ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠥᠳᠡᠯᠮᠦᠷᠢ ᠦᠢᠯᠡᠴᠢᠯᠡᠭᠡ ᠲᠣᠮᠢᠯᠠᠬᠤ  ᠠᠵᠢᠯᠴᠢᠨ ᠬᠡᠷᠡᠭᠯᠡᠬᠦ ᠠᠵᠢᠯᠯᠠᠭ᠎ᠠ ᠶᠢ ᠵᠢᠷᠤᠮᠵᠢᠭᠤᠯᠪᠠ
ᠨᠡᠶᠢᠲᠡᠯᠡᠭᠰᠡᠨ ᠴᠠᠭ᠄
2024/8/15
      ᠪᠤᠭᠤᠲᠤ ᠬᠤᠲᠠ ᠶᠢᠨ ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠥᠮᠴᠢᠯᠡᠯ ᠤᠨ ᠡᠳ᠋  ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠨᠢ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ  ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠠᠵᠢᠯᠴᠢᠨ  ᠬᠡᠷᠡᠭᠯᠡᠬᠦ ᠬᠠᠷᠢᠴᠠᠭ᠎ᠠ ᠶᠢ ᠪᠠᠶᠢᠭᠤᠯᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ  ᠬᠥᠳᠡᠯᠮᠦᠷᠢ ᠶᠢᠨ ᠭᠡᠷ᠎ᠡ ᠶᠢᠨ ᠬᠠᠤᠯᠢ︾᠂ ︽ᠬᠥᠳᠡᠯᠮᠦᠷᠢ ᠦᠢᠯᠡᠴᠢᠯᠡᠭᠡ ᠲᠣᠮᠢᠯᠠᠬᠤ ᠲᠦᠷ ᠬᠡᠷᠡᠭᠵᠢᠭᠦᠯᠬᠦ  ᠲᠣᠭᠲᠠᠭᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ᠂ ︽ᠪᠤᠭᠤᠲᠤ ᠬᠤᠲᠠ ᠶᠢᠨ ᠲᠥᠷᠥ ᠶᠢᠨ  ᠶᠠᠪᠤᠳᠠᠯ ᠤᠨ ᠬᠤᠷᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ  ᠵᠥᠪᠯᠡᠯ ᠤᠨ ᠪᠡᠯᠡ ᠭᠠᠷᠭᠠᠯᠲᠠ ᠶᠢ ᠬᠢᠨᠠᠨ ᠬᠠᠮᠢᠶᠠᠷᠬᠤ ᠠᠵᠤ ᠠᠬᠤᠢᠯᠠᠯ ᠤᠨ ᠬᠥᠳᠡᠯᠮᠦᠷᠢ ᠦᠢᠯᠡᠴᠢᠯᠡᠭᠡ ᠲᠣᠮᠢᠯᠠᠬᠤ  ᠬᠥᠮᠦᠰ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠪᠡᠯᠡ ᠭᠠᠷᠭᠠᠵᠤ  ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠥᠳᠡᠯᠮᠦᠷᠢ ᠦᠢᠯᠡᠴᠢᠯᠡᠭᠡᠨ ᠤ ᠲᠣᠮᠢᠯᠠᠨ ᠬᠡᠷᠡᠭᠯᠡᠬᠦ ᠦᠢᠯᠡ  ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠶᠢ ᠵᠢᠯᠣᠭᠤᠳᠤᠨ᠎ᠠ᠃         ᠨᠢᠭᠡ ᠳᠤ ᠪᠡᠯᠡ ᠮᠥᠩᠭᠦ ᠶᠢ ᠬᠢᠨᠠᠨ ᠬᠠᠮᠢᠶᠠᠷᠬᠤ ᠠᠵᠤ ᠠᠬᠤᠶᠢᠯᠠᠯ ᠤᠨ ᠭᠤᠣᠯ ᠴᠣᠭᠴᠠ ᠶᠢᠨ  ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠠᠵᠤ ᠠᠬᠤᠶᠢᠯᠠᠯ ︽ᠬᠥᠳᠡᠯᠮᠦᠷᠢ ᠦᠢᠯᠡᠴᠢᠯᠡᠭᠡ ᠲᠣᠮᠢᠯᠠᠬᠤ ᠲᠦᠷ  ᠬᠡᠷᠡᠭᠵᠢᠭᠦᠯᠬᠦ ᠲᠣᠭᠲᠠᠭᠠᠯ︾ ᠢ ᠴᠢᠩᠭ᠎ᠠ ᠬᠡᠷᠡᠭᠵᠢᠭᠦᠯᠵᠦ᠂ ᠬᠥᠳᠡᠯᠮᠦᠷᠢ ᠦᠢᠯᠡᠴᠢᠯᠡᠭᠡ ᠲᠣᠮᠢᠯᠠᠬᠤ ᠠᠵᠢᠯᠲᠠᠨ ᠢ  ᠬᠡᠷᠡᠭᠯᠡᠬᠦ ᠳᠡᠭᠡᠨ ᠠᠵᠤ ᠠᠬᠤᠶᠢᠯᠠᠯ ᠤᠨ ᠵᠢᠯ ᠤᠨ ᠪᠦᠬᠦ ᠠᠵᠢᠯᠲᠠᠨ ᠤ ᠬᠥᠳᠡᠯᠮᠦᠷᠢ ᠦᠢᠯᠡᠳᠪᠦᠷᠢᠯᠡᠯ ᠤᠨ ᠨᠣᠷᠮ᠎ᠠ ᠶᠢ  ᠠᠳᠠᠯᠢ ᠠᠵᠢᠯ ᠲᠥᠷᠥᠯ ᠤᠨ ᠪᠦᠬᠦ ᠠᠵᠢᠯᠲᠠᠨ ᠤ ᠬᠥᠳᠡᠯᠮᠦᠷᠢ ᠦᠢᠯᠡᠳᠪᠦᠷᠢᠯᠡᠯ ᠤᠨ ᠨᠣᠷᠮ᠎ᠠ ᠶᠢᠨ ᠳᠤᠮᠳᠠᠴᠢ ᠬᠢᠷᠢ  ᠬᠡᠮᠵᠢᠶ᠎ᠡ ᠯᠦᠭᠡ ᠪᠠᠷᠢᠮᠵᠢᠶᠠᠯᠠᠨ᠂ ᠳᠤᠮᠳᠠᠴᠢ ᠬᠡᠮᠵᠢᠭᠳᠡᠯ ᠤᠨ  ᠶᠣᠰᠣᠭᠠᠷ  ᠠᠵᠢᠯᠲᠠᠨ ᠤ  ᠲᠤᠭ᠎ᠠ  ᠶᠢ  ᠬᠢᠨᠠᠨ  ᠲᠣᠭᠲᠠᠭᠠᠵᠤ᠂ ᠶᠡᠷᠦᠩᠬᠡᠶ ᠬᠡᠮᠵᠢᠶ᠎ᠡ ᠶᠢ ᠴᠢᠩᠭ᠎ᠠ ᠬᠢᠵᠠᠭᠠᠷᠯᠠᠬᠤ᠂ ᠭᠡᠷ᠎ᠡ ᠪᠣᠯᠵᠣᠨ ᠲᠣᠭᠲᠠᠬᠤ᠂ ᠵᠢᠷᠤᠮᠵᠢᠭᠤᠯᠤᠨ  ᠬᠠᠮᠢᠶᠠᠷᠬᠤ ᠵᠡᠷᠭᠡ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠬᠡᠷᠡᠭᠲᠡᠶ᠃         ᠬᠤᠶᠠᠷ ᠲᠤ ᠬᠥᠳᠡᠯᠮᠦᠷᠢ ᠦᠢᠯᠡᠴᠢᠯᠡᠭᠡ ᠲᠣᠮᠢᠯᠠᠬᠤ ᠪᠠᠶᠢᠭᠤᠯᠤᠮᠵᠢ ᠳᠤ ᠨᠠᠶᠢᠳᠠᠵᠤ ᠠᠵᠢᠯᠲᠠᠨ ᠤᠷᠢᠬᠤ ᠠᠵᠢᠯ ᠢ  ᠥᠷᠨᠢᠭᠦᠯᠦᠨ᠎ᠡ᠃ ᠠᠵᠤ ᠠᠬᠤᠶᠢᠯᠠᠯ ᠨᠢ ᠬᠥᠳᠡᠯᠮᠦᠷᠢ ᠦᠢᠯᠡᠴᠢᠯᠡᠭᠡ ᠲᠣᠮᠢᠯᠠᠬᠤ ᠠᠵᠢᠯᠲᠠᠨ ᠢ ᠬᠡᠷᠡᠭᠯᠡᠬᠦ ᠳᠡᠭᠡᠨ  ᠡᠷᠬᠡᠪᠰᠢ ᠬᠥᠳᠡᠯᠮᠦᠷᠢ ᠦᠢᠯᠡᠴᠢᠯᠡᠭᠡ ᠲᠣᠮᠢᠯᠠᠬᠤ ᠪᠠᠶᠢᠭᠤᠯᠤᠮᠵᠢ ᠳᠤ ᠨᠠᠶᠢᠳᠠᠵᠤ᠂ ᠬᠥᠳᠡᠯᠮᠦᠷᠢ ᠦᠢᠯᠡᠴᠢᠯᠡᠭᠡ  ᠲᠣᠮᠢᠯᠠᠬᠤ ᠪᠠᠶᠢᠭᠤᠯᠤᠮᠵᠢ ᠠᠴᠠ ᠠᠵᠢᠯᠲᠠᠨ ᠤᠷᠢᠬᠤ ᠠᠯᠪᠠᠨ ᠵᠠᠷ᠂ ᠰᠢᠯᠭᠠᠨ ᠪᠠᠶᠢᠴᠠᠭᠠᠬᠤ ᠵᠣᠬᠢᠶᠠᠨ ᠪᠠᠶᠢᠭᠤᠯᠤᠯᠲᠠ  ᠵᠡᠷᠭᠡ ᠤᠷᠢᠬᠤ ᠵᠠᠩᠭᠢᠯᠠᠭ᠎ᠠ ᠶᠢᠨ ᠳᠠᠷᠠᠭ᠎ᠠ ᠠᠵᠢᠯ ᠳᠤ ᠣᠷᠤᠨ᠎ᠠ᠂ ᠠᠵᠤ ᠠᠬᠤᠶᠢᠯᠠᠯ ᠨᠢ ᠬᠥᠳᠡᠯᠮᠦᠷᠢ ᠦᠢᠯᠡᠴᠢᠯᠡᠭᠡ  ᠲᠣᠮᠢᠯᠠᠬᠤ ᠠᠵᠢᠯᠲᠠᠨ ᠡᠯᠰᠡᠨ ᠤᠷᠢᠬᠤ ᠠᠯᠪᠠᠨ ᠵᠠᠷ ᠨᠡᠶᠢᠲᠡᠯᠡᠵᠦ ᠪᠣᠯᠬᠤ ᠦᠭᠡᠶ᠃         ᠭᠤᠷᠪᠠ ᠳᠤ᠂ ᠪᠡᠯᠡ ᠭᠠᠷᠭᠠᠭᠰᠠᠨ ᠠᠵᠤ ᠠᠬᠤᠶᠢᠯᠠᠯ ᠬᠢᠨᠠᠯᠲᠠ ᠲᠠᠯᠪᠢᠬᠤ ᠪᠠ ᠬᠠᠮᠢᠶᠠᠷᠤᠯᠲᠠ ᠪᠠᠨ  ᠴᠢᠩᠭᠠᠳᠬᠠᠬᠤ ᠬᠡᠷᠡᠭᠲᠡᠢ᠃ ᠠᠵᠤ ᠠᠬᠤᠶᠢᠯᠠᠯ ᠬᠥᠳᠡᠯᠮᠦᠷᠢ ᠦᠢᠯᠡᠴᠢᠯᠡᠭᠡ ᠲᠣᠮᠢᠯᠠᠬᠤ ᠠᠴᠠ ᠡᠮᠦᠨ᠎ᠡ᠂ ᠬᠤᠶᠢᠨ᠎ᠠ  ᠪᠦᠷ ᠪᠤᠭᠤᠲᠤ ᠬᠤᠲᠠ ᠶᠢᠨ ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠥᠮᠴᠢᠯᠡᠯ ᠤᠨ ᠡᠳ᠋  ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠳᠠᠩᠰᠠᠯᠠᠭᠤᠯᠬᠤ ᠬᠡᠷᠡᠭᠲᠡᠶ᠂ ᠠᠵᠤ ᠠᠬᠤᠶᠢᠯᠠᠯ  ᠬᠥᠳᠡᠯᠮᠦᠷᠢ ᠦᠢᠯᠡᠴᠢᠯᠡᠭᠡ ᠲᠣᠮᠢᠯᠠᠬᠤ ᠠᠵᠢᠯᠲᠠᠨ ᠤ ᠡᠳᠦᠷ ᠲᠤᠲᠤᠮ ᠤᠨ ᠬᠠᠮᠢᠶᠠᠷᠤᠯᠲᠠ ᠪᠠ ᠰᠢᠯᠭᠠᠨ ᠬᠢᠨᠠᠬᠤ ᠶᠢ  ᠬᠠᠷᠢᠭᠤᠴᠠᠵᠤ᠂ ᠰᠢᠯᠭᠠᠨ ᠬᠢᠨᠠᠬᠤ ᠦᠶᠡᠯᠡᠯ ᠤᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠰᠢᠯᠭᠠᠨ ᠬᠢᠨᠠᠭᠰᠠᠨ  ᠦᠷ᠎ᠡ ᠳ᠋ᠦᠩ ᠢ ᠬᠥᠳᠡᠯᠮᠦᠷᠢ ᠦᠢᠯᠡᠴᠢᠯᠡᠭᠡ ᠲᠣᠮᠢᠯᠠᠬᠤ ᠪᠠᠶᠢᠭᠤᠯᠤᠮᠵᠢ ᠵᠢᠴᠢ ᠬᠥᠳᠡᠯᠮᠦᠷᠢ ᠦᠢᠯᠡᠴᠢᠯᠡᠭᠡ ᠲᠣᠮᠢᠯᠠᠬᠤ  ᠠᠵᠢᠯᠲᠠᠨ ᠳᠤ ᠮᠡᠳᠡᠭᠳᠡᠵᠦ᠂ ᠰᠢᠯᠭᠠᠨ ᠬᠢᠨᠠᠭᠰᠠᠨ ᠦᠷ᠎ᠡ ᠳ᠋ᠦᠩ ᠢ ᠴᠠᠯᠢᠩ ᠣᠯᠭᠤᠮᠵᠢ᠂ ᠠᠵᠢᠯ ᠤᠨ ᠪᠠᠶᠢᠷᠢ ᠶᠢᠨ  ᠲᠣᠬᠢᠷᠠᠭᠤᠯᠤᠯᠲᠠ ᠵᠢᠴᠢ ᠦᠷᠭᠦᠯᠵᠢᠯᠡᠨ ᠬᠡᠷᠡᠭᠯᠡᠬᠦ ᠵᠡᠷᠭᠡ ᠲᠠᠢ ᠬᠤᠯᠪᠣᠭᠳᠠᠭᠤᠯᠤᠨ᠎ᠠ᠃         ᠳᠠᠷᠠᠭ᠎ᠠ ᠠᠯᠬᠤᠮ ᠳᠤ᠂ ᠪᠤᠭᠤᠲᠤ ᠬᠤᠲᠠ ᠶᠢᠨ ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ  ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠪᠡᠯᠡ ᠭᠠᠷᠭᠠᠵᠤ ᠬᠢᠨᠠᠨ  ᠬᠠᠮᠢᠶᠠᠷᠬᠤ ᠠᠵᠤ ᠠᠬᠤᠶᠢᠯᠠᠯ ᠤᠨ ᠬᠥᠳᠡᠯᠮᠦᠷᠢ ᠦᠢᠯᠡᠴᠢᠯᠡᠭᠡ ᠲᠣᠮᠢᠯᠠᠬᠤ ᠬᠥᠮᠦᠰ ᠢ ᠬᠢᠨᠠᠨ ᠬᠠᠮᠢᠶᠠᠷᠴᠤ᠂ ᠠᠵᠤ  ᠠᠬᠤᠶᠢᠯᠠᠯ ᠤᠨ ᠠᠵᠢᠯᠴᠢᠨ ᠬᠡᠷᠡᠭᠯᠡᠬᠦ ᠡᠮᠬᠢ ᠵᠢᠷᠤᠮ ᠪᠠᠶᠢᠭᠤᠯᠬᠤ ᠶᠢ ᠠᠬᠢᠭᠤᠯᠵᠤ᠂ ᠡᠶ᠎ᠡ ᠵᠣᠬᠢᠴᠠᠯ ᠲᠠᠢ  ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠤᠨ᠎ᠠ᠃ 
 
ᠢᠷᠡᠯᠲᠡ᠄ ᠬᠤᠲᠠ ᠶᠢᠨ ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号