬᠡᠶ᠂ | ᠪᠠᠰᠠ ᠥᠷᠭᠡᠨ ᠣᠯᠠᠨ ᠮᠣᠷᠢᠨ ᠮᠡᠷᠭᠡᠵᠢᠯ ᠰᠣᠨᠢᠷᠬᠠᠭᠴᠢᠳ ᠤᠨ ᠠᠩᠬᠠᠷᠤᠯ ᠢ ᠶᠡᠬᠡᠳᠡ ᠲᠠᠲᠠᠨ᠎ᠠ᠃ ᠲᠣᠰ | ᠤᠳᠠᠭᠠᠨ ᠤ ᠤᠷᠤᠯᠳᠤᠭᠠᠨ ᠤ ᠲᠦᠰᠦᠯ ᠨᠢ 40 - 80 ᠺᠢᠯᠣᠮᠧᠲᠷ ᠤᠨ ᠰᠢᠨᠳᠠᠰᠤ ᠶᠢᠨ ᠪᠠᠷᠢᠮᠵᠢᠶᠠᠵᠢᠭᠤᠯᠬᠤ | ᠤᠷᠤᠯᠳᠤᠭᠠᠨ ᠪᠠ 100-120 ᠺᠢᠯᠣᠮᠧᠲᠷ ᠤᠨ ᠰᠢᠨᠳᠠᠰᠤ ᠶᠢᠨ ᠥᠷᠢᠰᠥᠯᠳᠦᠭᠡᠨ ᠤ ᠤᠷᠤᠯᠳᠤᠭᠠᠨ ᠪᠣᠯᠤᠨ᠎ᠠ᠂ | ᠡᠭᠦᠨ ᠳᠤ ᠬᠠᠮᠲᠤ ᠶᠢᠨ ᠤᠷᠤᠯᠳᠤᠭᠠᠨ ᠪᠠ ᠬᠤᠪᠢ ᠬᠥᠮᠦᠨ ᠤ ᠤᠷᠤᠯᠳᠤᠭᠠᠨ ᠭᠡᠵᠦ ᠬᠤᠪᠢᠶᠠᠨ᠎ᠠ᠂ ᠲᠣᠰ | ᠤᠳᠠᠭᠠᠨ ᠤ ᠤᠷᠤᠯᠳᠤᠭᠠᠨ ᠢ ᠰᠠᠶᠢᠲᠤᠷ ᠡᠷᠭᠢᠯᠡᠬᠦ ᠶᠢᠨ ᠲᠥᠯᠥᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ | ᠦᠢᠯᠡᠴᠢᠯᠡᠭᠡᠨ ᠤ ᠪᠠᠲᠤᠯᠠᠭ᠎ᠠ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠮᠣᠷᠢᠨ ᠮᠡᠷᠭᠡᠵᠢᠯ ᠤᠨ | ᠤᠷᠤᠯᠳᠤᠭᠠᠨ ᠤ ᠠᠵᠢᠯᠯᠠᠭ᠎ᠠ ᠶᠢᠨ ᠡᠯ᠎ᠡ ᠵᠦᠢᠯ ᠤᠨ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠪᠥᠬᠦ | ᠤᠯᠤᠰ ᠤᠨ ᠮᠣᠷᠢᠨ ᠮᠡᠷᠭᠡᠵᠢᠯ ᠤᠨ ᠰᠢᠨᠳᠠᠰᠤ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠤ ᠠᠵᠢᠯᠯᠠᠭ᠎ᠠ ᠶᠢᠨ | ᠠᠮᠤᠷ ᠲᠦᠪᠰᠢᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠵᠤ᠂ ᠣᠲᠣ ᠨᠡᠶᠢᠭᠡᠮ ᠳᠤ ᠬᠠᠨᠳᠤᠭᠤᠯᠤᠨ ᠲᠣᠰ | ᠤᠳᠠᠭᠠᠨ ᠤ ᠤᠷᠤᠯᠳᠤᠭᠠᠨ ᠳᠤ ᠬᠦᠴᠦᠨ ᠴᠢᠳᠠᠯ ᠢᠶᠠᠨ ᠡᠷᠭᠦᠬᠦ ᠰᠠᠶᠢᠨ ᠳᠤᠷ᠎ᠠ ᠶᠢᠨ ᠠᠵᠢᠯᠯᠠᠭᠴᠢ ᠡᠯᠰᠡᠬᠦ ᠪᠠᠷ | ᠪᠠᠶᠢᠨ᠎ᠠ᠃ | ᠡᠯᠰᠡᠬᠦ ᠱᠠᠭᠠᠷᠳᠠᠯᠭ᠎ᠠ | 1. ᠨᠠᠰᠤ ᠪᠠ ᠱᠠᠭᠠᠷᠳᠠᠯᠭ᠎ᠠ᠄ 18-30 ᠨᠠᠰᠤ᠂ ᠡᠷᠡᠭᠲᠡᠢ ᠡᠮᠡᠭᠲᠡᠢ ᠬᠢᠵᠠᠭᠠᠷᠯᠠᠬᠤ ᠦᠭᠡᠢ᠂ ᠪᠠᠷᠢᠮᠵᠢᠶ᠎ᠠ | ᠬᠡᠯᠡ ᠪᠠᠷᠢᠮᠵᠢᠶᠠᠵᠢᠭᠰᠠᠨ᠂ ᠲᠦᠷᠰᠦ ᠵᠠᠩ ᠠᠪᠤᠷᠢ ᠰᠠᠶᠢᠨ᠃ | 2. ᠪᠡᠶ᠎ᠡ ᠮᠠᠭᠪᠣᠳ ᠡᠷᠭᠦᠯ᠂ ᠮᠠᠭᠤ ᠳᠤᠷᠠᠰᠢᠯ ᠦᠭᠡᠢ᠂ ᠬᠠᠤᠯᠢ ᠰᠠᠬᠢᠯᠭ᠎ᠠ ᠠᠴᠠ ᠵᠦᠷᠢᠴᠡᠭᠰᠡᠨ ᠦᠢᠯᠡ | ᠠᠵᠢᠯᠯᠠᠭ᠎ᠠ ᠬᠢᠭᠰᠡᠨ ᠦᠭᠡᠢ᠃ | 3.᠂ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠠᠶᠢᠷᠠᠲᠠᠢ᠂ ᠬᠦᠴᠢᠷ ᠵᠣᠪᠠᠭᠤᠷᠢ ᠶᠢ ᠲᠡᠰᠪᠦᠷᠢᠯᠡᠬᠦ ᠵᠣᠷᠢᠭ | ᠲᠠᠢ᠂ ᠠᠵᠢᠯ ᠳᠤ ᠪᠠᠨ ᠬᠢᠨᠠᠮᠠᠭᠠᠢ᠂ ᠬᠠᠷᠢᠭᠤᠴᠠᠯᠭ᠎ᠠ ᠲᠠᠢ᠂ ᠢᠳᠡᠪᠬᠢᠲᠡᠢ ᠪᠦᠭᠡᠳ ᠰᠠᠨᠠᠭᠠᠴᠢᠯᠠᠭ᠎ᠠ ᠲᠠᠢ᠂ ᠰᠠᠶᠢᠨ | ᠪᠦᠯᠬᠦᠮ ᠨᠡᠶᠢᠲᠡ ᠶᠢᠨ ᠬᠠᠮᠲᠤᠷᠠᠯᠴᠠᠭᠠᠨ ᠤ ᠵᠣᠷᠢᠭ ᠰᠠᠨᠠᠭ᠎ᠠ ᠪᠠ ᠨᠡᠪᠲᠡᠷᠡᠯᠴᠡᠬᠦ ᠴᠢᠳᠠᠪᠤᠷᠢ ᠲᠠᠢ ᠪᠠᠶᠢᠵᠤ ᠵᠣᠬᠢᠶᠠᠨ | ᠪᠠᠶᠢᠭᠤᠯᠤᠯᠲᠠ ᠶᠢᠨ ᠲᠣᠬᠢᠷᠠᠭᠤᠯᠤᠯᠲᠠ ᠶᠢ ᠳᠠᠭᠠᠭᠠᠵᠤ᠂ ᠰᠠᠶᠢᠨ ᠳᠤᠷ᠎ᠠ ᠶᠢᠨ ᠠᠵᠢᠯᠯᠠᠭ᠎ᠠ ᠶᠢᠨ ᠦᠢᠯᠡᠳᠦᠯᠭᠡ ᠶᠢᠨ | ᠲᠤᠷᠰᠢᠯᠭ᠎ᠠ ᠲᠠᠢ ᠬᠦᠮᠦᠰ ᠢ ᠤᠷᠢᠳᠠᠪᠡᠷ ᠪᠣᠳᠤᠯᠬᠢᠯᠠᠨ᠎ᠠ᠃ | 4. ᠰᠤᠷᠤᠯᠭ᠎ᠠ ᠶᠢᠨ ᠨᠠᠮᠲᠠᠷ ᠤᠨ ᠱᠠᠭᠠᠷᠲᠠᠯᠭ᠎ᠠ᠄ ᠳᠡᠭᠡᠳᠦ ᠵᠡᠷᠭᠡ ᠶᠢᠨ ᠳᠤᠮᠳᠠᠲᠤ ᠰᠤᠷᠭᠠᠭᠤᠯᠢ | ᠳᠡᠭᠦᠰᠡᠭᠰᠡᠳ᠂ ᠳᠡᠭᠡᠳᠦ ᠵᠡᠷᠭᠡ ᠶᠢᠨ ᠲᠤᠰᠠᠬᠠᠢ ᠮᠡᠷᠭᠡᠵᠢᠯ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ | ᠲᠠᠢ ᠬᠦᠮᠦᠰ ᠢ ᠤᠷᠢᠳᠠᠪᠡᠷ ᠪᠣᠳᠤᠯᠬᠢᠯᠠᠨ᠎ᠠ᠃ | 5. ᠬᠤᠭᠤᠯᠠ ᠬᠤᠨᠤᠭ ᠤᠨ ᠪᠠᠶᠢᠳᠠᠯ᠄ ᠤᠷᠤᠯᠳᠤᠭᠠᠨ ᠤ ᠶᠠᠪᠤᠳᠠᠯ ᠢ ᠵᠤᠬᠢᠶᠠᠨ ᠪᠠᠶᠢᠭᠤᠯᠬᠤ ᠺᠤᠮᠢᠰ ᠠᠴᠠ | ᠨᠢᠭᠡᠳᠤᠯᠳᠠᠢ ᠬᠤᠭᠤᠯᠠ ᠬᠤᠨᠤᠭ ᠤᠨ ᠪᠠᠶᠢᠳᠠᠯ ᠢ ᠲᠤᠬᠢᠷᠠᠭᠤᠯᠤᠨ᠎ᠠ᠃ | ᠠᠵᠢᠯᠯᠠᠬᠤ ᠭᠠᠵᠠᠷ | ᠪᠤᠭᠤᠲᠤ ᠬᠤᠲᠠ ᠶᠢᠨ ᠳᠠᠷᠬᠠᠨ ᠮᠣᠣᠮᠢᠩᠭᠠᠨ ᠬᠤᠯᠪᠣᠭᠠᠲᠤ ᠬᠤᠰᠢᠭᠤᠨᠤ ᠠᠭᠤᠢ ᠪᠠᠯᠭᠠᠰᠤᠨ ᠤ ᠲᠤᠤ ᠮᠠ | ᠭᠧᠤ ᠲᠠᠷᠢᠶᠠᠯᠠᠩ ᠤᠨ ᠲᠠᠯᠠᠪᠠᠶ | ᠦᠢᠯᠡᠴᠢᠯᠡᠭᠡ ᠶᠢᠨ ᠬᠤᠭᠤᠴᠠᠭ᠎ᠠ | 2024 ᠣᠨ ᠤ 8 ᠳ᠋ᠤᠭᠠᠷ ᠰᠠᠷ᠎ᠠ ᠶᠢᠨ 5 ᠤ ᠡᠳᠦᠷ ᠠᠴᠠ 8 ᠳ᠋ᠤᠭᠠᠷ ᠰᠠᠷ᠎ᠠ ᠶᠢᠨ 10 ᠤ ᠡᠳᠦᠷ | 2024 ᠣᠨ ᠤ 8 ᠳ᠋ᠤᠭᠠᠷ ᠰᠠᠷ᠎ᠠ ᠶᠢᠨ 20 ᠤ ᠡᠳᠦᠷ ᠠᠴᠠ 8 ᠳ᠋ᠤᠭᠠᠷ ᠰᠠᠷ᠎ᠠ ᠶᠢᠨ 25 ᠤ ᠡᠳᠦᠷ | ᠰᠠᠶᠢᠨ ᠳᠤᠷ᠎ᠠ ᠶᠢᠨ ᠠᠰᠠᠷᠠᠮᠵᠢ | 1. ᠰᠠᠶᠢᠨ ᠳᠤᠷ᠎ᠠ ᠶᠢᠨ ᠠᠵᠢᠯᠯᠠᠭᠴᠢ ᠶᠢᠨ ᠦᠨᠡᠮᠯᠡᠯ᠄ ᠰᠠᠶᠢᠨ ᠳᠤᠷ᠎ᠠ ᠶᠢᠨ ᠦᠢᠯᠡᠴᠢᠯᠡᠭᠡᠨ ᠤ | ᠬᠤᠭᠤᠴᠠᠭ᠎ᠠ ᠨᠢ ᠳᠦᠭᠦᠷᠪᠡᠯ᠂ ᠰᠠᠶᠢᠨ ᠳᠤᠷ᠎ᠠ ᠶᠢᠨ ᠦᠢᠯᠡᠴᠢᠯᠡᠭᠡᠨ ᠤ ᠢᠷᠠᠭᠤ ᠠᠯᠳᠠᠷ ᠤᠨ ᠦᠨᠡᠮᠯᠡᠯ ᠣᠯᠭᠤᠵᠤ᠂ | ᠰᠠᠶᠢᠨ ᠳᠤᠷ᠎ᠠ ᠶᠢᠨ ᠠᠵᠢᠯᠯᠠᠭᠴᠢ ᠶᠢᠨ ᠨᠡᠶᠢᠭᠡᠮ ᠤᠨ ᠦᠢᠯᠡᠳᠦᠯᠭᠡ ᠶᠢᠨ ᠲᠤᠷᠰᠢᠯᠭ᠎ᠠ ᠶᠢ ᠲᠡᠭᠦᠯᠳᠡᠷᠵᠢᠭᠦᠯᠦᠨ᠎ᠡ᠃ | 2. ᠪᠣᠯᠪᠠᠰᠤᠷᠠᠯ ᠤᠨ ᠲᠣᠬᠢᠶᠠᠯ᠄ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ ᠲᠡᠭᠦᠨ ᠳᠤ ᠬᠠᠮᠢᠶ᠎ᠠ | ᠪᠥᠬᠦᠶ ᠪᠣᠯᠪᠠᠰᠤᠷᠠᠯ ᠬᠢᠵᠦ᠂ ᠰᠠᠶᠢᠨ ᠳᠤᠷ᠎ᠠ ᠶᠢᠨ ᠠᠵᠢᠯᠯᠠᠭᠴᠢ ᠶᠢ ᠬᠠᠪᠰᠤᠷᠤᠨ ᠰᠠᠶᠢᠨ ᠳᠤᠷ᠎ᠠ ᠶᠢᠨ | ᠦᠢᠯᠡᠴᠢᠯᠡᠭᠡᠨ ᠤ ᠡᠭᠦᠷᠭᠡ ᠶᠢ ᠨᠠᠩ ᠰᠠᠶᠢᠲᠤᠷ ᠪᠡᠶᠡᠯᠡᠭᠦᠯᠦᠨ᠎ᠡ᠃ | ᠨᠡᠷ᠎ᠡ ᠮᠡᠳᠡᠭᠦᠯᠬᠦ ᠬᠡᠯᠪᠡᠷᠢ | ᠬᠠᠷᠢᠯᠴᠠᠬᠤ ᠬᠥᠮᠦᠨ᠄ ᠯᠢᠶᠠᠩ ᠶᠦᠩ ᠭᠠᠩ | ᠬᠠᠷᠢᠯᠴᠠᠬᠤ ᠤᠲᠠᠰᠤ᠄ 15848236848 ︵ᠸᠢᠴᠠᠲ ᠤᠨ ᠵᠡᠷᠭᠡᠴᠡᠯ︶ | ᠡᠷᠬᠢᠯᠡᠬᠦ ᠨᠢᠭᠡᠴᠢ | ᠭᠤᠣᠯᠯᠠᠨ ᠡᠷᠬᠢᠯᠡᠭᠰᠡᠨ ᠨᠢᠭᠡᠴᠢ᠄ ᠳᠤᠮᠳᠠᠳᠤ ᠤᠯᠤᠰ ᠤᠨ ᠮᠣᠷᠢᠨ ᠮᠡᠷᠭᠡᠵᠢᠯ ᠤᠨ ᠨᠡᠶᠢᠭᠡᠮᠯᠢᠭ | ᠳᠠᠭᠠᠭᠠᠴᠢᠯᠠᠨ ᠡᠷᠬᠢᠯᠡᠬᠦ ᠨᠢᠭᠡᠴᠢ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠪᠡᠶ᠎ᠡ ᠶᠢᠨ | ᠲᠠᠮᠢᠷ ᠵᠢᠭᠤᠯᠴᠢᠯᠠᠯ ᠤᠨ ᠷᠠᠳᠢᠣ᠋ ᠲᠧᠯᠸᠢᠰ ᠤᠨ ᠲᠣᠪᠴᠢᠶ᠎ᠠ | ᠬᠠᠮᠵᠢᠨ ᠡᠷᠬᠢᠯᠡᠭᠰᠡᠨ ᠨᠢᠭᠡᠴᠢ᠄ ᠪᠤᠭᠤᠲᠤ ᠬᠤᠲᠠ ᠶᠢᠨ ᠱᠢ ᠪᠦᠦ ᠲᠡᠮᠦᠷ ᠤᠨ ᠠᠭᠤᠷᠬᠠᠶ ᠶᠢᠨ ᠪᠦᠯᠦᠭᠯᠡᠯ ᠤᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠭᠦᠢᠴᠡᠳᠭᠡᠬᠦ ᠨᠢᠭᠡᠴᠢ᠄ ᠪᠡᠭᠡᠵᠢᠩ ᠤᠨ ᠵᠢᠦ ᠵᠧᠦ ᠶᠢᠨ ᠮᠠ ᠣᠯᠠᠨ ᠤᠯᠤᠰ ᠤᠨ ᠰᠣᠶᠣᠯ ᠤᠨ | ᠬᠥᠭᠵᠢᠯᠲᠡ ᠶᠢᠨ ᠬᠢᠵᠠᠭᠠᠷᠲᠤ ᠺᠣᠮᠫᠠᠨᠢ | ︽2024 ᠣᠨ ᠤ ᠲᠤᠤ ᠮᠠ ᠭᠧᠦ ᠶᠢᠨ ᠰᠢᠯᠦᠭ ᠵᠢᠷᠤᠭ ᠤᠨ ᠲᠠᠯ᠎ᠠ ᠨᠤᠲᠤᠭ ᠤᠨ ᠪᠦᠬᠦ ᠤᠯᠤᠰ ᠤᠨ | ᠮᠣᠷᠢᠨ ᠮᠡᠷᠭᠡᠵᠢᠯ ᠤᠨ ᠰᠢᠨᠳᠠᠰᠤ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ︾ ᠳᠤ ᠨᠢᠭᠡ ᠬᠤᠪᠢ ᠬᠦᠴᠦᠨ | ᠴᠢᠳᠠᠯ ᠢᠶᠠᠨ ᠡᠷᠭᠦᠬᠦ ᠶᠢ ᠪᠢᠳᠡ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃ | |